ᠯᠢ ᠵᠦᠩ ᠽᠧᠩ ᠠᠶᠢᠮᠠᠭ ᠤᠨ ᠵᠠᠬᠢᠷᠭ᠎ᠠ ᠶᠢᠨ ᠠᠷᠪᠠᠨ ᠳᠠᠪᠣᠳᠣᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/10/8
      9 ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠦᠩ ᠽᠧᠩ ᠠᠶᠢᠮᠠᠭ ᠤᠨ ᠵᠠᠬᠢᠷᠭ᠎ᠠ ᠶᠢᠨ ᠠᠷᠪᠠᠨ ᠳᠠᠪᠣᠳᠣᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠯᠠᠱᠠ ᠵᠡᠭᠦᠨ ᠬᠤᠰᠢᠭᠤᠨ ᠤ ᠬᠢᠨᠠᠨ ᠪᠤᠳᠤᠬᠤ ᠠᠵᠢᠯ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠢᠮᠠᠭ ᠤᠨ ᠵᠠᠬᠢᠷᠭ᠎ᠠ ᠶᠢᠨ ︽ᠭᠤᠷᠪᠠᠨ ᠱᠤᠭᠤᠮ ᠨᠢᠭᠡ ᠬᠠᠭᠤᠳᠠᠰᠤ︾ ᠠᠮᠢ ᠠᠬᠤᠢ ᠶᠢᠨ ᠣᠷᠴᠢᠨ ᠲᠣᠭᠤᠷᠢᠨ ᠢ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠤᠨ ᠵᠥᠪᠯᠡᠪᠠ᠃       ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠢᠨᠠᠨ ᠪᠤᠳᠤᠬᠤ ᠠᠵᠢᠯ ᠢ ᠵᠢᠯᠣᠭᠤᠳᠴᠤ᠂ ᠬᠢᠨᠠᠨ ᠪᠤᠳᠤᠵᠦ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠠᠷᠠᠳ ᠤᠨ ᠠᠮᠢᠳᠤᠷᠠᠯ ᠤᠨ ᠵᠦᠢᠯᠡᠰ ᠵᠡᠷᠭᠡ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠨ ᠪᠤᠳᠤᠵᠦ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠳᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠪᠤᠳᠤᠯᠲᠠ ᠪᠠᠷ ᠬᠢᠨᠠᠯᠲᠠ ᠲᠠᠯᠪᠢᠬᠤ ᠪᠠ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠶ ᠬᠡᠵᠦ ᠱᠠᠭᠠᠷᠳᠠᠪᠠ᠃       ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢ ᠳᠡᠷᠢᠬᠦᠨ ᠳᠤ ᠳᠠᠯᠪᠢᠵᠦ᠂ ᠪᠣᠬᠢᠷᠲᠤᠯ ᠥᠬᠡᠶ ᠬᠥᠭᠵᠢᠯᠳᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠬᠡᠢ ᠵᠠᠮᠨᠠᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠯᠠᠪᠳᠠᠭᠤᠨ ᠪᠠᠲᠤᠲᠠᠶ ᠠᠬᠢᠭᠤᠯᠤᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠡᠯᠡᠰᠦᠷᠬᠡᠭᠵᠢᠯ ᠢ ᠵᠠᠰᠠᠬᠤ᠂ ᠭᠠᠵᠠᠷ ᠰᠢᠷᠣᠶ ᠶᠢᠨ ᠴᠦᠯᠯᠡᠷᠭᠡᠭᠵᠢᠯ ᠪᠠ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠢ ᠴᠢᠩᠭᠠᠳᠬᠠᠵᠤ᠂ ᠠᠯᠠᠱᠠ ᠠᠭᠤᠯᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠠᠵᠢᠯ ᠤᠨ ᠦᠷ᠎ᠠ ᠪᠦᠲᠦᠮᠵᠢ ᠪᠠᠨ ᠪᠠᠳᠤᠳᠬᠠᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠳᠤᠳᠬᠠᠬᠤ ᠬᠡᠷᠡᠭᠲᠡᠶ ᠭᠡᠪᠠ᠃       ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦ ᠠᠶᠢᠮᠠᠭ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠬᠡᠮ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠂ ᠭᠤᠤᠯᠳᠠᠯᠭ᠎ᠠ ᠲᠠᠢ ᠭᠠᠵᠠᠷ ᠣᠷᠣᠨ ᠤ ᠭᠠᠮᠰᠢᠭ ᠢ ᠡᠰᠡᠷᠭᠦᠴᠡᠬᠦ ᠴᠢᠳᠠᠪᠤᠷᠢ ᠶᠢ ᠪᠠᠶᠢᠴᠠᠭᠠᠨ ᠳᠣᠲᠣᠯᠠᠵᠤ᠂ ᠶᠡᠷᠦᠩᠬᠡᠶᠢᠯᠡᠨ ᠦᠨᠡᠯᠡᠨ ᠵᠢᠱᠢᠬᠦ ᠬᠡᠷᠡᠭᠲᠡᠶ᠃ ᠳᠦᠷᠢᠮ ᠤᠨ ᠪᠠᠲᠤᠯᠠᠭ᠎ᠠ ᠪᠠ ᠪᠡᠯᠡ ᠮᠥᠩᠭᠦᠨ ᠤ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠦᠬᠦ ᠠᠶᠢᠮᠠᠭ ᠤᠨ ᠨᠡᠶᠢᠳᠡᠮ ᠪᠠᠶᠢᠴᠠᠭᠠᠯᠲᠠ ᠶᠢ ᠴᠠᠭ ᠲᠤᠬᠠᠢ ᠳᠤᠨᠢ ᠪᠡᠶᠡᠯᠡᠭᠦᠯᠵᠦ᠂ ᠳᠠᠯᠳᠠ ᠭᠡᠮ ᠢ ᠪᠠᠶᠢᠴᠠᠭᠠᠬᠤ ᠴᠢᠬᠤᠯᠠᠲᠠᠢ ᠪᠦᠬᠦᠨ ᠢ ᠪᠠᠶᠢᠴᠠᠭᠠᠨ᠂ ᠬᠤᠶᠢᠰᠢᠳᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠳᠡᠢ ᠬᠡᠪᠠ᠃       ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠᠨ ᠱᠤᠭᠤᠮ ᠨᠢᠭᠡ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠵᠠᠩᠬᠢᠯᠠᠭ᠎ᠠ ᠶᠢ ᠴᠢᠩᠭ᠎ᠠ ᠰᠠᠬᠢᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠡᠬᠢ ᠪᠠᠶᠠᠯᠢᠭ ᠢ ᠠᠷᠪᠢᠯᠠᠬᠤ ᠪᠠ ᠠᠮᠢ ᠠᠬᠤᠶ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠳᠡᠢ᠃ ᠮᠠᠨ ᠤ ᠠᠶᠢᠮᠠᠭ ᠤᠨ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠰᠠᠨᠠᠯ ᠢ ᠨᠠᠶᠢᠳᠠᠪᠤᠷᠢᠵᠢᠭᠤᠯᠵᠦ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠡᠬᠢ ᠪᠠᠶᠠᠯᠢᠭ ᠢ ᠠᠰᠢᠭᠯᠠᠬᠤ ᠠᠵᠢᠯ ᠢ ᠲᠦᠷᠢᠮᠵᠢᠬᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠬᠠᠮᠠᠭᠠᠯᠠᠵᠦ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号