ᠯᠠᠭ ᠢᠶᠠᠨ ᠪᠢᠳᠡᠭᠡᠢ ᠲᠤᠷ᠎ᠠ ᠪᠠᠷ ᠬᠠᠶᠠᠭᠠᠷᠠᠢ
ᠨᠡᠶᠢᠲᠡᠯᠡᠭᠰᠡᠨ ᠴᠠᠭ᠄
2021/10/21
   ᠬᠤᠭ ᠤᠨ ᠰᠠᠪ᠊ ᠠ ᠨᠢ ᠬᠤᠲᠠ ᠶᠢᠨ ᠳᠦᠷᠢ ᠲᠥᠷᠬᠦ ᠶᠢᠨ ︽ᠦᠨᠡᠨᠴᠢ ᠬᠠᠮᠠᠭᠠᠯᠠᠭᠴᠢ︾ ᠪᠣᠯᠤᠭᠰᠠᠨ ᠤ ᠬᠤᠪᠢ ᠳᠤ ᠪᠢᠳᠡᠨ ᠤ ᠬᠤᠲᠠ ᠶᠢ ᠨᠠᠩ ᠴᠡᠪᠡᠷ ᠰᠠᠶᠢᠬᠠᠨ ᠪᠤᠯᠭᠠᠳᠠᠭ ᠶᠤᠮ᠃ ᠭᠡᠲᠡᠯ᠎ᠡ ᠵᠠᠷᠢᠮ ᠰᠠᠭᠤᠭᠠᠯᠢ ᠠᠷᠠᠳ ᠤᠨ ᠪᠤᠯᠪᠠᠰᠤᠨ ᠪᠤᠰᠤ ᠢᠯᠡᠷᠡᠯ ᠨᠢ ᠤᠤᠯ ᠤᠨ ᠰᠠᠶᠢᠨ ᠰᠠᠶᠢᠬᠠᠨ ᠤᠷᠴᠢᠨ ᠲᠤᠭᠤᠷᠢᠨ ᠢ ᠭᠤᠶᠤ ᠪᠢᠰᠢ ᠪᠣᠯᠭᠠᠵᠡᠢ᠃    ᠵᠠᠮ ᠳᠡᠭᠡᠷ᠎ᠡ ᠬᠤᠭ ᠤᠨ ᠰᠠᠪᠠ ᠳᠦᠭᠦᠷᠦᠭᠡ ᠦᠭᠡᠢ ᠪᠠᠶᠢᠲᠠᠯ᠎ᠠ ᠬᠠᠵᠠᠭᠤ ᠳᠤᠨᠢ ᠬᠤᠭ ᠨᠣᠪᠰᠢ ᠣᠪᠣᠭᠠᠯᠠᠵᠤ ᠪᠠᠶᠢᠳᠠᠭ ᠨᠢ ᠪᠦᠷ ᠨᠢᠭᠡ ᠪᠦᠯᠦᠭ ᠵᠠᠯᠬᠠᠭᠤ ᠬᠥᠮᠦᠰ ᠤᠨ ᠤᠷᠰᠢᠭ᠃ ᠬᠤᠭ ᠨᠣᠪᠰᠢ ᠶᠢ ᠬᠠᠶᠢᠷᠴᠠᠭ ᠲᠤ ᠬᠢᠬᠦ ᠨᠢ ᠭᠠᠷ ᠡᠷᠭᠦᠬᠦ ᠶᠢᠨ ᠲᠡᠳᠦᠢ᠂ ᠵᠠᠷᠢᠮ ᠬᠥᠮᠦᠨ ᠳᠥᠭᠦᠮ ᠳᠥᠲᠡ ᠶᠢ ᠪᠤᠳᠤᠵᠤ᠂ ᠤᠯᠠᠨ ᠠᠯᠬᠤᠮ ᠶᠠᠪᠤᠬᠤ ᠳᠤᠷ᠎ᠠ ᠦᠭᠡᠢ ᠪᠤᠯᠵᠤ᠂ ᠬᠤᠭ ᠢᠶᠠᠨ ᠲᠤᠷ᠎ᠠ ᠲᠠᠪᠠ ᠪᠠᠷ ᠢᠶᠠᠨ ᠬᠠᠶᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠵᠢᠯ ᠤᠨ ᠬᠡᠮᠵᠢᠶ᠎ᠡ ᠶᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠣᠷᠴᠢᠨ ᠲᠣᠭᠤᠷᠢᠨ ᠢ ᠪᠣᠬᠢᠷᠲᠤᠭᠤᠯᠳᠠᠭ᠃ ᠣᠶᠢᠷ᠎ᠠ ᠳᠤ ᠵᠠᠷᠢᠮ ᠰᠠᠭᠤᠭᠠᠯᠢ ᠠᠷᠠᠳ ᠤᠨ ᠲᠣᠭᠤᠷᠢᠭ ᠲᠤ ᠮᠥᠨ ᠬᠦ ᠰᠠᠭᠤᠭᠠᠯᠢ ᠠᠷᠠᠳ ᠳᠤᠷ᠎ᠠ ᠪᠠᠷ ᠢᠶᠠᠨ ᠬᠤᠭ ᠨᠣᠪᠰᠢ ᠬᠠᠶᠠᠵᠤ᠂ ᠡᠨᠡᠬᠦ ᠪᠣᠯᠪᠠᠰᠤᠨ ᠪᠤᠰᠤ ᠠᠵᠢᠯᠯᠠᠭ᠎ᠠ ᠨᠢ ᠰᠠᠭᠤᠭᠠᠯᠢ ᠠᠷᠠᠳ ᠤᠨ ᠬᠢᠯᠢᠩ ᠬᠤᠷᠣᠰᠤᠯ ᠢ ᠳᠡᠭᠳᠡᠭᠡᠵᠦ ᠪᠠᠶᠢᠬᠤ ᠶᠢ ᠰᠤᠷᠪᠤᠯᠵᠢᠯᠠᠭᠴᠢ ᠣᠯᠵᠤ ᠮᠡᠳᠡᠯ᠎ᠡ᠃ ᠣᠶᠢᠯᠠᠭᠠᠭᠰᠠᠨ ᠢᠶᠠᠷ᠂ ᠨᠤᠷᠠᠭᠠᠵᠤ ᠨᠡᠭᠦᠯᠭᠡᠭᠰᠡᠨ ᠬᠤᠭᠤᠰᠣᠨ ᠭᠠᠵᠠᠷ᠂ ᠬᠤᠲᠠ ᠶᠢᠨ ᠴᠡᠴᠡᠷᠯᠢᠭ᠂ ᠵᠠᠮ ᠤᠨ ᠬᠠᠵᠠᠭᠤ ᠳᠤ ᠬᠤᠭ ᠤᠨ ᠰᠠᠪᠠ ᠲᠠᠯᠪᠢᠭᠠᠰᠤᠳᠠᠢ ᠪᠠᠶᠢᠭᠰᠠᠨ ᠴᠤ ᠬᠤᠭ ᠨᠣᠪᠰᠢ ᠬᠤᠭ ᠤᠨ ᠰᠠᠪᠠ ᠶᠢᠨ ᠭᠠᠳᠠᠨ᠎ᠠ ᠬᠠᠶᠠᠭᠳᠠᠬᠤ ᠦᠵᠡᠭᠳᠡᠯ ᠡᠬᠦᠰᠦᠭᠰᠡᠭᠡᠷ ᠪᠠᠶᠢᠨ᠎ᠠ᠃ ᠴᠢᠨᠠᠭᠰᠢᠯᠠᠪᠠᠯ ᠪᠠᠰᠠ ᠴᠣ᠋ ᠰᠢᠨ᠎ᠡ ᠬᠤᠭ ᠤᠨ ᠰᠠᠪᠠ ᠡᠪᠳᠡᠭᠳᠡᠭᠰᠡᠨ ᠦᠵᠡᠭᠳᠡᠯ ᠢᠯᠡᠷᠡᠵᠦ ᠪᠠᠶᠢᠨ᠎ᠠ᠃    ᠬᠤᠭ ᠨᠣᠪᠰᠢ ᠶᠢ ᠬᠠᠶᠢᠷᠴᠠᠭ ᠲᠤ ᠬᠢᠬᠦ ᠦᠭᠡᠢ᠂ ᠭᠠᠳᠠᠨ᠎ᠠ ᠨᠢ ᠬᠠᠶᠠᠬᠤ ᠨᠢ ᠬᠤᠪᠢ ᠬᠥᠮᠦᠨ ᠤ ᠪᠣᠯᠪᠠᠰᠤᠨ ᠪᠤᠰᠤ ᠬᠡᠪ ᠴᠢᠨᠠᠷ ᠤᠨ ᠢᠯᠡᠷᠡᠯ ᠪᠣᠯᠤᠨ᠎ᠠ᠃ ᠪᠢᠳᠡ ᠬᠤᠭ ᠨᠣᠪᠰᠢ ᠶᠢᠨ ᠰᠠᠪᠠ ᠶᠢᠨ ᠪᠦᠷᠢᠨ ᠪᠦᠲᠦᠨ ᠪᠠᠶᠢᠬᠤ ᠪᠠ ᠠᠷᠢᠭᠤᠨ ᠴᠡᠪᠡᠷ ᠪᠠᠶᠢᠬᠤ ᠶᠢ ᠤᠬᠠᠮᠰᠠᠷ ᠠᠴᠠ ᠪᠠᠨ ᠬᠠᠮᠠᠭᠠᠯᠠᠵᠤ᠂ ᠬᠡᠷ ᠪᠦᠯᠢ ᠪᠠᠨ ᠬᠠᠶᠢᠷᠠᠯᠠᠬᠤ ᠰᠢᠭ᠋ ᠢᠶᠠᠷ ᠤᠷᠴᠢᠨ ᠲᠣᠭᠤᠷᠢᠨ ᠢᠶᠠᠨ ᠬᠠᠮᠠᠭᠠᠯᠠᠪᠠᠯ ᠰᠠᠶ᠋ᠢ ᠴᠡᠪᠡᠷ ᠴᠡᠮᠴᠡᠭᠡᠷ ᠭᠡᠷ ᠣᠷᠣᠨ ᠲᠠᠢ ᠪᠤᠯᠵᠤ ᠴᠢᠳᠠᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号