ᠪᠠᠶᠠᠨᠬᠤᠲᠠ ᠶᠢᠨ ᠡᠯ᠎ᠡ ᠬᠤᠳᠠᠯᠳᠤᠭ᠎ᠠ ᠲᠡᠯᠭᠡᠬᠦᠷ ᠤᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠠᠬᠢᠨᠲᠠ ᠳᠡᠰ ᠳᠡᠪᠰᠢᠪᠡ
ᠨᠡᠶᠢᠲᠡᠯᠡᠭᠰᠡᠨ ᠴᠠᠭ᠄
2021/10/21
      10 ᠰᠠᠷ᠎ᠠ ᠶᠢᠨ 19 ᠤ ᠡᠳᠦᠷ᠂ ᠰᠤᠷᠪᠤᠯᠵᠢᠯᠠᠭᠴᠢ ᠪᠠᠶᠠᠨᠬᠤᠲᠠ ᠶᠢᠨ ᠡᠯ᠎ᠡ ᠲᠣᠮᠣ ᠬᠤᠳᠠᠯᠳᠤᠭ᠎ᠠ ᠳᠡᠯᠭᠡᠭᠦᠷ ᠲᠤ ᠬᠦᠷᠴᠦ᠂ ᠡᠯ᠎ᠡ ᠬᠤᠳᠠᠯᠳᠤᠭ᠎ᠠ ᠳᠡᠯᠭᠡᠭᠦᠷ ᠤᠨ ᠬᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠭᠳᠡᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠡᠶ᠎ᠡ ᠶᠢᠨ ᠳᠣᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠰᠠᠶᠢᠳᠤᠷ ᠴᠣᠭᠴᠠᠯᠠᠵᠦ ᠪᠠᠶᠢᠭ᠎ᠠ ᠶᠢ ᠣᠯᠵᠤ ᠬᠠᠷᠠᠯ᠎ᠠ᠃        ᠪᠠᠶᠠᠨᠬᠤᠲᠠ ᠶᠢᠨ ᠸᠠᠨ ᠰᠢᠶᠠᠩ ᠴᠧᠩ ᠤᠨ ᠰᠢᠨ ᠯᠢᠶᠡᠨ ᠰᠢᠨ ᠴᠢᠯᠦᠭᠡᠳᠦ ᠳᠡᠯᠭᠡᠭᠦᠷ ᠤᠨ ᠣᠷᠣᠬᠤ ᠡᠭᠦᠳᠡᠨ ᠳᠤ ᠪᠡᠶ᠎ᠡ ᠶᠢᠨ ᠳᠣᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠰᠢᠯᠭᠠᠨ ᠪᠠᠲᠤᠯᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ ᠪᠠᠶᠢᠪᠠ᠃ ᠴᠢᠯᠦᠭᠡᠳᠦ ᠳᠡᠯᠭᠡᠭᠦᠷ ᠤᠨ ᠠᠮᠤ ᠪᠤᠳᠠᠭ᠎ᠠ᠂ ᠭᠤᠯᠢᠷ᠂ ᠲᠣᠰᠣ᠂ ᠭᠤᠸᠠ ᠵᠢᠮᠢᠰ᠂ ᠢᠳᠡᠰᠢᠨ ᠨᠣᠭᠤᠭ᠎ᠠ ᠵᠡᠷᠭᠡ ᠪᠠᠷᠠᠭ᠎ᠠ ᠲᠠᠸᠠᠷ ᠪᠦᠷᠢᠨ᠂ ᠨᠥᠭᠡᠴᠡ ᠭᠦᠢᠴᠡᠳ ᠪᠠᠶᠢᠵᠤ᠂ ᠠᠵᠢᠯᠲᠠᠳ ᠠᠮᠠᠪᠴᠢ᠂ ᠪᠡᠭᠡᠯᠡᠶ ᠵᠡᠷᠭᠡ ᠬᠠᠮᠠᠭᠠᠯᠠᠯᠲᠠ ᠶᠢᠨ ᠬᠡᠷᠡᠭᠰᠡᠯ ᠢᠶᠠᠨ ᠳᠦᠷᠢᠮᠵᠢᠯ ᠲᠠᠢ ᠵᠡᠭᠦᠭᠰᠡᠨ ᠪᠠᠶᠢᠪᠠ᠃       ᠰᠠᠭᠤᠭᠠᠯᠢ ᠠᠷᠠᠳ ᠮᠠ ᠢᠦᠢ ᠬᠤᠩ ᠰᠤᠷᠪᠤᠯᠵᠢᠯᠠᠭᠴᠢ ᠳᠤ᠂ ᠲᠡᠭᠦᠨ ᠤ ᠭᠡᠷ ᠨᠢ ᠠᠳᠡ ᠠᠴᠠ ᠣᠶᠢᠷᠠᠯᠴᠠᠭ᠎ᠠ᠂ ᠥᠷᠯᠥᠭᠡ ᠪᠦᠷᠢ ᠪᠣᠯᠪᠠᠰᠤᠷᠠᠵᠤ ᠪᠠᠷᠠᠮᠠᠭᠴᠠ ᠲᠦᠩ ᠵᠧᠦ ᠢ ᠮᠢᠨ ᠥᠷᠯᠥᠭᠡ ᠶᠢᠨ ᠵᠠᠬ᠎ᠠ ᠳᠡᠯᠭᠡᠭᠦᠷ ᠪᠣᠯᠤᠨ ᠰᠢᠨ ᠯᠢᠶᠠᠨ ᠰᠢᠨ ᠴᠢᠯᠦᠭᠡᠳᠦ ᠳᠡᠯᠭᠡᠭᠦᠷ ᠲᠤ ᠬᠦᠷᠴᠦ ᠨᠣᠭᠤᠭ᠎ᠠ ᠬᠤᠳᠠᠯᠳᠤᠨ ᠠᠪᠳᠠᠭ ᠭᠡᠨ᠎ᠠ᠃         ︽ᠣᠶᠢᠷ᠎ᠠ ᠳᠤ ᠬᠢᠵᠢᠭ ᠳᠠᠬᠢᠨ ᠳᠠᠪᠲᠠᠨ ᠡᠭᠦᠰᠴᠦ᠂ ᠬᠥᠮᠦᠨ ᠬᠠᠷ᠎ᠠ ᠬᠤᠷᠠᠨ ᠴᠤᠭᠯᠠᠷᠠᠬᠤ ᠭᠠᠵᠠᠷ ᠲᠤ ᠣᠴᠢᠬᠤ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠶ ᠪᠤᠯᠤᠭᠰᠠᠨ᠂ ᠬᠤᠪᠢ ᠬᠥᠮᠦᠨ ᠤ ᠰᠡᠷᠭᠡᠶᠢᠯᠡᠯᠲᠡ ᠶᠢ ᠤᠮᠳᠤᠭᠠᠢᠢᠯᠠᠵᠦ ᠪᠣᠯᠬᠤ ᠥᠬᠡᠶ︾ ᠭᠡᠵᠦ ᠲᠡᠷᠡ ᠬᠡᠯᠡᠨ᠎ᠠ᠃ ︽ᠬᠡᠷᠡᠭᠯᠡᠭᠴᠢᠳ ᠠᠮᠠᠪᠴᠢ ᠵᠡᠭᠦᠬᠦ᠂ ᠺᠣᠳ᠋ ᠰᠢᠷᠪᠢᠬᠦ᠂ ᠪᠡᠶ᠎ᠡ ᠶᠢᠨ ᠳᠣᠯᠠᠭᠠᠨ ᠢ ᠬᠡᠮᠵᠢᠬᠦ ᠪᠣᠯ ᠴᠥᠮ  ᠴᠢᠯᠦᠭᠡᠳᠦ ᠳᠡᠯᠭᠡᠭᠦᠷ ᠲᠤ ᠣᠷᠣᠬᠤ ᠳᠤ ᠡᠷᠬᠡᠪᠰᠢ ᠪᠦᠷᠢᠯᠳᠦᠭᠦᠯᠬᠦ ᠨᠥᠬᠦᠴᠡᠯ ᠪᠣᠯᠤᠨ᠎ᠠ᠃ ᠡᠭᠦᠨ ᠠᠴᠠ ᠭᠠᠳᠠᠨ᠎ᠠ᠂ ᠴᠢᠯᠦᠭᠡᠳᠦ ᠳᠡᠯᠭᠡᠭᠦᠷ ᠡᠳᠦᠷ ᠪᠦᠷᠢ ᠡᠳ᠋ ᠪᠣᠳᠠᠰ ᠬᠠᠳᠠᠭᠠᠯᠠᠬᠤ ᠬᠤᠷᠭᠤ᠂ ᠪᠠᠷᠠᠭ᠎ᠠ ᠬᠤᠳᠠᠯᠳᠤᠨ ᠠᠪᠬᠤ ᠲᠡᠷᠭᠡ ᠵᠡᠷᠭᠡ ᠵᠠᠩᠭᠢᠯᠠᠭ᠎ᠠ ᠶᠢᠨ ᠬᠡᠰᠡᠭ ᠢ ᠴᠠᠭ ᠲᠤᠬᠠᠶ ᠳᠤᠨᠢ ᠠᠷᠢᠭᠤᠳᠬᠠᠨ ᠴᠡᠪᠡᠷᠯᠡᠵᠦ᠂ ᠠᠵᠢᠯᠲᠠᠨ ᠢ ᠡᠳᠦᠷ ᠪᠦᠷᠢ ᠥᠷᠯᠥᠭᠡ ᠶᠢᠨ ᠪᠠᠶᠢᠴᠠᠭᠠᠯᠲᠠ᠂ ᠬᠢᠵᠢᠭ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠬᠢᠯᠭᠡᠬᠦ ᠬᠡᠷᠡᠭᠲᠡᠶ ᠭᠡᠵᠦ ᠱᠠᠭᠠᠷᠳᠠᠪᠠ︾ ᠭᠡᠵᠦ ᠴᠢᠯᠦᠭᠡᠳᠦ ᠳᠡᠯᠭᠡᠭᠦᠷ ᠤᠨ ᠳᠠᠭᠠᠭᠠᠮᠠᠯ ᠮᠠ ᠨᠠᠨ ᠨᠠᠨ ᠲᠠᠨᠢᠯᠴᠠᠭᠤᠯᠪᠠ᠃      ᠳᠠᠷᠠᠭ᠎ᠠ ᠨᠢ ᠰᠤᠷᠪᠤᠯᠵᠢᠯᠠᠭᠴᠢ ᠺᠠᠶ ᠶᠤᠸᠠᠨ ᠠᠶ ᠰᠢᠨ ᠴᠢᠯᠦᠭᠡᠳᠦ ᠳᠡᠯᠭᠡᠭᠦᠷ ᠤᠨ ᠵᠡᠬᠦᠨ ᠬᠤᠳᠠ ᠲᠤᠭᠤᠷᠢᠭ ᠤᠨ ᠳᠡᠯᠭᠡᠭᠦᠷ ᠲᠤ ᠬᠦᠷᠬᠦ ᠳᠤ ᠰᠠᠭᠤᠭᠠᠯᠢ ᠠᠷᠠᠳ ᠠᠮᠠᠪᠴᠢ ᠵᠡᠭᠦᠵᠦ ᠪᠡᠶ᠎ᠡ ᠶᠢᠨ ᠳᠣᠯᠠᠭᠠᠨ ᠢᠶᠠᠨ ᠬᠡᠮᠵᠢᠬᠦᠯᠬᠦ ᠶᠢᠨ ᠲᠠᠭᠠᠤ ᠬᠤᠪᠢ ᠬᠥᠮᠦᠨ ᠤ ᠠᠶᠠᠯᠠᠯ ᠤᠨ ᠨᠣᠮᠧᠷ ᠢᠶᠠᠨ ᠦᠵᠡᠭᠦᠯᠦᠭᠡᠳ ᠰᠠᠶ᠋ᠢ ᠴᠢᠯᠦᠭᠡᠳᠦ ᠳᠡᠯᠭᠡᠭᠦᠷ ᠲᠤ ᠣᠷᠣᠵᠤ ᠪᠠᠶᠢᠯ᠎ᠠ᠃ ᠪᠠᠷᠠᠭ᠎ᠠ ᠪᠠᠭᠤᠯᠭᠠᠬᠤ ᠲᠣᠭᠤᠷᠢᠭ ᠲᠤ ᠠᠵᠢᠯᠲᠠᠳ ᠰᠠᠶ᠋ᠢᠬᠠᠨ ᠨᠢᠩᠰᠢᠶᠠ ᠶᠢᠨ ᠢᠷᠭᠠᠢ ᠠᠴᠠ ᠢᠷᠡᠭᠰᠡᠨ ᠲᠡᠭᠡᠭᠡᠪᠦᠷᠢ ᠶᠢᠨ ᠲᠡᠷᠭᠡ ᠶᠢ ᠪᠥᠬᠦ ᠲᠠᠯ᠎ᠠ ᠪᠠᠷ ᠠᠷᠢᠭᠤᠳᠬᠠᠵᠤ ᠪᠠᠶᠢᠪᠠ᠃      ᠳᠡᠯᠭᠡᠭᠦᠷ ᠤᠨ ᠳᠠᠷᠤᠭ᠎ᠠ ᠮᠧᠶ ᠳ᠋ᠦᠩ ᠯᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠴᠢᠯᠦᠭᠡᠳᠦ ᠳᠡᠯᠭᠡᠭᠦᠷ ᠡᠳᠦᠷ ᠪᠦᠷᠢ ᠠᠷᠢᠭᠤᠳᠬᠠᠬᠤ ᠰᠢᠩᠭᠡᠨ ᠢᠶᠠᠷ ᠭᠠᠵᠠᠷ ᠵᠦᠯᠭᠦᠵᠦ᠂ ᠰᠫᠢᠷᠲ ᠢᠶᠠᠷ ᠯᠠᠩᠭᠦᠶ᠂ ᠪᠠᠷᠠᠭᠠᠨ ᠤ ᠲᠠᠯᠪᠢᠭᠤᠷ᠂ ᠲᠡᠮᠳᠡᠭ ᠫᠠᠶᠢᠰᠠ ᠶᠢ ᠵᠦᠯᠭᠦᠵᠦ᠂ ᠣᠷᠴᠢᠨ ᠲᠣᠭᠤᠷᠢᠨ ᠢ ᠪᠥᠬᠦ ᠲᠠᠯ᠎ᠠ ᠪᠠᠷ ᠠᠷᠢᠭᠤᠳᠬᠠᠬᠤ ᠪᠠ ᠪᠠᠺᠲ᠋ᠧᠷᠢ ᠠᠯᠠᠬᠤ ᠨᠢ ᠨᠢᠭᠡᠨᠲᠡ ᠬᠡᠪ ᠤᠨ ᠠᠵᠢᠯ ᠪᠤᠯᠤᠭᠰᠠᠨ᠃ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠺᠣᠳ᠋ ᠰᠢᠷᠪᠢᠬᠦ᠂ ᠪᠡᠶ᠎ᠡ ᠶᠢᠨ  ᠳᠣᠯᠠᠭᠠᠨ ᠢ ᠬᠡᠮᠵᠢᠬᠦ᠂ ᠨᠠᠷᠢᠨ ᠪᠠᠶᠢᠳᠠᠯ ᠢ ᠲᠡᠮᠳᠡᠭᠯᠡᠬᠦ᠂ ᠠᠮᠤᠷ ᠲᠦᠪᠰᠢᠨ ᠤ ᠵᠠᠶ ᠶᠢ ᠪᠠᠲᠤᠯᠠᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠡᠶᠡᠯᠡᠭᠦᠯᠬᠦ ᠶᠢᠨ ᠬᠠᠮᠲᠤ ᠠᠷᠢᠭᠤᠨ ᠴᠡᠪᠡᠷ ᠢ ᠠᠷᠢᠭᠤᠳᠬᠠᠬᠤ ᠡᠷᠴᠢᠮ ᠪᠠ ᠠᠷᠢᠭᠤᠨ ᠴᠡᠪᠡᠷ ᠢ ᠬᠠᠮᠠᠭᠠᠯᠠᠬᠤ ᠳᠠᠪᠲᠠᠮᠵᠢ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠴᠡᠪᠡᠷ ᠠᠮᠤᠷ ᠲᠦᠪᠰᠢᠨ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠬᠠᠩᠭᠠᠨ᠎ᠠ ᠭᠡᠵᠦ ᠪᠠᠶᠢᠪᠠ᠃      ᠰᠤᠷᠪᠤᠯᠵᠢᠯᠠᠭᠴᠢ ᠪᠠᠰᠠ ᠣᠶᠢᠯᠠᠭᠠᠭᠰᠠᠨ ᠢᠶᠠᠷ᠂ ᠪᠠᠶᠠᠨᠬᠤᠲᠠ ᠶᠢᠨ ᠡᠯ᠎ᠡ ᠬᠤᠳᠠᠯᠳᠤᠭᠠᠨ ᠤ ᠴᠢᠯᠦᠭᠡᠳᠦ ᠳᠡᠯᠭᠡᠭᠦᠷ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠬᠠᠮᠰᠠᠷ ᠠᠴᠠ ᠪᠠᠨ ᠰᠠᠶᠢᠲᠤᠷ ᠬᠢᠬᠦ ᠶᠢᠨ ᠬᠠᠮᠲᠤ ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠬᠢᠲᠤ ᠰᠠᠯᠠᠭ᠎ᠠ ᠮᠥᠴᠢᠷ ᠴᠦ ᠲᠣᠭᠲᠠᠮᠠᠯ ᠪᠤᠰᠤ ᠴᠠᠭ ᠲᠤ ᠡᠯ᠎ᠡ ᠲᠣᠮᠣ ᠴᠢᠯᠦᠭᠡᠳᠦ ᠳᠡᠯᠭᠡᠭᠦᠷ ᠲᠤ ᠪᠠᠶᠢᠩᠭᠤ ᠶᠢᠨ ᠪᠠᠶᠢᠴᠠᠭᠠᠯᠲᠠ ᠪᠠ ᠬᠢᠨᠠᠯᠲᠠ ᠲᠠᠯᠪᠢᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ ᠰᠤᠷᠪᠤᠯᠵᠢᠯᠠᠭᠴᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 10 ᠰᠠᠷ᠎ᠠ ᠶᠢᠨ 18 ᠤ ᠡᠳᠦᠷ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠪᠠᠨ ᠭᠤᠷᠪᠠᠳᠤᠭᠠᠷ ᠤᠳᠠᠭ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠦ᠂ ᠬᠠᠤᠯᠢ ᠬᠡᠷᠡᠭᠵᠢᠭᠦᠯᠬᠦ ᠠᠵᠢᠯᠲᠠᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢ ᠴᠢᠩᠭ᠎ᠠ ᠰᠢᠮᠳᠠᠭᠤᠯᠵᠤ ᠪᠠᠶᠢᠭᠠᠳ ︽ᠭᠤᠷᠪᠠᠨ ᠲᠤᠰᠬᠠᠶ︾ ︽ᠳᠥᠷᠪᠡᠨ ᠦᠨᠡᠮᠯᠡᠯ︾ ᠵᠢᠴᠢ ᠭᠠᠳᠠᠭᠠᠳᠤ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠮᠡᠳᠡᠭᠦᠯᠦᠨ ᠳᠠᠩᠰᠠᠯᠠᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ︽ᠨᠢᠭᠡ ᠪᠦᠯᠦᠭ ᠲᠤ ᠨᠢᠭᠡ ᠪᠠᠶᠢᠴᠠᠭᠠᠬᠤ᠂ ᠴᠠᠭ ᠲᠤᠬᠠᠶ ᠳᠤᠨᠢ ᠪᠠᠶᠢᠴᠠᠭᠠᠬᠤ᠂ ᠪᠠᠶᠢᠴᠠᠭᠠᠬᠤ ᠥᠬᠡᠶ ᠪᠣᠯ ᠬᠤᠳᠠᠯᠳᠤᠬᠤ ᠥᠬᠡᠶ︾ ᠲᠣᠭᠲᠠᠴᠠ ᠶᠢ ᠬᠡᠷᠡᠭᠵᠢᠭᠦᠯᠵᠦ᠂ ᠡᠵᠡᠩᠨᠡᠭᠴᠢ ᠶᠢ ᠵᠢᠯᠣᠭᠤᠳᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠵᠢᠯᠴᠠᠨ ︽ᠣᠯᠠᠨ ᠴᠡᠭ ᠲᠤ ᠬᠢᠨᠠᠨ ᠬᠡᠮᠵᠢᠬᠦ︾ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠵᠡᠢ᠃ ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠬᠢᠵᠢᠭ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠥᠷᠪᠡᠨ ᠲᠥᠷᠥᠯ ᠤᠨ ᠡᠮ ᠤᠨ ᠵᠦᠢᠯ ᠤᠨ ᠪᠣᠷᠣᠯᠠᠭᠤᠯᠭ᠎ᠠ ᠶᠢ ᠦᠨᠡᠨ ᠨᠡᠷ᠎ᠡ ᠪᠠᠷ ᠳᠠᠩᠰᠠᠯᠠᠬᠤ ᠲᠦᠷᠢᠮ ᠢ ᠴᠢᠩᠭᠠᠷᠠᠭᠤᠯᠤᠨ᠂ ᠬᠠᠯᠠᠭᠤᠷᠠᠵᠤ ᠪᠠᠶᠢᠭ᠎ᠠ ᠡᠪᠡᠳᠴᠢᠨ ᠤ ᠢᠯᠡᠷᠡᠯ ᠪᠥᠬᠦᠶ ᠡᠮ ᠬᠡᠷᠡᠭᠯᠡᠬᠦ ᠬᠥᠮᠦᠰ ᠢ ᠳᠡᠩᠰᠡᠯᠡᠵᠦ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠬᠢᠵᠦ᠂ ᠡᠮ ᠤᠨ ᠵᠦᠢᠯ ᠪᠠᠭᠠᠵᠢ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠥᠬᠡᠶ︾᠂ ︽ᠴᠤᠬᠤᠶᠢᠵᠤ ᠭᠠᠷᠪᠠᠯ ᠴᠣᠬᠢᠯᠲᠠ ᠥᠭᠬᠦ︾ ᠵᠠᠷᠴᠢᠮ ᠢ ᠪᠠᠷᠢᠮᠲᠠᠯᠠᠬᠤ ᠶᠢ ᠱᠠᠭᠠᠷᠳᠠᠵᠠᠢ᠃ ᠠᠮᠤ ᠪᠤᠳᠠᠭ᠎ᠠ᠂ ᠲᠣᠰᠣ᠂ ᠮᠢᠬ᠎ᠠ᠂ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠦᠨ᠎ᠡ ᠬᠠᠩᠰᠢ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠵᠠᠷ ᠮᠡᠳᠡᠭᠡ ᠶᠢ ᠬᠢᠨᠠᠨ ᠬᠡᠮᠵᠢᠬᠦ ᠡᠷᠴᠢᠮ ᠢᠶᠠᠨ ᠨᠡᠮᠡᠭᠳᠡᠭᠦᠯᠵᠦ᠂ ᠦᠨ᠎ᠡ ᠬᠠᠩᠰᠢ ᠶᠢ ᠥᠰᠬᠡᠬᠦ ᠳᠤ ᠴᠢᠩᠭ᠎ᠠ ᠴᠣᠬᠢᠯᠲᠠ ᠥᠭᠴᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠬᠤᠳᠠᠯ ᠬᠠᠭᠤᠷᠮᠠᠭ ᠤᠬᠠᠭᠤᠯᠭ᠎ᠠ᠂ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠤᠬᠢᠯᠳᠠ ᠦᠭᠬᠦ ᠡᠷᠴᠢᠮ ᠢ ᠴᠢᠩᠭᠠᠷᠠᠭᠤᠯᠵᠦ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号