ᠠᠯᠠᠱᠠ ᠠᠶᠢᠮᠠᠭ ᠦᠷᠡᠭᠳᠡᠭᠰᠡᠨ ᠪᠠᠭᠠᠲᠤᠷᠴᠤᠳ ᠲᠤ ᠰᠠᠭᠰᠤᠲᠦ ᠴᠡᠴᠡᠭ ᠬᠦᠷᠭᠡᠬᠦ ᠶᠣᠰᠣᠯᠠᠯ ᠶᠠᠪᠤᠭᠤᠯᠵᠠᠢ
ᠨᠡᠶᠢᠲᠡᠯᠡᠭᠰᠡᠨ ᠴᠠᠭ᠄
2021/10/8
       9 ᠰᠠᠷ᠎ᠠ ᠶᠢᠨ 30 ᠤ ᠡᠳᠦᠷ᠂ ᠮᠠᠨ ᠤ ᠠᠶᠢᠮᠠᠭ ᠤᠨ ᠦᠷᠡᠭᠳᠡᠭᠰᠡᠨ ᠪᠠᠭᠠᠲᠤᠷᠴᠤᠳ ᠲᠤ ᠰᠠᠭᠰᠤᠲᠦ ᠴᠡᠴᠡᠭ ᠬᠦᠷᠭᠡᠬᠦ ᠶᠣᠰᠣᠯᠠᠯ ᠪᠠᠶᠠᠨᠬᠤᠲᠠ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠶᠠᠪᠤᠭᠳᠠᠪᠠ᠃ ᠠᠶᠢᠮᠠᠭ ᠤᠨ ᠤᠳᠤᠷᠢᠳᠤᠯᠭ᠎ᠠ ᠳᠠᠶᠢᠴᠢᠨ᠂ ᠯᠢ ᠵᠥᠩ ᠽᠧᠩ᠂ ᠸᠠᠩ ᠸᠧᠶ ᠳ᠋ᠦᠩ᠂ ᠯᠦ ᠯᠢ ᠮᠢᠩ ᠨᠡᠷ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠲᠥᠯᠥᠭᠡᠯᠡᠭᠴᠢ ᠲᠠᠢ ᠬᠠᠮᠲᠤ ᠪᠠᠷ ᠦᠷᠡᠭᠳᠡᠭᠰᠡᠨ ᠪᠠᠭᠠᠲᠤᠷᠴᠤᠳ ᠲᠤ ᠰᠠᠭᠰᠤᠲᠦ ᠴᠡᠴᠡᠭ ᠬᠦᠷᠭᠡᠭᠰᠡᠨ ᠪᠠᠶᠢᠨ᠎ᠠ᠃
      ᠦᠳᠡ ᠶᠢᠨ ᠡᠮᠦᠨᠡᠬᠢ 9 ᠴᠠᠭ ᠲᠤ᠂ ᠦᠷᠡᠭᠳᠡᠭᠰᠡᠨ ᠪᠠᠭᠠᠲᠤᠷᠴᠤᠳ ᠲᠤ ᠰᠠᠭᠰᠤᠲᠦ ᠴᠡᠴᠡᠭ ᠬᠦᠷᠭᠡᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠵᠦ᠂ ᠶᠣᠰᠣᠯᠠᠯ ᠳᠤ ᠣᠷᠣᠯᠴᠠᠭᠰᠠᠨ ᠪᠦᠬᠦ ᠬᠥᠮᠦᠰ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠳᠤ ᠲᠥᠪ ᠵᠣᠭᠰᠣᠨ ᠨᠠᠮᠠᠨᠴᠢᠯᠠᠨ ᠭᠠᠰᠢᠭᠤᠳᠠᠵᠤ᠂ ᠦᠷᠡᠭᠳᠡᠭᠰᠡᠨ ᠪᠠᠭᠠᠲᠤᠷᠴᠤᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠪᠠᠨ ᠡᠷᠭᠦᠵᠦ᠂ ᠦᠷᠡᠭᠳᠡᠭᠰᠡᠨ ᠪᠠᠭᠠᠲᠤᠷᠴᠤᠳ ᠤᠨ ᠢᠷᠠᠭᠤ ᠠᠯᠳᠠᠷᠲᠤ ᠤᠯᠠᠮᠵᠢᠯᠠᠯ ᠢ ᠵᠠᠯᠭᠠᠮᠵᠢᠯᠠᠨ᠂ ᠦᠷᠡᠭᠳᠡᠭᠰᠡᠨ ᠪᠠᠭᠠᠲᠤᠷᠴᠤᠳ ᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠡᠪ ᠬᠠᠮᠲᠤ ᠶᠣᠰᠣᠨ ᠤ ᠰᠠᠶᠢᠨ ᠵᠠᠯᠭᠠᠮᠵᠢᠯᠠᠭᠴᠢ ᠪᠣᠯᠬᠤ ᠠᠯᠤᠰ ᠬᠡᠲᠦ ᠶᠢᠨ ᠬᠦᠰᠡᠯ ᠵᠣᠷᠢᠯᠲᠠ ᠪᠠᠨ ᠢᠯᠡᠳᠬᠡᠪᠡ᠃
      ︽ᠴᠡᠴᠡᠭ ᠬᠦᠷᠭᠡᠬᠦ ᠠᠶᠠᠰ︾ ᠠᠯᠭᠤᠷ ᠢᠶᠠᠷ ᠳᠠᠭᠤᠷᠢᠰᠬᠤ ᠶᠢ ᠳᠠᠭᠠᠯᠳᠤᠨ᠂ 14 ᠶᠣᠰᠣᠯᠠᠯ ᠤᠨ ᠴᠡᠷᠢᠭ ᠰᠠᠭᠰᠤᠲᠦ ᠴᠡᠴᠡᠭ ᠢ ᠯᠠᠪᠳᠠᠭᠤᠨ ᠡᠷᠭᠦᠵᠦ᠂ ᠰᠠᠭᠰᠤᠲᠦ ᠴᠡᠴᠡᠭ ᠢ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠬᠦᠷᠭᠡᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠲᠠᠶᠢᠴᠢᠨ ᠤᠷᠤᠭᠰᠢ ᠠᠯᠬᠤᠵᠤ᠂ ᠰᠠᠭᠰᠤᠲᠦ ᠴᠡᠴᠡᠭ ᠳᠡᠭᠡᠷᠡᠬᠢ ᠲᠣᠷᠭᠠᠨ ᠪᠦᠰᠠ ᠶᠢ ᠲᠡᠭᠰᠢᠯᠡᠨ᠂ ᠪᠦᠬᠦ ᠬᠥᠮᠦᠰ ᠲᠠᠢ ᠬᠠᠮᠲᠤ ᠶᠣᠰᠣᠯᠠᠪᠠ᠃ ᠲᠠᠷᠠᠭ᠎ᠠ ᠨᠢ᠂ ᠪᠦᠬᠦ ᠬᠥᠮᠦᠰ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠭᠰᠡᠨ ᠪᠥᠭᠡᠳ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠡᠷᠡᠮ ᠢ ᠪᠠᠷᠠᠯᠠᠵᠤ᠂ ᠦᠷᠡᠭᠳᠡᠭᠰᠡᠨ ᠪᠠᠭᠠᠲᠤᠷᠴᠤᠳ ᠢ ᠭᠦᠨ ᠳᠤᠷᠠᠰᠤᠨ ᠰᠠᠨᠠᠭᠠᠯᠵᠠᠵᠤ ᠪᠠᠶᠢᠬᠤ ᠪᠠ ᠡᠷᠬᠢᠮ ᠳᠡᠭᠡᠳᠦ ᠬᠦᠨᠳᠦᠳᠬᠡᠯ ᠢᠶᠠᠨ ᠲᠡᠪᠰᠢᠬᠦᠯᠵᠠᠢ᠃
       ᠠᠶᠢᠮᠠᠭ᠂ ᠠᠯᠠᠱᠠ ᠵᠡᠭᠦᠨ ᠬᠤᠰᠢᠭᠤᠨ ᠤ ᠳᠥᠷᠪᠡᠨ ᠲᠤᠮᠤ ᠤᠳᠤᠷᠢᠳᠬᠤ ᠪᠠᠭ ᠤᠨ ᠤᠳᠤᠷᠢᠳᠤᠯᠭ᠎ᠠ᠂ ᠠᠶᠢᠮᠠᠭ ᠲᠤ ᠰᠠᠭᠤᠭ᠎ᠠ ᠴᠡᠷᠢᠭ ᠴᠠᠭᠳᠠᠭ᠎ᠠ ᠵᠢᠴᠢ ᠴᠡᠷᠢᠭ ᠠᠴᠠ ᠬᠠᠯᠠᠭᠳᠠᠭᠰᠠᠳ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠰᠤᠷᠭᠠᠭᠤᠯᠢ ᠶᠢᠨ ᠪᠠᠭᠰᠢ ᠰᠣᠷᠣᠭᠴᠢ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠺᠠᠳ᠋ᠷ ᠣᠯᠠᠨ ᠲᠦᠮᠡᠨ ᠤ ᠲᠥᠯᠥᠭᠡᠯᠡᠭᠴᠢ ᠰᠠᠭᠰᠤᠲᠦ ᠴᠡᠴᠡᠭ ᠬᠦᠷᠭᠡᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号