ᠳᠠᠶᠢᠴᠢᠨ ᠪᠠᠶᠠᠨᠬᠤᠲᠠ ᠶᠢᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤ ᠪᠠᠷ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/10/8
      10 ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠪᠠᠶᠠᠨᠬᠤᠲᠠ ᠶᠢᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠨᠠᠮ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ  ᠳᠣᠣᠱᠯᠠᠭᠤᠯᠣᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠲᠤ ᠪᠠᠷ ᠠᠬᠢᠭᠤᠯᠤᠨ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠩᠭᠤᠶ᠂ ᠨᠡᠶᠢᠭᠡᠮ ᠤᠨ ᠲᠣᠭᠲᠠᠭᠤᠨ ᠤ ᠶᠡᠭᠡ ᠰᠠᠶᠢᠨ ᠪᠠᠶᠢᠳᠠᠯ ᠢ ᠦᠷᠭᠦᠯᠵᠢᠯᠡᠨ ᠪᠠᠳᠤᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠬᠠᠶ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠸᠧᠶ ᡁᠢ ᠭᠦᠸᠧ ᠪᠡᠷ᠎ᠠ ᠪᠤᠯᠵᠠᠢ᠃
       ᠳᠠᠶᠢᠴᠢᠨ ᠤᠷᠢᠳ ᠬᠤᠵᠢᠳ ᠪᠠᠶᠠᠨᠬᠤᠲᠠ ᠶᠢᠨ ᠾᠷᠢᠰᠲ᠋ᠣᠰ ᠤᠨ ᠱᠠᠰᠢᠨ ᠤ ᠳᠤᠭᠠᠩ᠂ ᠬᠤᠳᠤᠭ ᠠᠷᠪᠢᠳᠬᠠᠭᠴᠢ ᠰᠦᠮ᠎ᠡ᠂ ᠯᠠᠯᠤ ᠶᠢᠨ ᠰᠦᠮ᠎ᠡ ᠵᠡᠷᠭᠡ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠬᠦᠷᠴᠦ᠂ ᠱᠠᠰᠢᠨ ᠤ ᠠᠵᠢᠯᠲᠠᠨ ᠢ ᠪᠣᠯᠭᠤᠭᠠᠨ ᠲᠣᠬᠤᠨᠢᠭᠤᠯᠵᠤ᠂ ᠱᠠᠰᠢᠨ ᠰᠤᠷᠲᠠᠬᠤᠨ ᠤ ᠠᠵᠢᠯ ᠤᠨ ᠺᠠᠳ᠋ᠷ ᠪᠣᠯᠤᠨ ᠱᠠᠰᠢᠨ ᠰᠤᠷᠲᠠᠬᠤᠨ ᠤ ᠪᠠᠭᠰᠢ ᠠᠵᠢᠯᠲᠠᠨ ᠲᠠᠢ ᠰᠠᠨᠠᠯ ᠢᠶᠠᠨ ᠰᠣᠯᠢᠯᠴᠠᠨ᠂ ᠡᠯ᠎ᠡ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠢᠵᠢᠭ ᠢ ᠰᠡᠷᠭᠡᠶᠢᠯᠡᠨ ᠡᠵᠡᠮᠳᠡᠬᠦ᠂ ᠳᠣᠲᠣᠭᠠᠳᠤ ᠶᠢᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠲᠦᠷᠢᠮ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠪᠣᠯᠤᠨ ᠱᠠᠰᠢᠨ ᠰᠤᠷᠲᠠᠬᠤᠨ ᠤ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠤᠳᠤᠯᠪᠠ᠃
        ᠳᠠᠶᠢᠴᠢᠨ ᠠᠴᠠ᠂ ᠱᠠᠰᠢᠨ ᠰᠤᠷᠲᠠᠬᠤᠨ ᠤ ᠠᠰᠠᠭᠤᠳᠠᠯ ᠪᠣᠯ ᠨᠠᠮ ᠪᠣᠯᠤᠨ ᠠᠷᠠᠳ ᠣᠯᠠᠨ ᠤ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠢ ᠬᠤᠯᠪᠣᠭᠳᠠᠨ᠂ ᠦᠨᠳᠦᠰᠦᠲᠡᠨ ᠤ ᠪᠦᠯᠬᠦᠮᠳᠡᠯ ᠪᠣᠯᠤᠨ ᠡᠬᠡ ᠤᠯᠤᠰ ᠤᠨ ᠨᠢᠭᠡᠳᠦᠯ ᠢ ᠬᠠᠮᠠᠭᠠᠯᠠᠬᠤ ᠲᠠᠢ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠱᠠᠰᠢᠨ ᠰᠤᠷᠲᠠᠬᠤᠨ ᠤ ᠠᠵᠢᠯᠯᠠᠭ᠎ᠠ ᠶᠢᠨ ᠭᠠᠵᠠᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠱᠠᠰᠢᠨ ᠰᠤᠷᠲᠠᠬᠤᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠨᠠᠮ ᠤᠨ ᠱᠠᠰᠢᠨ ᠰᠢᠲᠦᠯᠭᠡ ᠡᠷᠬᠡ ᠴᠢᠯᠥᠭᠡ ᠲᠠᠢ ᠪᠠᠶᠢᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠵᠦ ᠥᠪᠡᠰᠦᠪᠡᠨ ᠡᠷᠭᠢᠯᠡᠬᠦ ᠵᠠᠷᠴᠢᠮ ᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠳᠡᠢ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠳᠦᠷᠢᠮᠵᠢᠭᠦᠯᠬᠦ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠱᠠᠰᠢᠨ ᠰᠤᠷᠲᠠᠬᠤᠨ ᠤ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠬᠡᠮᠵᠢᠶ᠎ᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠤᠨ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠭᠠᠵᠠᠷ ᠤᠨ ᠳᠦᠷᠢᠮᠵᠢᠭᠰᠡᠨ ᠬᠠᠮᠢᠶᠠᠷᠤᠯᠲᠠ ᠶᠢ ᠠᠬᠢᠭᠤᠯᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠤᠨ᠂ ᠮᠠᠨ ᠤ ᠠᠶᠢᠮᠠᠭ ᠤᠨ ᠱᠠᠰᠢᠨ ᠰᠤᠷᠲᠠᠬᠤᠨ ᠤ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠪᠠᠨ ᠭᠦᠨᠵᠡᠭᠡᠶᠢᠷᠡᠭᠦᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠶᠡᠭᠡ ᠪᠠᠷ ᠥᠷᠨᠢᠭᠦᠯᠤᠨ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠢᠯᠢ ᠶᠢᠨ ᠭᠠᠳᠠᠨᠠᠬᠢ ᠨᠡᠪᠴᠢᠯᠲᠡ ᠪᠠ ᠱᠠᠰᠢᠨ ᠰᠤᠷᠲᠠᠬᠤᠨ ᠤ ᠬᠡᠲᠦᠷᠡᠮᠡᠬᠡᠶ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠡᠰᠡᠷᠭᠦᠴᠡᠵᠦ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号