ᠪᠠᠶᠠᠨᠬᠤᠳᠠ ᠶᠢᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠬᠠᠩᠭᠠᠯᠭ᠎ᠠ ᠬᠦᠢᠴᠡᠳ ᠪᠠᠶᠢᠨ᠎ᠠ
ᠨᠡᠶᠢᠲᠡᠯᠡᠭᠰᠡᠨ ᠴᠠᠭ᠄
2021/10/22
    ᠰᠤᠷᠪᠤᠯᠵᠢᠯᠠᠭᠴᠢ ᠠᠯᠠᠱᠠ ᠵᠡᠬᠦᠨ ᠬᠤᠰᠢᠭᠤᠨ ᠤ ᠠᠵᠦ ᠤᠶᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠤᠪᠴᠢᠶ᠎ᠠ ᠠᠴᠠ ᠤᠶᠢᠯᠠᠭᠠᠭᠰᠠᠨ ᠢᠶᠠᠷ ᠪᠠᠶᠠᠨᠬᠤᠳᠠ ᠪᠠᠯᠭᠠᠰᠤᠨ ᠤ ᠵᠠᠬ᠎ᠠ ᠲᠡᠯᠬᠡᠬᠦᠷ ᠤᠨ ᠢᠳᠡᠭᠡᠨ ᠤᠮᠳᠠᠭᠠᠨ᠂ ᠡᠳ᠋ ᠪᠤᠳᠠᠰ ᠤᠨ ᠬᠠᠩᠭᠠᠯᠭ᠎ᠠ ᠬᠦᠢᠴᠡᠳ ᠪᠠᠶᠢᠵᠦ᠂ ᠪᠠᠷᠠᠭᠠᠨ ᠤ ᠦᠨ᠎ᠡ ᠬᠠᠩᠰᠢ ᠴᠤ ᠲᠤᠭᠳᠠᠭᠤᠨ ᠢᠶᠠᠨ ᠪᠠᠳᠤᠯᠠᠵᠦ ᠪᠠᠶᠢᠨ᠎ᠠ᠃     10 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠪᠠᠶᠠᠨᠬᠤᠳᠠ ᠪᠠᠯᠭᠠᠰᠤᠨ ᠤ ᠸᠠᠨ ᠰᠢᠶᠠᠩ ᠴᠧᠩ ᠳᠠᠬᠢ ᠰᠢᠨ ᠯᠢᠶᠡᠨ ᠰᠢᠨ ᠬᠡᠳᠦ ᠲᠡᠯᠭᠡᠬᠦᠷ ᠲᠤ ᠬᠦᠷᠬᠦ ᠳᠤ ᠢᠳᠡᠭᠡᠨ ᠤᠮᠳᠠᠭᠠᠨ᠂ ᠡᠳᠦᠷ ᠲᠤᠳᠤᠮ ᠤᠨ ᠭᠡᠷᠡᠭᠯᠡᠭᠡᠨ ᠤ ᠲᠠᠯᠪᠢᠭᠤᠷ ᠲᠤ ᠡᠳ᠋ ᠪᠠᠷᠠᠭ᠎ᠠ ᠲᠦᠬᠦᠷᠡᠩ ᠦᠷᠦᠭᠳᠡᠵᠦ᠂ ᠡᠯ᠎ᠡ ᠲᠦᠷᠦᠯ ᠤᠨ ᠬᠦᠨᠡᠰᠦ ᠲᠤᠳᠤᠷᠭ᠎ᠠ᠂ ᠲᠤᠰᠤ᠂ ᠲᠦᠬᠦᠮ ᠬᠤᠭᠤᠯᠠ᠂ ᠮᠢᠬ᠎ᠠ᠂ ᠦᠨᠳᠡᠭᠡ ᠵᠡᠷᠭᠡ ᠲᠦᠷᠦᠯ ᠵᠦᠢᠯ ᠲᠠᠯᠪᠢᠭᠤᠷ ᠲᠦᠬᠦᠷᠡᠩ ᠬᠠᠷᠠᠭᠳᠠᠵᠦ ᠪᠠᠶᠢᠯ᠎ᠠ᠃ ᠲᠠᠯᠪᠢᠭᠤᠷ ᠪᠤᠯᠭᠠᠨ ᠲᠡᠭᠡᠷ᠎ᠡ ᠪᠤᠳᠠᠳᠠᠢ ᠦᠨ᠎ᠡ ᠬᠠᠳᠠᠵᠦ᠂ ᠬᠡᠷᠡᠭᠯᠡᠭᠴᠢᠳ ᠠᠮᠠᠪᠴᠢ ᠪᠠᠨ ᠵᠡᠬᠦᠬᠡᠳ ᠡᠮᠬᠢ ᠲᠢᠭᠯᠢᠮ ᠲᠠᠢ ᠪᠠᠷ ᠪᠠᠷᠠᠭ᠎ᠠ ᠪᠠᠨ ᠰᠤᠩᠭᠤᠨ ᠠᠪᠴᠠᠭᠠᠵᠦ ᠪᠠᠶᠢᠯ᠎ᠠ᠃     ᠠᠯᠠᠱᠠ ᠵᠡᠬᠦᠨ ᠬᠤᠰᠢᠭᠤᠨ ᠤ ᠠᠵᠦ ᠤᠶᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠤᠪᠴᠢᠶ᠎ᠠ ᠶᠢᠨ ᠪᠦᠷᠢᠳᠭᠡᠭᠰᠡᠨ ᠢᠶᠠᠷ᠂ 20 ᠤ ᠡᠳᠦᠷ ᠪᠤᠯᠳᠠᠯ᠎ᠠ ᠪᠠᠶᠠᠨᠬᠤᠳᠠ ᠶᠢᠨ ᠨᠤᠭᠤᠭ᠎ᠠ ᠵᠢᠮᠢᠰ ᠢ ᠪᠦᠭᠡᠮ ᠢᠶᠠᠷ ᠪᠤᠷᠤᠯᠠᠭᠤᠯᠬᠤ 1 ᠲᠡᠯᠬᠡᠬᠦᠷ᠂ ᠲᠤᠮᠤ ᠬᠡᠪᠴᠢᠶᠡᠨ ᠤ 6 ᠴᠢᠯᠦᠬᠡᠲᠦ ᠲᠡᠯᠭᠡᠬᠦᠷ ᠤᠨ ᠨᠦᠬᠡᠴᠡᠯᠡᠭᠰᠡᠨ ᠲᠦᠬᠦᠮ ᠭᠤᠯᠢᠷ ᠪᠠᠷᠤᠭ 13.2 ᠲᠦᠮᠡᠨ ᠤᠭᠤᠳᠠ ︵ᠰᠠᠪᠠ︶︔ ᠨᠦᠬᠡᠴᠡᠯᠡᠭᠰᠡᠨ ᠯᠤᠩᠬᠤ ᠲᠠᠢ ᠤᠰᠤ ᠪᠠᠷᠤᠭ 28.1 ᠲᠦᠮᠡᠨ ᠯᠤᠩᠬᠤ︔ ᠬᠢᠮ᠎ᠠ 3.3 ᠲᠦᠮᠡᠨ ᠰᠢᠷᠭᠡᠭ︔ ᠲᠤᠳᠤᠷᠭ᠎ᠠ᠂ ᠭᠤᠯᠢᠷ ᠤᠨ ᠬᠠᠳᠠᠭᠠᠯᠠᠭᠳᠠᠴᠠ 93 ᠲᠤᠨ᠂ ᠨᠤᠭᠤᠭ᠎ᠠ ᠵᠢᠮᠢᠰ ᠤᠨ ᠡᠳᠦᠷ ᠪᠦᠷᠢ ᠶᠢᠨ ᠤᠷᠤᠭᠤᠯᠬᠤ ᠬᠡᠮᠵᠢᠶ᠎ᠠ 57.37 ᠲᠤᠨ᠂ ᠨᠦᠭᠡᠴᠡᠯᠡᠭᠰᠡᠨ ᠬᠡᠮᠵᠢᠶ᠎ᠡ 4.21 ᠲᠤᠨ︔ ᠬᠤᠰᠢᠭᠤᠨ ᠤ ᠬᠦᠢᠳᠡᠨ ᠬᠦᠮᠦᠷᠭᠡ ᠶᠢᠨ ᠭᠠᠭ᠋ᠠᠢ ᠶᠢᠨ ᠮᠢᠬ᠎ᠠ ᠶᠢᠨ ᠨᠦᠬᠡᠴᠡᠯᠡᠭᠰᠡᠨ ᠬᠡᠮᠵᠢᠶ᠎ᠡ 16 ᠲᠤᠨ ᠠᠴᠠ ᠲᠡᠭᠡᠭᠰᠢ᠂ ᠢᠳᠡᠭᠡᠨ ᠤ ᠲᠤᠰᠤ 18.28 ᠲᠤᠨ᠂ ᠢᠳᠡᠭᠡᠨ ᠤ ᠲᠠᠪᠤᠰᠤ 3.74 ᠲᠤᠨ ᠪᠡᠯᠡᠳᠭᠡᠯ ᠲᠠᠢ ᠪᠤᠢ᠃     ᠠᠯᠠᠱᠠ ᠵᠡᠬᠦᠨ ᠬᠤᠰᠢᠭᠤᠨ ᠤ ᠺᠠᠢ ᠶᠤᠸᠠᠨ ᠬᠡᠳᠦ ᠲᠡᠯᠬᠡᠬᠦᠷ ᠤᠨ ᠲᠠᠷᠤᠭ᠎ᠠ ᠯᠢᠦ ᠯᠢ ᠯᠢ᠂ ᠤᠳᠤᠬᠠᠨ ᠳᠤ ᠮᠠᠨ ᠤ ᠲᠡᠯᠬᠡᠬᠦᠷ ᠤᠨ ᠮᠢᠬ᠎ᠠ ᠲᠤᠰᠤ᠂ ᠬᠦᠨᠠᠰᠦ ᠲᠤᠳᠤᠷᠭ᠎ᠠ ᠵᠢᠴᠢ ᠪᠤᠰᠤᠳ ᠢᠳᠡᠭᠡᠨ ᠤ ᠵᠦᠢᠯᠡᠰ ᠪᠦᠷ ᠬᠠᠩᠭᠠᠯᠭ᠎ᠠ ᠬᠦᠢᠴᠡᠳ ᠪᠠᠶᠢᠨ᠎ᠠ᠃ ᠢᠳᠡᠰᠢᠨ ᠨᠤᠭᠤᠭ᠎ᠠ ᠶᠢ ᠴᠤ ᠭᠠᠳᠠᠨ᠎ᠠ ᠠᠴᠠ ᠴᠠᠭ ᠢ ᠠᠮᠵᠢᠭᠤᠯᠤᠨ ᠤᠷᠤᠭᠤᠯᠵᠦ ᠪᠤᠢ᠃ ᠦᠨ᠎ᠡ ᠬᠠᠩᠰᠢ ᠶᠢᠨ ᠲᠠᠯ᠎ᠠ ᠪᠠᠷ ᠠᠯᠢ ᠴᠤ ᠡᠳ᠋ ᠪᠠᠷᠠᠭ᠎ᠠ ᠨᠢ ᠬᠢᠵᠢᠭ ᠡᠪᠡᠳᠴᠢᠨ ᠤ ᠪᠠᠶᠢᠳᠠᠯ ᠠᠴᠠ ᠪᠤᠯᠵᠦ ᠬᠡᠯᠪᠡᠯᠵᠡᠯᠳᠡ ᠭᠠᠷᠬᠤ ᠪᠤᠯᠤᠮᠵᠢ ᠦᠭᠡᠢ᠃ ᠢᠳᠡᠰᠢᠨ ᠨᠤᠭᠤᠭ᠎ᠠ ᠨᠢ ᠵᠠᠬ᠎ᠠ ᠲᠡᠯᠬᠡᠬᠦᠷ ᠤᠨ ᠪᠠᠶᠢᠳᠠᠯ᠂ ᠤᠯᠠᠷᠢᠯ ᠰᠤᠯᠢᠭᠰᠠᠨ ᠪᠠᠶᠢᠳᠠᠯ ᠠᠴᠠ ᠪᠠᠭ᠎ᠠ ᠬᠡᠮᠵᠢᠶᠡᠨ ᠤ ᠲᠤᠬᠢᠷᠠᠭᠤᠯᠤᠯᠳᠠ ᠭᠠᠷᠬᠤ ᠪᠤᠯᠤᠮᠵᠢ ᠪᠠᠶᠢᠪᠠᠴᠤ ᠦᠩᠭᠡᠷᠡᠭᠰᠡᠨ ᠵᠢᠯ ᠲᠠᠢ ᠬᠠᠷᠢᠴᠠᠭᠤᠯᠪᠠᠯ ᠲᠡᠮᠡᠢ ᠶᠡᠭᠡ ᠬᠤᠪᠢᠷᠠᠯᠳᠠ ᠭᠠᠷᠬᠤ ᠦᠭᠡᠢ ᠬᠡᠵᠦ ᠪᠠᠶᠢᠯ᠎ᠠ᠃     ᠲᠠᠷᠠᠭᠠᠴᠢ ᠶᠢᠨ ᠠᠯᠬᠤᠮ ᠳᠤ᠂ ᠠᠯᠠᠱᠠ ᠵᠡᠬᠦᠨ ᠬᠤᠰᠢᠭᠤᠨ ᠤ ᠠᠵᠦ ᠤᠶᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠤᠪᠴᠢᠶ᠎ᠠ ᠴᠢᠯᠦᠬᠡᠲᠦ ᠲᠡᠯᠭᠡᠬᠦᠷ ᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠵᠢᠴᠢ ᠰᠠᠭᠤᠭᠠᠯᠢ ᠠᠷᠠᠳ ᠤᠨ ᠡᠳᠦᠷ ᠲᠤᠳᠤᠮ ᠤᠨ ᠭᠡᠷᠡᠭᠯᠡᠭᠡᠨ ᠤ ᠵᠦᠢᠯᠡᠰ ᠤᠨ ᠬᠠᠩᠭᠠᠯᠭ᠎ᠠ ᠶᠢᠨ ᠠᠵᠢᠯ ᠢ ᠦᠷᠬᠦᠯᠵᠢᠯᠡᠨ ᠰᠠᠶᠢᠳᠤᠷ ᠠᠳᠬᠤᠵᠦ᠂ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠬᠦᠯᠬᠦ ᠶᠢᠨ ᠲᠠᠭᠠᠤ ᠳᠤ ᠪᠦᠬᠦ ᠠᠶᠢᠮᠠᠭ ᠲᠤ ᠡᠳ᠋ ᠪᠤᠳᠠᠰ ᠤᠨ ᠬᠠᠩᠭᠠᠯᠭ᠎ᠠ ᠬᠡᠷᠡᠭᠴᠡᠭᠡ ᠶᠢᠨ ᠲᠠᠯ᠎ᠠ ᠶᠢᠨ ᠵᠦᠷᠢᠴᠡᠯ ᠡᠬᠦᠰᠬᠡᠬᠦ ᠦᠭᠡᠢ ᠪᠠᠶᠢᠬᠤ ᠶᠢ ᠪᠠᠳᠤᠯᠠᠬᠤ ᠪᠠᠷ ᠴᠢᠷᠮᠠᠶᠢᠨ ᠠᠵᠢᠯᠯᠠᠬᠤ ᠪᠤᠯᠤᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号