ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠶ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/10/21
ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ᠄      10 ᠰᠠᠷ᠎ᠠ ᠶᠢᠨ 19 ᠤ ᠡᠳᠦᠷ᠂ ᠮᠠᠨ ᠤ ᠠᠶᠢᠮᠠᠭ ᠤᠨ ᠡᠵᠡᠨ᠎ᠡ ᠬᠤᠰᠢᠭᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢᠶᠠᠷ ᠣᠨᠣᠰᠢᠯᠠᠭᠳᠠᠭᠰᠠᠨ ᠡᠪᠡᠳᠴᠢᠲᠡᠨ ᠰᠢᠨ᠎ᠡ ᠪᠠᠷ 5 ᠨᠡᠮᠡᠭᠳᠡᠪᠡ᠃ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠥᠷᠭᠡᠨ ᠤᠯᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠤᠭ ᠢ ᠬᠢᠵᠢᠭ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠥᠨᠳᠥᠷ ᠮᠠᠨᠳᠤᠭᠤᠯᠬᠤ ᠶᠢᠨ ᠲᠥᠯᠥᠭᠡ ᠳᠣᠣᠷᠠᠬᠢ ᠮᠡᠲᠦ ᠰᠠᠨᠠᠭᠠᠴᠢᠯᠠᠶ᠎ᠠ᠃      ᠨᠢᠭᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠳᠡᠢ᠃      ᠠᠷᠠᠳ ᠲᠦᠮᠡᠨ ᠠᠯᠢᠪᠠ ᠠᠴᠠ ᠡᠷᠬᠢᠮ᠂ ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠠ ᠪᠠᠷᠢᠨ ᠭᠦᠢᠴᠡᠳᠬᠡᠬᠦ ᠪᠠᠴᠢᠮ ᠡᠭᠦᠷᠭᠡ ᠪᠠᠨ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠨ᠎ᠠ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠠᠵᠢᠯ  ᠤᠨ ᠪᠠᠶᠢᠷᠢ  ᠪᠠᠨ ᠪᠠᠲᠤ ᠰᠠᠬᠢᠵᠤ᠂ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠤᠨ᠂ ᠰᠠᠨᠠᠭᠠᠴᠢᠯᠠᠭ᠎ᠠ  ᠠᠴᠠ  ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠦ᠂ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ ᠠᠵᠢᠯ  ᠤᠨ ᠬᠠᠷᠢᠭᠤᠴᠠᠯᠭ᠎ᠠ  ᠪᠠᠨ ᠪᠠᠷᠢᠮᠲᠠᠯᠠᠨ ᠭᠦᠢᠴᠡᠳᠬᠡᠬᠦ ᠬᠡᠷᠡᠭᠲᠡᠢ᠃      ᠬᠤᠶᠠᠷ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃      ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠴᠢᠳᠠᠪᠤᠷᠢ ᠪᠣᠯᠤᠨ ᠵᠣᠬᠢᠶᠠᠨ ᠪᠠᠶᠢᠭᠤᠯᠬᠤ ᠬᠦᠴᠦᠨ ᠢᠶᠠᠨ ᠴᠢᠩᠭᠠᠳᠬᠠᠵᠤ᠂ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠢ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠬᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠲᠠᠢ ᠪᠥᠬᠦ ᠬᠦᠴᠦᠨ ᠢᠶᠠᠷ ᠬᠠᠮᠵᠢᠯᠴᠠᠬᠤ ᠬᠡᠷᠡᠭᠲᠡᠶ︔ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠤ ᠬᠢᠨ ᠲᠤᠤᠷᠵᠢᠭᠤᠯᠤᠭᠰᠠᠨ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠵᠢᠠᠠᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ︔ ᠵᠢᠵᠢᠭᠦᠷ ᠪᠠ ᠰᠡᠷᠬᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠢᠶᠠᠨ ᠪᠠᠳᠠᠷᠠᠭᠤᠯᠵᠤ ᠂ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ ᠬᠢᠵᠢᠭ ᠢ ᠰᠡᠷᠭᠡᠶᠢᠯᠡᠨ ᠡᠵᠡᠮᠳᠡᠬᠦ ᠲᠤᠤᠷ ᠢ ᠬᠠᠮᠲᠤ ᠪᠠᠷ ᠪᠠᠳᠤᠳᠬᠠᠬᠤ ᠬᠡᠷᠡᠭᠲᠡᠶ᠃      ᠭᠤᠷᠪᠠ᠂ ᠢᠳᠡᠪᠬᠢᠲᠡᠢ ᠪᠠᠷ ᠵᠢᠱᠢᠶ᠎ᠡ ᠦᠵᠡᠭᠦᠯᠦᠨ ᠳᠠᠶᠢᠴᠢᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃      ᠥᠷᠭᠡᠨ ᠣᠯᠠᠨ ᠨᠠᠮ ᠤᠨ ᠭᠡᠰᠢᠭᠦᠨ ᠢᠳᠡᠪᠬᠢᠲᠡᠶ ᠠᠵᠢᠯᠯᠠᠵᠤ᠂ ᠲᠦᠷᠦᠭᠦᠯᠡᠨ ᠵᠢᠱᠢᠶ᠎ᠡ ᠦᠵᠡᠭᠦᠯᠤᠨ᠂ ᠣᠯᠠᠨ ᠲᠦᠮᠡᠨ ᠤ ᠭᠠᠳᠠᠭᠰᠢ ᠭᠠᠷᠬᠤ ᠪᠠ ᠴᠤᠭᠯᠠᠷᠠᠯ ᠢ ᠪᠠᠭᠠᠰᠬᠠᠬᠤ ᠶᠢ ᠬᠥᠮᠦᠵᠢᠭᠦᠯᠦᠨ ᠵᠢᠯᠣᠭᠤᠳᠴᠤ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠠᠲᠤᠯᠠᠨ᠂ ᠭᠠᠳᠠᠭᠰᠢ ᠭᠠᠷᠬᠤ ᠳᠤ ᠠᠮᠠᠪᠴᠢ ᠵᠡᠭᠦᠬᠦ᠂ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ᠂ ᠬᠢᠵᠢᠭ ᠤᠨ ᠬᠠᠯᠳᠠᠪᠤᠷᠢᠯᠠᠬᠤ ᠵᠠᠮ ᠢ ᠪᠦᠲᠦᠮᠵᠢᠲᠡᠶ ᠲᠠᠰᠤᠯᠬᠤ ᠬᠡᠷᠡᠭᠲᠡᠶ︔ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠬᠢᠵᠢᠭ ᠢ ᠰᠢᠭᠰᠢᠨ ᠪᠠᠶᠢᠴᠠᠭᠠᠵᠤ ᠬᠢᠨᠠᠨ ᠬᠡᠮᠵᠢᠬᠦ ᠵᠡᠷᠭᠡ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠵᠦ᠂ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠨᠢᠭᠲᠠ ᠠᠩᠬᠠᠷᠴᠤ᠂ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ︔ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠴᠤᠤᠷᠬᠠᠯ ᠢ ᠢᠲᠡᠭᠡᠬᠦ ᠦᠭᠡᠶ ᠂ ᠴᠤᠤᠷᠬᠠᠯ ᠲᠠᠷᠬᠠᠭᠠᠬᠤ ᠦᠭᠡᠶ ᠪᠠᠶᠢᠬᠤ ᠶᠢ ᠪᠠᠳᠤᠯᠠᠵᠦ᠂ ᠨᠡᠶᠢᠭᠡᠮ ᠨᠡᠶᠢᠲᠡ ᠶᠢᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠶ᠃      ᠬᠢᠵᠢᠭ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠡᠭᠡ᠂ ᠡᠭᠦᠷᠭᠡ ᠬᠦᠨᠳᠦ ᠪᠠᠶᠢᠨ᠎ᠠ᠂ ᠪᠦᠬᠦ ᠠᠶᠢᠮᠠᠭ ᠤᠨ ᠡᠯ᠎ᠡ ᠱᠠᠲᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢᠳᠡᠪᠬᠢᠲᠡᠢ ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠨ᠂ ᠬᠦᠴᠢᠷ ᠢ ᠰᠦᠷᠦᠨ ᠤᠷᠤᠭᠰᠢᠯᠠᠵᠤ᠂ ᠴᠢᠷᠮᠠᠶᠢᠨ ᠠᠵᠢᠯᠯᠠᠵᠤ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠨ᠂ ︽ᠭᠠᠵᠠᠷ ᠪᠣᠯᠭᠠᠨ ᠳᠤ ᠲᠠᠶᠢᠨ ᠤ ᠲᠠᠯᠠᠪᠤᠷ᠂ ᠬᠥᠮᠦᠨ ᠪᠣᠯᠭᠠᠨ ᠪᠠᠶᠢᠯᠳᠤᠭᠴᠢ ᠪᠤᠯᠬᠤ︾ ᠪᠣᠳᠠᠲᠤ ᠠᠵᠢᠯᠯᠠᠭ᠎ᠠ ᠪᠠᠷ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠬᠡᠷᠡᠭᠲᠡᠢ᠃           ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                 2021 ᠣᠨ ᠤ 10 ᠰᠠᠷ᠎ᠠ ᠶᠢᠨ 19 ᠤ ᠡᠳᠦᠷ
 
ᠢᠷᠡᠯᠲᠡ᠄ ᠠᠯᠠᠱᠠ ᠶᠢᠨ ᠨᠠᠮ ᠤᠨ ᠪᠠᠶᠢᠭᠤᠯᠣᠯᠳᠠ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号