ᠰᠤᠶᠤᠯ ᠤᠷᠠᠯᠢᠭ ᠤᠨ ᠬᠦᠴᠦᠠ ᠢᠶᠠᠷ ᠪᠦᠯᠬᠦᠮᠳᠡᠯ ᠳᠠᠪᠰᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/10/8
      — ᠥᠪᠡᠷᠲᠡᠭᠡᠨ ᠵᠠᠰᠠᠬᠤ ᠣᠷᠣᠨ ᠤ ᠳᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠡᠷᠢᠬᠦᠨ ᠤ ᠬᠠᠮᠳᠣ ᠨᠢᠬᠡᠴᠡ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠢ ᠳᠡᠮᠳᠡᠭᠯᠠᠪᠠ       ᠠᠯᠠᠱᠠ ᠵᠡᠭᠦᠨ ᠬᠤᠰᠢᠭᠤᠨ ᠤ ᠭᠠᠵᠠᠷ ᠨᠤᠲᠤᠭ ᠠᠭᠤᠳᠠᠮ᠂ ᠬᠥᠮᠦᠨ ᠠᠮᠠ ᠴᠥᠭᠡᠨ᠂ ᠰᠤᠮᠤ ᠭᠠᠴᠠᠭᠠᠨ ᠤ ᠬᠤᠭᠤᠷᠣᠨᠳᠣᠬᠢ ᠵᠠᠢ ᠬᠤᠯᠠ᠂ ᠴᠥᠭᠡᠨ ᠲᠣᠭᠠᠲᠤ ᠦᠨᠳᠦᠰᠦᠲᠡᠨ ᠤ ᠤᠯᠠᠠ ᠳᠦᠮᠠᠠ ᠣᠯᠠᠨ ᠪᠠᠶᠢᠳᠠᠭ ᠢᠶᠠᠷ ᠢᠶᠠᠨ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠭᠡᠰᠢᠬᠦᠳ ᠦᠨᠳᠦᠰᠦᠲᠡᠨ ᠤ ᠠᠵᠢᠯ ᠢ ᠰᠠᠶᠢᠲᠤᠷ ᠬᠢᠬᠦ ᠵᠢᠴᠢ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠳᠤ ᠬᠦᠬᠦᠷᠭᠡ ᠳᠠᠯᠪᠢᠨ᠂ ᠨᠠᠮ ᠤᠨ ᠦᠨᠳᠦᠰᠦᠲᠡᠨ ᠤ ᠣᠨᠣᠯ᠂ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠣᠯᠠᠨ ᠳᠦᠮᠡᠨ ᠳᠡᠭᠡᠨ ᠣᠯᠠᠮᠵᠢᠯᠠᠨ ᠦᠭᠬᠦᠭᠰᠡᠭᠡᠷ ᠣᠳᠣ ᠪᠣᠯᠣᠭᠰᠠᠨ ᠶᠤᠮ᠃       ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠨᠢ 1958 ᠣᠨ ᠤ 10 ᠰᠠᠷ᠎ᠠ ᠳᠤ ᠪᠠᠶᠢᠭᠤᠯᠤᠭᠳᠠᠵᠠᠢ᠃ ᠨᠠᠮ ᠤᠨ ᠬᠤᠪᠢᠰᠬᠠᠯᠲᠤ ᠤᠳᠬ᠎ᠠ ᠤᠷᠠᠯᠢᠭ ᠤᠨ ᠤᠬᠠᠭᠤᠯᠬᠤ ᠠᠩᠬᠢ ᠪᠣᠯᠤᠭᠰᠠᠨ ᠤ ᠬᠤᠪᠢ ᠳᠤ᠂ 63 ᠵᠢᠯ ᠤᠨ ᠲᠤᠷᠰᠢ ︽ᠰᠣᠶᠣᠯ ᠣᠷᠠᠯᠢᠭ ᠢᠶᠠᠷ ᠠᠷᠠᠳ ᠳᠦᠮᠡᠨ ᠤ ᠳᠦᠯᠦᠭᠡ ᠦᠢᠯᠡᠴᠢᠯᠡᠬᠦ᠂ ᠨᠡᠶᠢᠭᠡᠮ ᠵᠢᠷᠣᠮ ᠤᠨ ᠳᠦᠯᠦᠭᠡ ᠦᠢᠯᠡᠴᠢᠯᠡᠬᠦ︾ ᠬᠠᠷᠠᠯᠳᠠ ᠶᠢ ᠢᠮᠠᠭᠲᠠ ᠪᠠᠷᠢᠮᠳᠠᠯᠠᠨ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠣᠨ ᠂ ᠦᠨᠳᠦᠰᠦᠨ ᠱᠠᠳᠣᠨ ᠳᠤ ᠰᠠᠭᠤᠷᠢᠯᠠᠨ ᠣᠯᠠᠨ ᠳᠦᠮᠡᠨ ᠳᠤ ᠣᠷᠠᠨ ᠰᠠᠶᠢᠬᠠᠨ ᠤ ᠳᠣᠭᠯᠠᠯᠳᠠ ᠭᠠᠷᠭᠠᠬᠤ᠂ ᠣᠬᠠᠭᠤᠯᠬᠤ᠂ ᠵᠢᠯᠣᠭᠤᠳᠬᠤ᠂ ᠦᠢᠯᠡᠴᠢᠯᠡᠬᠦ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠣ᠂ ᠤᠳᠬ᠎ᠠ ᠤᠷᠠᠯᠢᠭ ᠤᠨ ᠰᠢᠨ᠎ᠡ ᠡᠭᠦᠳᠦᠯᠲᠡ ᠶᠢ ᠠᠬᠢᠭᠤᠯᠣᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠪᠠᠶᠠᠷ ᠪᠠᠶᠠᠰᠣᠯ ᠢ ᠠᠪᠴᠢᠷᠠᠨ᠂ ᠨᠠᠮ ᠤᠨ ᠲᠠᠭᠤᠨ ᠬᠤᠭᠤᠯᠠᠢ ᠪᠠ ᠬᠠᠶᠢᠷ᠎ᠠ ᠬᠠᠯᠠᠮᠵᠢ ᠶᠢ ᠳᠠᠮᠵᠢᠭᠤᠯᠣᠭᠰᠠᠭᠠᠷ ᠢᠷᠡᠵᠡᠢ᠃ ᠳᠡᠶᠢᠨᠬᠦ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠡᠷᠢᠬᠦᠨ ᠤ ᠬᠠᠮᠳᠣ  ᠨᠢᠬᠡᠴᠡ ᠪᠠᠷ ᠦᠨᠡᠯᠡᠭᠳᠡᠭᠰᠡᠨ ᠪᠠᠶᠢᠨ᠎ᠠ᠃       ᠣᠶᠢᠷ᠎ᠠ ᠶᠢᠨ ᠵᠢᠯ ᠳᠤ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ︽ᠨᠠᠮ ᠤᠨ ᠪᠠᠶᠢᠭᠤᠯᠤᠯᠲᠠ + ᠦᠨᠳᠦᠰᠦᠨ ᠱᠠᠲᠤᠨ ᠳᠤ ᠦᠢᠯᠡᠴᠢᠯᠡᠨ ᠦᠨᠳᠦᠰᠣᠯᠡᠬᠦ᠂ ᠨᠠᠮ ᠤᠨ ᠳᠠᠭᠤᠨ ᠬᠤᠭᠤᠯᠠᠢ ᠶᠢ ᠳᠠᠮᠵᠢᠭᠤᠯᠬᠤ᠂ ᠰᠣᠶᠣᠯ ᠢᠶᠠᠷ ᠦᠨᠳᠦᠰᠦᠲᠡᠨ ᠤ ᠪᠦᠯᠬᠦᠮᠳᠡᠯ ᠢ ᠤᠮᠳᠠᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠤᠯ ᠰᠡᠳᠦᠪ ᠪᠣᠯᠭᠠᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠦᠷᠨᠢᠬᠦᠯᠦᠨ᠂ ᠤᠳᠬ᠎ᠠ ᠤᠷᠠᠯᠢᠭ ᠤᠨ ᠬᠦᠴᠦᠨ ᠢᠶᠠᠷ ᠨᠠᠮ ᠤᠨ ᠳᠠᠭᠤᠨ ᠬᠤᠭᠤᠯᠠᠢ ᠪᠠ ᠵᠣᠷᠢᠯᠲᠠ ᠶᠢ ᠳᠠᠮᠵᠢᠭᠤᠯᠣᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠤᠬᠠᠢ ᠤᠬᠠᠮᠰᠠᠷ ᠳᠠᠨᠢᠯᠳᠠ ᠪᠠᠨ ᠳᠡᠭᠡᠭᠰᠢᠯᠡᠬᠦᠯᠬᠦ ᠶᠢ ᠬᠦᠳᠦᠯᠤᠠ ᠳᠠᠶᠢᠴᠢᠯᠠᠵᠤ᠂ ᠤᠳᠬ᠎ᠠ ᠤᠷᠠᠯᠢᠭ ᠤᠨ ᠪᠦᠳᠦᠭᠡᠯ ᠢᠶᠠᠷ ᠢᠶᠠᠨ ᠳᠤᠮᠳᠠᠳᠤ ᠶᠢᠨ ᠰᠤᠶᠤᠯ ᠢ ᠤᠬᠠᠭᠤᠯᠵᠤ᠂ ᠦᠨᠳᠤᠰᠤᠳᠠᠠ ᠨᠦᠭᠦᠳ ᠤᠨ ᠠᠷᠠᠳ ᠳᠦᠮᠠᠠ ᠬᠠᠮᠳᠤᠪᠠᠷ ᠤᠶᠤᠠ ᠰᠠᠨᠠᠭᠠᠠ ᠤ ᠬᠡᠷ ᠤᠷᠤᠠ ᠢᠶᠠᠨ ᠬᠠᠮᠠᠭᠠᠯᠠᠬᠤ᠂ ᠡᠪ ᠬᠠᠮᠳᠤ ᠨᠠᠮ ᠳᠠᠭᠠᠨ ᠳᠠᠯᠠᠷᠬᠠᠬᠤ᠂ ᠰᠠᠶᠢᠠ ᠰᠠᠶᠢᠬᠠᠠ ᠠᠮᠢᠳᠤᠷᠠᠯ ᠢᠶᠠᠨ ᠬᠠᠮᠳᠤᠪᠠᠷ ᠴᠤᠭᠴᠠᠯᠠᠠ ᠪᠠᠶᠢᠭᠤᠯᠬᠤ ᠤᠶᠤᠠ ᠰᠠᠨᠠᠭᠠᠠ ᠤ ᠨᠢᠬᠳᠠᠷᠠᠯ ᠬᠦᠴᠦᠠ ᠢ ᠪᠤᠢ ᠪᠤᠯᠭᠠᠬᠤ ᠡᠬᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠭᠡᠭᠰᠡᠭᠡᠷ ᠢᠷᠡᠭᠰᠡᠠ ᠪᠠᠶᠢᠨ᠎ᠠ᠃ ᠳᠠᠳᠠ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠠᠯ ᠢᠶᠠᠨ ᠬᠠᠮᠲᠤ ᠪᠠᠷ ᠲᠡᠷᠭᠡᠯᠰᠢᠭᠦᠯᠬᠦ︾ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠳᠤ ᠠᠤᠭ᠎ᠠ ᠶᠡᠭᠡ ᠬᠦᠴᠦᠨ ᠴᠢᠳᠠᠯ ᠢ ᠨᠢᠭᠳᠠᠷᠠᠭᠤᠯᠵᠣ ᠴᠢᠳᠠᠵᠡᠢ᠃       ᠦᠨᠳᠦᠰᠦᠲᠡᠨ ᠤ ᠪᠦᠯᠬᠦᠮᠳᠡᠯ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠢᠯᠡᠰ ᠢ ᠠᠬᠢᠭᠤᠯᠬᠤ ᠳᠤᠮᠳᠠ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠴᠢᠬᠤᠯᠠ ᠦᠢᠯᠡᠳᠦᠯ ᠢ ᠦᠵᠡᠬᠦᠯᠦᠭᠰᠡᠨ ᠪᠠᠶᠢᠳᠠᠭ᠃ ᠲᠠᠳᠠ ᠲᠣᠭᠯᠠᠯᠲᠠ ᠭᠠᠷᠭᠠᠬᠤ ᠳᠠᠭᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠠᠭᠤᠰᠬᠠᠨ ᠣᠷᠣᠭᠤᠯᠵᠤ᠂ ᠬᠠᠮᠤᠭ ᠤᠨ ᠰᠢᠨ᠎ᠡ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠲᠣᠭᠯᠠᠯᠲᠠ ᠳᠠᠭᠠᠨ ᠨᠠᠶᠢᠷᠠᠭᠤᠯᠤᠨ ᠵᠣᠬᠢᠶᠠᠵᠣ ᠳᠣᠭᠯᠠᠳᠠᠭ ᠶᠤᠮ᠃ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠲᠡᠳᠡ ᠲᠠᠷᠢᠶᠠᠨ ᠭᠠᠵᠠᠷ᠂ ᠮᠠᠯᠴᠢᠳ ᠤᠨ ᠭᠡᠷ ᠲᠤ ᠬᠦᠷᠴᠦ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠰᠤᠷᠤᠯᠴᠠᠬᠤ ᠮᠠᠲ᠋ᠧᠷᠢᠶᠠᠯ ᠳᠠᠷᠬᠠᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠭᠰᠡᠭᠡᠷ ᠢᠷᠠᠵᠠᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠦᠨᠳᠦᠳᠬᠡᠵᠦ ᠬᠠᠷᠢᠯᠴᠠᠨ ᠢᠳᠡᠭᠡᠯᠴᠡᠵᠣ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠣᠷᠣᠯᠴᠠᠵᠣ᠂ ᠤᠯᠠᠮᠵᠢᠯᠠᠯᠲᠤ ᠰᠣᠶᠣᠯ ᠢᠶᠠᠨ ᠬᠠᠷᠢᠯᠴᠠᠨ ᠬᠦᠨᠳᠦᠳᠭᠡᠨ᠂ ᠠᠮᠢᠳᠤᠷᠠᠯ ᠤᠨ ᠵᠠᠩ ᠳᠠᠳᠬᠠᠯ ᠪᠠ ᠱᠠᠰᠢᠨ ᠰᠢᠲᠦᠯᠭᠡ ᠶᠢ ᠬᠥᠲᠥᠯᠥᠨ ᠵᠢᠯᠣᠭᠤᠳᠴᠤ᠂ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠪᠠ᠃ ᠪᠦᠷᠢᠳᠬᠡᠯ ᠢ ᠦᠨᠳᠦᠰᠦᠯᠡᠪᠡᠯ᠂ 63 ᠵᠢᠯ ᠤᠨ ᠲᠤᠷᠰᠢ᠂ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠨᠡᠶᠢᠲᠡ 1300 ᠭᠠᠷᠤᠶ ᠲᠣᠭᠯᠠᠯᠲᠠ ᠵᠣᠬᠢᠶᠠᠨ ᠪᠦᠲᠦᠭᠡᠵᠦ᠂ 160 ᠭᠠᠷᠤᠶ ᠲᠦᠮᠡᠨ ᠺᠢᠯᠣᠮᠧᠲᠷ ᠠᠶᠠᠯᠠᠨ᠂ ᠦᠨᠳᠦᠰᠦᠨ ᠱᠠᠲᠤᠨ ᠳᠤ 7500 ᠭᠠᠷᠤᠶ ᠲᠠᠯᠠᠪᠠᠶ ︵ᠤᠳᠠᠭ᠎ᠠ︶ ᠲᠣᠭᠯᠠᠯᠲᠠ ᠭᠠᠷᠭᠠᠵᠤ᠂ ᠦᠵᠡᠭᠴᠢᠳ 500 ᠭᠠᠷᠤᠶ ᠲᠦᠮᠡᠨ ᠬᠥᠮᠦᠨ ︵ᠤᠳᠠᠭ᠎ᠠ︶ ᠳᠤ ᠬᠦᠷᠴᠡᠶ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号