ᠯᠢ ᠵᠥᠩ ᠽᠧᠩ ᠬᠠᠯᠠᠭᠤᠨ ᠨᠡᠷᠡᠮᠵᠢᠳᠦ ᠡᠨᠧᠷᠭᠢ ᠶᠢᠨ ᠪᠦᠯᠦᠭᠯᠡᠯ ᠳᠤ ᠬᠦᠷᠴᠦ ᠢᠯᠴᠢ ᠬᠠᠩᠭᠠᠬᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/10/8
       10 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠬᠠᠯᠠᠭᠤᠨ ᠨᠡᠷᠡᠮᠵᠢᠳᠦ ᠡᠨᠧᠷᠭᠢ ᠶᠢᠨ ᠪᠦᠯᠦᠭᠯᠡᠯ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠵᠤ᠂ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠬᠢᠨᠠᠠ ᠬᠠᠮᠢᠶᠠᠷᠤᠯᠲᠠ ᠪᠠᠨ ᠴᠢᠩᠭᠠᠳᠬᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
       ᠯᠢ ᠵᠥᠩ ᠽᠧᠩ ᠤᠷᠢᠳ ᠬᠤᠵᠢᠳ ᠬᠠᠯᠠᠭᠤᠨ ᠨᠡᠷᠡᠮᠵᠢᠳᠦ ᠡᠨᠧᠷᠭᠢ ᠶᠢᠨ ᠪᠦᠯᠦᠭᠯᠡᠯ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢ ᠶᠢᠨ ᠲᠠᠰᠤᠭ᠂ ᠲᠥᠪ ᠡᠵᠡᠮᠳᠡᠬᠦ ᠲᠠᠰᠤᠭ᠂ ᠨᠠᠮ ᠤᠨ ᠪᠠᠶᠢᠭᠤᠯᠤᠯᠲᠠ ᠰᠣᠶᠣᠯ ᠤᠨ ᠲᠥᠪ ᠵᠡᠷᠭᠡ ᠭᠠᠵᠠᠷ ᠲᠤ ᠬᠦᠷᠴᠦ᠂ ᠢᠯᠴᠢ ᠬᠠᠩᠭᠠᠬᠤ ᠪᠡᠯᠡᠳᠬᠡᠯ᠂ ᠲᠥᠬᠦᠭᠡᠷᠦᠮᠵᠢ ᠶᠢᠨ ᠠᠵᠢᠯᠯᠠᠭᠠᠨ ᠂ ᠨᠡᠭᠦᠷᠡᠰᠦᠨ ᠤ ᠨᠥᠭᠡᠴᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ︽ᠡᠪᠦᠯ ᠤᠨ ᠨᠡᠭᠦᠷᠡᠰᠦᠨ ᠤ ᠨᠥᠭᠡᠴᠡ ᠬᠦᠷᠦᠯᠴᠡᠬᠦ ᠡᠰᠡᠬᠦ︾᠂ ︽ᠬᠤᠭᠤᠯᠠᠢ ᠲᠣᠣᠷ ᠤᠨ ᠬᠠᠮᠠᠭᠠᠯᠠᠯᠲᠠ ᠰᠠᠶᠢᠨ ᠡᠰᠡᠬᠦ︾᠂ ︽ᠳᠤᠯᠠᠭᠠᠯᠠᠭ᠎ᠠ ᠶᠢᠨ ᠳᠠᠷᠤᠯᠲᠠ ᠶᠡᠭᠡ ᠡᠰᠡᠬᠦ︾ ᠶᠢ ᠯᠢ ᠵᠦᠩ ᠽᠧᠩ ᠨᠢᠭᠡ ᠵᠠᠮ ᠰᠣᠨᠣᠰᠴᠤ᠂ ᠮᠠᠰᠢ ᠨᠠᠷᠢᠨ ᠠᠰᠠᠭᠤᠪᠠ᠃ ᠡᠨᠡ ᠵᠢᠯ ᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠠᠶᠢᠬᠤ ᠶᠢ ᠣᠶᠢᠯᠠᠭᠠᠭᠰᠠᠨ ᠤ ᠳᠠᠷᠠᠭ᠎ᠠ ᠂ ᠲᠡᠷᠡ᠂ ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠬᠡᠷᠡᠭᠴᠡᠭᠡ ᠶᠢ ᠪᠠᠲᠤᠯᠠᠬᠤ ᠪᠣᠯ ᠣᠳᠣᠬᠠᠨ ᠤ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢ ᠡᠷᠬᠢᠮᠯᠡᠨ᠂ ᠶᠡᠭᠡ ᠲᠠᠯ᠎ᠠ ᠶᠢ ᠬᠠᠷᠠᠭᠠᠯᠵᠠᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠢ ᠦᠨᠡᠨ ᠬᠦ ᠰᠡᠳᠬᠢᠯ ᠳᠡᠭᠡᠨ ᠪᠤᠳᠤᠵᠤ᠂ ᠣᠯᠠᠨ ᠲᠠᠯ᠎ᠠ ᠪᠠᠷ ᠵᠡᠷᠭᠡ ᠪᠠᠷ ᠠᠳᠬᠤᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠨ ᠢᠯᠴᠢ ᠬᠠᠩᠭᠠᠬᠤ ᠠᠵᠤ ᠠᠬᠤᠶᠢᠯᠠᠯ ᠳᠤ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠢᠯᠴᠢ ᠬᠠᠩᠭᠠᠬᠤ ᠠᠵᠢᠯ ᠤᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠶ ᠬᠡᠪᠡ᠃
       ᠯᠢ ᠵᠥᠩ ᠽᠧᠩ ᠠᠴᠠ᠂ ᠢᠯᠴᠢ ᠬᠠᠩᠭᠠᠬᠤ ᠪᠠᠲᠤᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠬᠠᠯᠠᠭᠤᠨ ᠳᠣᠯᠠᠭᠠᠨ ᠡᠪᠦᠯᠵᠢᠬᠦ ᠳᠤ ᠬᠤᠯᠪᠣᠭᠳᠠᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠡᠳᠦᠷ ᠲᠤᠲᠤᠮ ᠤᠨ ᠬᠢᠨᠠᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠵᠣᠬᠢᠴᠠᠭᠤᠯᠤᠨ ᠦᠢᠯᠡᠴᠢᠯᠡᠬᠦ ᠪᠠᠨ ᠴᠢᠩᠭᠠᠳᠬᠠᠵᠤ᠂ ᠢᠯᠴᠢ ᠬᠠᠩᠭᠠᠬᠤ ᠪᠠᠷᠢᠮᠵᠢᠶ᠎ᠠ ᠪᠠᠨ ᠴᠢᠩᠳᠠᠯᠠᠨ᠂ ᠢᠯᠴᠢ ᠬᠠᠩᠭᠠᠬᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠢᠯᠴᠢ ᠬᠠᠩᠭᠠᠬᠤ ᠨᠠᠷᠢᠯᠢᠭ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠰᠠᠭᠤᠭᠠᠯᠢ ᠠᠷᠠᠳ ᠤᠨ ᠢᠯᠴᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠨᠠᠷᠢᠨ ᠬᠢᠨᠠᠮᠠᠭᠠᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠬᠢᠷ ᠬᠦᠢᠳᠡᠨ ᠠᠭᠤᠷ ᠠᠮᠢᠰᠬᠤᠯ ᠢ ᠠᠷᠭᠠᠴᠠᠭᠠᠬᠤ ᠴᠢᠳᠠᠪᠤᠷᠢ ᠪᠣᠯᠤᠨ ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠲᠦᠷᠦᠯ ᠤᠨ ᠢᠯᠴᠢ ᠬᠠᠩᠭᠠᠬᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠯᠢ ᠵᠥᠩ ᠽᠧᠩ ᠠᠴᠠ ᠢᠯᠴᠢ ᠬᠠᠩᠭᠠᠬᠤ ᠠᠵᠤ ᠠᠬᠤᠶᠢᠯᠠᠯ ᠢ ᠭᠤᠤᠯ ᠴᠣᠭᠴᠠ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠷᠢᠭᠤᠴᠠᠯᠭ᠎ᠠ ᠪᠠᠨ ᠡᠷᠡᠰ ᠬᠦᠢᠴᠡᠳᠭᠡᠵᠦ᠂ ᠢᠯᠴᠢ ᠬᠠᠩᠭᠠᠬᠤ ᠠᠴᠠ ᠡᠮᠦᠨᠡᠬᠢ ᠬᠤᠭᠤᠯᠠᠶ ᠲᠤᠤᠷ ᠤᠨ ᠪᠥᠲᠥᠭᠡᠨ ᠪᠠᠶᠢᠭᠤᠯᠤᠯᠲᠠ ᠬᠠᠮᠠᠭᠠᠯᠠᠯᠲᠠ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠤᠰᠤ ᠣᠷᠣᠭᠤᠯᠵᠤ ᠳᠠᠷᠤᠯᠲᠠ ᠨᠡᠮᠡᠭᠳᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠤ ᠴᠠᠭ ᠠᠭᠤᠷ ᠤᠨ ᠬᠤᠪᠢᠷᠠᠯᠲᠠ ᠶᠢ ᠴᠠᠭ ᠲᠤᠬᠠᠶ ᠳᠤᠨᠢ ᠠᠩᠬᠠᠷᠴᠤ᠂ ᠢᠯᠴᠢ ᠬᠠᠩᠭᠠᠬᠤ ᠲᠥᠯᠥᠪᠯᠡᠭᠡ ᠶᠢ ᠴᠠᠭ ᠲᠤᠨᠢ ᠵᠣᠬᠢᠴᠠᠭᠤᠯᠤᠨ ᠲᠣᠬᠢᠷᠠᠭᠤᠯᠵᠦ᠂ ᠠᠵᠢᠯ ᠤᠨ ᠪᠡᠯᠡᠳᠬᠡᠯ  ᠬᠦᠢᠴᠡᠳ᠂ ᠲᠥᠬᠦᠭᠡᠷᠦᠮᠵᠢ ᠶᠢᠨ ᠠᠵᠢᠯᠯᠠᠭᠠᠨ ᠲᠣᠭᠲᠠᠭᠤᠨ ᠪᠠᠶᠢᠵᠦ᠂ ᠠᠷᠠᠳ ᠣᠯᠠᠨ ᠤ ᠰᠡᠳᠬᠢᠯ ᠢ ᠳᠤᠯᠠᠭᠠᠴᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠵᠣᠷᠢᠭᠵᠢᠭᠤᠯᠪᠠ᠃       ᠠᠶᠢᠮᠠᠭ ᠤᠨ ᠳᠡᠳ᠋ ᠳᠠᠷᠤᠭ᠎ᠠ ᠮᠥᠩᠬᠡ᠂ ᠠᠯᠠᠱᠠ ᠵᠡᠭᠦᠨ ᠬᠤᠰᠢᠭᠤ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号