ᠠᠯᠠᠱᠠ ᠠᠶᠢᠮᠠᠭ ᠤᠨ ᠭᠤᠣᠯᠳᠠᠯᠭᠠᠲᠦ ᠪᠦᠲᠦᠭᠡᠨ ᠪᠠᠶᠢᠭᠤᠯᠤᠯᠲᠠ ᠤᠷᠤᠭᠰᠢᠳᠡᠢ ᠶᠠᠪᠤᠭᠳᠠᠵᠦ ᠪᠠᠶᠢᠨ᠎ᠠ
ᠨᠡᠶᠢᠲᠡᠯᠡᠭᠰᠡᠨ ᠴᠠᠭ᠄
2021/10/20
     2021 ᠣᠨ ᠳᠤ᠂ ᠮᠠᠨ ᠤ ᠠᠶᠢᠮᠠᠭ 195 ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠲᠠᠢ 100 ᠲᠦᠷᠦᠯ ᠤᠨ ᠭᠤᠤᠯᠳᠠᠯᠭᠠᠲᠦ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠲᠥᠰᠦᠪᠯᠡᠨ᠂ 9 ᠰᠠᠷ᠎ᠠ ᠶᠢᠨ ᠡᠴᠦᠰ ᠪᠣᠯᠲᠠᠯ᠎ᠠ᠂ 95 ᠲᠦᠷᠦᠯ ᠵᠦᠢᠯ ᠠᠵᠢᠯ ᠢᠶᠠᠨ ᠡᠬᠢᠯᠡᠬᠦᠯᠦᠭᠰᠡᠨ ᠪᠤᠶᠤ ᠰᠡᠷᠭᠦᠭᠡᠵᠦ᠂ 2020 ᠣᠨ ᠤ ᠠᠳᠠᠯᠢ ᠬᠤᠭᠤᠴᠠᠭ᠎ᠠ ᠠᠴᠠ 9.5 ᠵᠠᠭᠤᠨ ᠤ ᠬᠠᠷᠢᠴᠠᠯ ᠴᠡᠭ ᠳᠡᠭᠡᠭᠰᠢᠯᠡᠪᠡ︔ 106.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2020 ᠣᠨ ᠤ ᠠᠳᠠᠯᠢ ᠬᠤᠭᠤᠴᠠᠭ᠎ᠠ ᠠᠴᠠ 9.5 ᠳ᠋ᠦᠩᠰᠢᠭᠤᠷ ᠲᠥᠭᠦᠷᠢᠭ ᠨᠡᠮᠡᠭᠳᠡᠨ᠂ ᠠᠬᠢᠴᠠ ᠨᠢ 2020 ᠣᠨ ᠤ ᠠᠳᠠᠯᠢ ᠬᠤᠭᠤᠴᠠᠭ᠎ᠠ ᠠᠴᠠ 3.6 ᠵᠠᠭᠤᠨ ᠤ ᠬᠠᠷᠢᠴᠠᠯ ᠴᠡᠭ ᠳᠡᠭᠡᠭᠰᠢᠯᠡᠪᠡ᠃      ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠬᠤᠲᠠ ᠶᠢᠨ ᠪᠤᠬᠢᠷ ᠤᠰᠤ ᠶᠢ ᠲᠠᠭᠢᠨ ᠠᠰᠢᠭᠯᠠᠵᠦ ᠲᠣᠬᠢᠷᠠᠭᠤᠯᠤᠨ ᠬᠠᠳᠠᠭᠠᠯᠠᠬᠤ ᠵᠢᠴᠢ ᠪᠣᠬᠢᠷ ᠤᠰᠤᠨ ᠤ ᠪᠠᠴᠢᠮ ᠢ ᠠᠷᠭᠠᠴᠠᠭᠠᠬᠤ ᠴᠥᠭᠦᠷᠥᠮ ᠤᠨ ᠢᠨᠵᠧᠨᠧᠷᠢᠩ ᠨᠢ ᠪᠦᠬᠦ ᠠᠶᠢᠮᠠᠭ ᠤᠨ ᠭᠤᠣᠯᠳᠠᠯᠭᠠᠲᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠭᠰᠠᠨ ᠤ ᠬᠤᠪᠢ ᠳᠤ᠂ 200 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠪᠤᠬᠢᠷ ᠤᠰᠤ ᠶᠢ ᠲᠤᠬᠢᠷᠠᠭᠤᠯᠤᠨ ᠬᠠᠳᠠᠭᠠᠯᠠᠬᠤ ᠴᠥᠭᠦᠷᠥᠮ ᠤᠨ ᠨᠢᠬᠡ ᠬᠤᠶᠠᠳᠤᠭᠠᠷ ᠳᠠᠷᠤᠯᠲᠠ ᠨᠡᠮᠡᠬᠦ ᠥᠷᠲᠡᠭᠡ ᠪᠤᠯᠤᠨ ᠪᠤᠰᠤᠳ ᠲᠦᠷᠦᠯ ᠤᠨ ᠲᠠᠭᠠᠯᠳᠠ ᠢᠨᠵᠧᠨᠧᠷᠢᠩ ᠢ ᠰᠢᠨ᠎ᠠ ᠪᠠᠷ ᠪᠠᠶᠢᠭᠤᠯᠤᠨ᠂ ᠶᠡᠷᠦᠩᠬᠡᠢ ᠪᠡᠯᠡ ᠣᠷᠣᠭᠤᠯᠤᠯᠲᠠ ᠨᠢ 11470 ᠲᠦᠮᠡᠨ ᠲᠥᠭᠦᠷᠢᠭ ᠲᠤ ᠬᠦᠷᠴᠦ᠂ ᠲᠤᠰ ᠵᠢᠯ ᠳᠡᠭᠡᠨ 3682 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠨ᠂ 9 ᠰᠠᠷ᠎ᠠ ᠶᠢᠨ ᠰᠡᠭᠦᠯᠴᠢ ᠪᠣᠯᠲᠠᠯ᠎ᠠ ᠨᠢᠭᠡᠨᠲᠡ 3682 ᠲᠦᠮᠡᠨ ᠲᠥᠭᠦᠷᠢᠭ ᠤᠨ ᠪᠡᠯᠡ ᠣᠷᠣᠭᠤᠯᠵᠠᠢ᠃ ᠲᠥᠷᠥᠯ ᠵᠦᠢᠯ ᠠᠰᠢᠭᠯᠠᠯᠳᠠ ᠳᠤ ᠤᠷᠤᠭᠰᠠᠨ ᠤ ᠳᠠᠷᠠᠭ᠎ᠠ ᠪᠤᠬᠢᠷ ᠤᠰᠤ ᠶᠢ ᠡᠪᠦᠯ ᠬᠠᠳᠠᠭᠠᠯᠠᠵᠤ ᠵᠣᠨ ᠬᠡᠷᠡᠭᠯᠡᠬᠦ ᠪᠠ ᠪᠣᠬᠢᠷ ᠤᠰᠤ ᠶᠢ ᠲᠦᠷ ᠴᠠᠭ ᠬᠠᠳᠠᠭᠠᠯᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠦᠲᠦᠮᠵᠢᠲᠡᠶ ᠪᠠᠭᠤᠷᠠᠭᠤᠯᠬᠤ ᠪᠠ ᠣᠷᠴᠢᠨ ᠲᠣᠭᠤᠷᠢᠨ ᠤ ᠭᠡᠨᠡᠳᠲᠡ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠬᠦᠯᠬᠦ ᠪᠤᠯᠤᠨ᠎ᠠ᠃      ᠪᠦᠬᠦ ᠠᠶᠢᠮᠠᠭ ᠤᠨ ᠭᠤᠤᠯᠳᠠᠯᠭᠠᠲᠦ ᠲᠦᠷᠦᠯ ᠵᠦᠢᠯ ᠤᠨ ᠤᠷᠤᠭᠰᠢᠳᠡᠢ ᠶᠠᠪᠤᠭᠳᠠᠵᠦ᠂ ᠲᠤᠭᠳᠠᠭᠰᠠᠨ ᠬᠤᠭᠤᠴᠠᠭᠠᠨ ᠳᠠᠭᠠᠨ ᠠᠰᠢᠭᠯᠠᠯᠳᠠ ᠳᠤ ᠤᠷᠤᠬᠤ ᠶᠢ ᠪᠠᠳᠤᠯᠠᠬᠤ ᠶᠢᠨ ᠲᠤᠰᠠᠳᠠ᠂ ᠮᠠᠨ ᠤ ᠠᠶᠢᠮᠠᠭ ᠠᠶᠢᠮᠠᠭ ᠤᠨ ᠱᠠᠲᠤᠨ ᠤ ᠭᠤᠤᠯᠳᠠᠯᠭᠠᠲᠦ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠨ ᠬᠠᠷᠢᠯᠴᠠᠬᠤ ᠠᠵᠢᠯ ᠤᠨ ᠲᠦᠷᠢᠮ ᠳᠤ ᠵᠠᠰᠠᠪᠤᠷᠢ ᠣᠷᠣᠭᠤᠯᠤᠨ᠂ ᠠᠶᠢᠮᠠᠭ ᠤᠨ ᠱᠠᠲᠤᠨ ᠤ ᠭᠤᠤᠯᠳᠠᠯᠭᠠᠲᠦ ᠲᠥᠷᠥᠯ ᠵᠦᠢᠯ ᠤᠨ ᠭᠤᠷᠪᠠᠨ ᠱᠠᠲᠤᠨ ᠤ ᠳᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠲᠦᠷᠢᠮ ᠢ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠦᠭᠵᠢᠷᠡᠯ ᠲᠠᠢ ᠠᠰᠠᠭᠤᠳᠠᠯ ᠬᠦᠴᠢᠷ ᠠᠰᠠᠭᠤᠳᠠᠯ ᠢ ᠵᠣᠬᠢᠴᠠᠭᠤᠯᠤᠨ ᠰᠢᠳᠪᠦᠷᠢᠯᠡᠪᠡ᠃ ᠲᠥᠷᠥᠯ ᠵᠦᠢᠯ ᠤᠨ     ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ᠂ ᠭᠠᠷᠳᠠᠮ ᠭᠦᠢᠴᠡᠳᠬᠡᠬᠦ ᠶᠠᠪᠤᠴᠠ ᠶᠢ ᠲᠦᠬᠦᠮᠴᠢᠯᠠᠨ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠵᠠᠢ᠃ ᠭᠤᠤᠯᠳᠠᠯᠭᠠᠲᠦ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢᠨ ᠠᠬᠢᠴᠠ ᠶᠢ ᠮᠥᠷᠳᠡᠬᠦ᠂ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠬᠤ᠂ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠪᠠᠷ ᠳᠠᠮᠵᠢᠭᠤᠯᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠣᠷᠣᠰᠢᠵᠤ ᠪᠠᠶᠢᠭ᠎ᠠ ᠠᠰᠠᠭᠤᠳᠠᠯ ᠪᠠ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠶᠢ ᠴᠠᠭ ᠲᠤᠬᠠᠢ ᠳᠤᠨᠢ ᠲᠤᠷᠠᠳᠴᠠᠢ᠃ ᠭᠤᠤᠯᠳᠠᠯᠭᠠᠲᠦ ᠲᠥᠷᠥᠯ ᠵᠦᠢᠯ ᠤᠨ ᠡᠷᠲᠡᠬᠡᠨ ᠠᠵᠢᠯ ᠡᠬᠢᠯᠡᠬᠦᠯᠬᠦ ᠶᠢ ᠠᠬᠢᠭᠤᠯᠵᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠭᠳᠠᠮᠠᠯ ᠬᠤᠭᠤᠴᠠᠭ᠎ᠠ ᠲᠠᠢ ᠪᠠᠷ ᠲᠡᠬᠡᠭᠰᠢ ᠮᠡᠳᠡᠬᠦᠯᠬᠦ ᠲᠦᠷᠢᠮ ᠢ ᠨᠠᠶᠢᠳᠠᠪᠤᠷᠢᠵᠢᠭᠤᠯᠤᠨ᠂ ᠲᠠᠷᠠᠭ᠎ᠠ ᠠᠯᠬᠤᠮ ᠤᠨ ᠠᠵᠢᠯ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠵᠠᠢ᠃ ᠡᠬᠦᠨ ᠠᠴᠠ ᠭᠠᠳᠠᠨ᠎ᠠ ᠮᠠᠨ ᠤ ᠠᠶᠢᠮᠠᠭ ᠪᠠᠰᠠ ᠭᠤᠤᠯᠳᠠᠯᠭᠠᠲᠦ ᠲᠥᠷᠥᠯ ᠵᠦᠢᠯ ᠢ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠠᠵᠢᠯ ᠡᠬᠢᠯᠡᠭᠦᠯᠦᠭᠡᠳᠦᠶ ᠲᠥᠷᠥᠯ ᠵᠦᠢᠯ ᠢ ᠲᠤᠰᠬᠠᠶ ᠰᠡᠳᠦᠪ ᠢᠶᠠᠷ ᠠᠬᠢᠭᠤᠯᠤᠨ᠂ ᠲᠠᠩᠰᠠ ᠡᠪᠬᠡᠮᠡᠯ ᠢ ᠴᠠᠭ ᠲᠤᠬᠠᠶ ᠳᠤᠨᠢ ᠨᠡᠶᠢᠲᠡᠯᠡᠵᠦ᠂ ᠭᠤᠤᠯᠳᠠᠯᠭᠠᠲᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠴᠢᠨᠡᠷ ᠰᠠᠶᠢᠳᠠᠢ ᠶᠠᠪᠤᠭᠳᠠᠬᠤ ᠶᠢ ᠪᠠᠳᠤᠯᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号