10 ᠰᠠᠷ᠎ᠠ ᠶᠢᠨ 2 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠠᠯᠠᠱᠠ ᠶᠢᠨ | ᠪᠠᠭᠠᠲᠤᠷᠴᠤᠳ ᠤᠨ ᠴᠤᠭᠯᠠᠭᠠᠨ ᠤ ᠠᠶᠢᠺᠠ ᠭᠤᠤᠯ ᠰᠡᠳᠦᠪᠲᠦ ᠬᠤᠸᠠᠷᠠᠨ ᠳᠤ ᠭᠦᠨᠵᠡᠭᠡᠶᠢᠷᠡᠨ ᠪᠠᠶᠢᠴᠠᠭᠠᠨ | ᠰᠤᠳᠤᠯᠤᠯᠲᠠ ᠬᠢᠬᠦ ᠳᠡᠭᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠨ᠂ ᠬᠤᠸᠠᠷᠠᠨ ᠤ ᠬᠢᠵᠢᠭ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠪᠠᠲᠤᠯᠠᠭ᠎ᠠ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠪᠥᠬᠦ ᠲᠠᠯ᠎ᠠ ᠪᠠᠷ ᠨᠠᠷᠢᠯᠢᠭ ᠬᠢᠵᠦ᠂ | ᠲᠤᠭᠤᠷᠢᠨ ᠵᠤᠭᠠᠴᠠᠭᠰᠠᠳ ᠲᠤ ᠠᠮᠤᠷ ᠲᠦᠪᠰᠢᠨ᠂ ᠡᠶ᠎ᠡ ᠵᠣᠬᠢᠴᠠᠩᠭᠤᠶ᠂ ᠰᠠᠶᠢᠨ ᠰᠠᠶᠢᠬᠠᠨ ᠵᠢᠭᠤᠯᠴᠢᠯᠠᠯ ᠤᠨ | ᠣᠷᠴᠢᠨ ᠨᠦᠬᠦᠴᠠᠯ ᠢ ᠬᠠᠨᠭ᠍ᠭᠠᠬᠤ ᠬᠡᠷᠡᠭᠲᠡᠶ ᠭᠡᠵᠦ ᠱᠠᠭᠠᠷᠳᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᡁᠢ ᠴᠢᠶᠠᠩ᠂ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠪᠠᠷ᠎ᠠ ᠪᠣᠯᠵᠠᠢ᠃ | | | | | | | | | | | | ᠲᠠᠶᠢᠴᠢᠨ ᠤᠷᠢᠳ ᠬᠤᠵᠢᠳ ᠮᠣᠲ᠋ᠣᠷ ᠲᠡᠷᠭᠡᠨ ᠤ ᠣᠨᠴᠠ ᠮᠡᠷᠭᠡᠵᠢᠯ ᠤᠨ ᠲᠣᠭᠯᠠᠯᠲᠠ ᠶᠢᠨ ᠲᠣᠭᠤᠷᠢᠭ᠂ | ᠴᠠᠩ ᠴᠧᠩ ᠮᠠᠰᠢᠨ ᠲᠡᠷᠭᠡᠨ ᠤ ᠦᠵᠡᠬᠦᠯᠦᠯᠬᠡ ᠶᠢᠨ ᠲᠣᠭᠤᠷᠢᠭ᠂ ᠠᠶᠢᠮᠠᠭ ᠤᠨ ᠰᠣᠶᠣᠯ ᠤᠨ ᠡᠭᠦᠳᠦᠯᠲᠡ ᠶᠢᠨ | ᠲᠥᠪ᠂ ᠠᠯᠠᠱᠨ ᠠᠶᠢᠯ᠂ ᠨᠢᠭᠡᠳᠦᠭᠡᠷ ᠮᠠᠰᠢᠨ ᠲᠡᠷᠭᠡᠨ ᠤ ᠪᠦᠯᠦᠭᠯᠡᠯ ᠤᠨ ᠹᠧᠩ ᠲᠢᠶᠠᠨ ᠲᠡᠷᠬᠡᠨ ᠤ | ᠦᠵᠡᠬᠦᠯᠦᠯᠬᠡ ᠶᠢᠨ ᠲᠣᠭᠤᠷᠢᠭ ᠵᠡᠷᠬᠡ ᠭᠠᠵᠡᠷ ᠲᠤ ᠬᠦᠷᠴᠦ᠂ ᠭᠤᠤᠯ ᠰᠡᠳᠦᠪᠲᠦ ᠬᠤᠸᠠᠷᠠᠨ ᠤ ᠬᠢᠵᠢᠭ ᠢ | ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠪᠠᠲᠤᠯᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠢᠳᠡᠭᠡᠨ | ᠤᠮᠳᠠᠭᠠᠨ ᠬᠤᠨᠤᠭ ᠪᠠᠭᠤᠳᠠᠯ ᠵᠢᠴᠢ ᠲᠡᠷᠭᠡᠨ ᠵᠣᠭᠰᠣᠭᠠᠯ᠂ ᠵᠣᠷᠯᠣᠩ ᠵᠡᠷᠭᠡ ᠦᠢᠯᠡᠴᠢᠯᠡᠬᠡᠨ ᠤ ᠲᠥᠬᠦᠭᠡᠷᠦᠮᠵᠢ ᠶᠢᠨ | ᠪᠠᠶᠢᠳᠠᠯ ᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠤᠨ᠂ | ᠵᠤᠭᠠᠴᠠᠭᠰᠠᠳ ᠪᠣᠯᠤᠨ ᠲᠡᠷᠭᠡ ᠮᠠᠰᠢᠨ ᠤ ᠬᠠᠮᠢᠶᠠᠷᠤᠯᠳᠠ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ᠂ | ᠬᠢᠵᠢᠭ ᠢ ᠰᠡᠷᠭᠡᠶᠢᠯᠡᠨ ᠡᠵᠡᠮᠳᠡᠬᠦ ᠶᠠᠪᠤᠴᠠ᠂ ᠲᠣᠭᠯᠠᠯᠲᠠ ᠶᠢᠨ ᠠᠵᠢᠯᠯᠠᠭ᠎ᠠ᠂ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠤ ᠦᠵᠡᠬᠦᠯᠦᠯᠬᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | | | | | | | | ᠳᠠᠶᠢᠴᠢᠨ ᠠᠴᠠ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠲᠣᠳᠣᠷᠬᠠᠶᠢᠯᠠᠨ᠂ | ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠰ ᠢ | ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ᠂ ᠠᠮᠤᠷ ᠲᠦᠪᠰᠢᠨ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ | ᠲᠦᠪᠰᠢᠨ ᠪᠠ ᠦᠨ᠎ᠡ ᠬᠠᠩᠰᠢ ᠶᠢᠨ ᠬᠢᠨᠠᠠ ᠬᠠᠮᠢᠶᠠᠷᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ ᠪᠠᠶᠢᠷᠢ | ᠪᠠ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠭᠰᠠᠳ ᠤᠨ | ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠨ᠂ ᠵᠢᠭᠤᠯᠴᠢᠯᠠᠭᠰᠠᠳ ᠤᠨ ᠬᠠᠤᠯᠢ ᠶᠣᠰᠣᠨ ᠤ ᠡᠷᠬᠡ | ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠬᠤᠸᠠᠷᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠵᠣᠷᠯᠣᠩ ᠢ ᠴᠡᠪᠡᠷᠯᠡᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠵᠦ᠂ ᠬᠤᠭ | ᠨᠣᠪᠰᠢ ᠶᠢᠨ ᠬᠠᠶᠢᠷᠴᠠᠭ ᠢ ᠵᠣᠬᠢᠰᠲᠠᠶ ᠲᠣᠬᠢᠷᠠᠭᠤᠯᠤᠨ᠂ ᠬᠤᠭ ᠨᠣᠪᠰᠢ ᠶᠢ ᠴᠡᠪᠡᠷᠯᠡᠬᠦ ᠠᠵᠢᠯ ᠢ ᠴᠢᠩᠭᠠᠳᠬᠠᠵᠤ᠂ | ᠵᠤᠭᠠᠴᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠬᠤᠸᠠᠷᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠪᠠᠳᠤᠯᠠᠨ᠂ ᠬᠤᠸᠠᠷᠠᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠶ᠃ ᠬᠥᠮᠦᠨ | ᠵᠢᠴᠢ ᠲᠡᠷᠭᠡ ᠮᠠᠰᠢᠨ ᠤ ᠬᠠᠮᠢᠶᠠᠷᠤᠯᠳᠠ ᠶᠢ ᠴᠢᠩᠭᠠᠳᠬᠠᠵᠦ᠂ ᠲᠡᠷᠭᠡ ᠪᠠ ᠬᠥᠮᠦᠨ ᠬᠠᠷ᠎ᠠ ᠶᠠᠪᠤᠬᠤ ᠵᠠᠮ ᠱᠤᠭᠤᠮ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠵᠢᠭᠤᠯᠴᠢᠯᠠᠭᠰᠠᠳ ᠤᠨ ᠣᠷᠣᠵᠤ ᠭᠠᠷᠬᠤ ᠭᠠᠵᠠᠷ ᠤᠨ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠤᠨ᠂ | ᠵᠢᠭᠤᠯᠴᠢᠯᠠᠭᠰᠠᠳ ᠲᠤ ᠰᠢᠯᠢᠳᠡᠭ ᠦᠢᠯᠡᠴᠢᠯᠡᠭᠡ ᠬᠠᠨᠭ᠍ᠭᠠᠵᠦ᠂ ᠬᠤᠸᠠᠷᠠᠨ ᠤ ᠡᠮᠬᠢ ᠳᠢᠭᠯᠢᠮ ᠡᠮᠬᠢ ᠵᠢᠷᠤᠮ ᠲᠠᠢ | ᠪᠠᠶᠢᠬᠤ ᠶᠢ ᠪᠠᠲᠤᠯᠠᠨ᠂ ᠭᠤᠤᠯ ᠰᠡᠳᠦᠪᠲᠦ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ | ᠬᠡᠷᠡᠭᠲᠡᠶ ᠬᠡᠵᠦ ᠱᠠᠭᠠᠷᠳᠠᠪᠠ᠃ | | | | | | | | | | | | | | | | | | |