ᠠᠯᠠᠱᠠ ᠠᠶᠢᠮᠠᠭ 2021 ᠣᠨ ᠤ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ ᠤᠷᠢᠨ ᠣᠷᠣᠭᠤᠯᠬᠤ ᠠᠵᠢᠯ ᠢᠶᠠᠨ ᠡᠬᠢᠯᠡᠬᠦᠯᠦᠯ᠎ᠠ
ᠨᠡᠶᠢᠲᠡᠯᠡᠭᠰᠡᠨ ᠴᠠᠭ᠄
2021/10/20
      ᠣᠶᠢᠷ᠎ᠠ ᠳᠤ᠂ ᠮᠠᠨ ᠤ ᠠᠶᠢᠮᠠᠭ 2021 ᠣᠨ ᠤ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ ᠤᠷᠢᠨ ᠣᠷᠣᠭᠤᠯᠬᠤ ᠠᠵᠢᠯ ᠢᠶᠠᠨ ᠡᠬᠢᠯᠡᠬᠦᠯᠵᠠᠢ᠃ ᠲᠣᠰ ᠤᠳᠠᠭᠠᠨ ᠤ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ ᠤᠷᠢᠬᠤ ᠠᠵᠢᠯ ᠪᠣᠯ ᠮᠠᠨ ᠤ ᠠᠶᠢᠮᠠᠭ ᠤᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ᠂ ᠴᠢᠳᠠᠪᠤᠷᠢᠲᠠᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠥᠷᠭᠡᠳᠬᠡᠬᠦ᠂ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃       ᠲᠣᠰ ᠤᠳᠠᠭ᠎ᠠ᠂ 119 ᠨᠡᠷᠡᠰ ᠠᠯᠠᠱᠠ ᠨᠤᠲᠤᠭ ᠲᠠᠢ ᠪᠦᠬᠦᠯᠢ ᠡᠳᠦᠷ ᠤᠨ ᠳᠦᠷᠢᠮᠲᠦ ᠠᠰᠫᠢᠷᠠᠨᠲ ᠵᠢᠴᠢ ᠲᠡᠭᠦᠨ ᠠᠴᠠ ᠳᠡᠭᠡᠭᠰᠢᠬᠢ ᠴᠢᠳᠠᠪᠤᠷᠢᠲᠠᠨ ᠢ ᠤᠷᠢᠵᠦ᠂ ᠮᠠᠨ ᠤ ᠠᠶᠢᠮᠠᠭ ᠤᠨ ᠠᠵᠢᠯ ᠦᠶᠯᠡᠰ ᠤᠨ ᠨᠢᠬᠡᠴᠡ ᠳᠤ ᠠᠵᠢᠯᠯᠠᠭᠤᠯᠬᠤ ᠪᠠᠷ ᠲᠥᠯᠥᠪᠯᠡᠵᠦ ᠪᠣᠶ᠃ ᠡᠭᠦᠨ ᠳᠤ᠂ ᠠᠶᠢᠮᠠᠭ ᠤᠨ ᠲᠣᠰ ᠱᠠᠲᠤᠨ ᠤ 57 ᠬᠥᠮᠦᠨ᠂ ᠬᠤᠰᠢᠭᠤ ᠨᠡᠭᠡᠭᠡᠯᠳᠡ ᠶᠢᠨ ᠤᠷᠤᠨ ᠤ 62 ᠬᠥᠮᠦᠨ ᠪᠠᠭᠳᠠᠵᠦ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠭᠯᠠᠯᠲᠠ ᠵᠡᠷᠭᠡ ᠬᠦᠷᠢᠶᠡᠨ ᠳᠤ ᠬᠤᠯᠪᠣᠭᠳᠠᠨ᠂ ᠨᠡᠷ᠎ᠡ ᠮᠡᠳᠡᠭᠦᠯᠬᠦ ᠠᠵᠢᠯ 10 ᠰᠠᠷ᠎ᠠ ᠶᠢᠨ 18 — 21 ᠤ ᠡᠳᠦᠷ ᠪᠣᠯᠲᠠᠯ᠎ᠠ ᠶᠠᠪᠤᠭᠳᠠᠨ᠎ᠠ᠃ ᠪᠤᠳᠠᠳᠡᠢ ᠶᠠᠪᠤᠴᠠ ᠨᠢ ᠪᠢᠷ ᠤᠨ ᠰᠢᠯᠭᠠᠯᠲᠠ᠂ ᠨᠢᠭᠤᠷᠲᠠᠨ ᠰᠢᠯᠭᠠᠯᠲᠠ᠂ ᠲᠣᠬᠢᠷᠠᠭᠤᠯᠤᠯᠲᠠ᠂ ᠪᠡᠶ᠎ᠡ ᠶᠢᠨ ᠪᠠᠶᠢᠴᠠᠭᠠᠯᠲᠠ ᠵᠡᠷᠭᠡ ᠪᠠᠭᠲᠠᠵᠦ᠂ ᠶᠡᠷᠦᠩᠬᠡᠶᠢᠯᠡᠭᠰᠡᠨ ᠲᠥᠷᠥᠯ᠂ ᠲᠤᠰᠬᠠᠶ ᠮᠡᠷᠭᠡᠵᠢᠯ ᠤᠨ ᠲᠥᠷᠥᠯ᠂ ᠰᠤᠷᠭᠠᠨ ᠬᠥᠮᠦᠵᠢᠯ ᠤᠨ ᠲᠥᠷᠥᠯ᠂ ᠠᠨᠠᠭᠠᠬᠤ ᠤᠬᠠᠭᠠᠨ ᠤ ᠲᠥᠷᠥᠯ ᠵᠡᠷᠭᠡ 4 ᠠᠵᠢᠯ ᠤᠨ ᠪᠠᠶᠢᠷᠢ ᠶᠢᠨ ᠲᠥᠷᠥᠯ ᠢᠯᠭᠠᠯ ᠢᠶᠠᠷ ᠬᠡᠷᠡᠭᠵᠢᠭᠦᠯᠵᠦ᠂ ᠬᠥᠮᠦᠨ ᠬᠡᠷᠡᠭᠯᠡᠬᠦ ᠨᠢᠬᠡᠴᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠪᠤᠯᠤᠨ᠎ᠠ᠃       ᠣᠶᠢᠷ᠎ᠠ ᠶᠢᠨ ᠵᠢᠯ ᠠᠴᠠ ᠨᠠᠰᠢ᠂ ᠮᠠᠨ ᠤ ᠠᠶᠢᠮᠠᠭ ᠲᠤᠰᠬᠠᠶ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠥᠬᠡᠶ ᠨᠡᠪᠲᠡᠷᠡᠬᠦ ᠵᠠᠮ︾ ᠪᠠ ᠳ᠋ᠣᠺᠲ᠋ᠣᠷᠠᠨᠲ ᠠᠰᠫᠢᠷᠠᠨᠲ ᠤᠨ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠲᠦᠷᠭᠡᠨ ᠨᠡᠪᠲᠡᠷᠡᠬᠦ ᠵᠠᠮ︾ ᠢ ᠰᠢᠯᠤᠭᠤᠳᠬᠠᠵᠤ᠂ ᠤᠷᠢᠳ ᠬᠤᠵᠢᠳ ᠪᠦᠬᠦᠯᠢ ᠡᠳᠦᠷ ᠤᠨ ᠳᠦᠷᠢᠮᠲᠦ ᠠᠰᠫᠢᠷᠠᠨᠲ ᠵᠢᠴᠢ ᠲᠡᠭᠦᠨ ᠠᠴᠠ ᠳᠡᠭᠡᠭᠰᠢᠬᠢ ᠥᠨᠳᠥᠷ ᠰᠤᠷᠤᠯᠭ᠎ᠠ ᠶᠢᠨ ᠨᠠᠮᠲᠠᠷ ᠲᠠᠢ 521 ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠬᠢᠯᠢ ᠬᠢᠵᠠᠭᠠᠷ ᠣᠷᠣᠨ ᠤ ︽ᠬᠥᠮᠦᠨ ᠡᠯᠰᠡᠬᠦ ᠳᠤ ᠬᠦᠴᠢᠷ᠂ ᠬᠥᠮᠦᠨ ᠦᠯᠡᠳᠡᠭᠡᠬᠦ ᠳᠤ ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号