ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/9
        10 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠪᠥᠬᠦ ᠠᠶᠢᠮᠠᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠠᠶ᠃
        ᠳᠠᠶᠢᠴᠢᠨ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠶ ᠰᠤᠷᠤᠯᠴᠠᠨ ᠣᠶᠢᠯᠠᠭᠠᠵᠦ᠂ ᠭᠤᠤᠯ ᠴᠢᠬᠤᠯᠠ ᠠᠭᠤᠯᠭ᠎ᠠ ᠪᠠ ᠦᠢᠯᠡᠳᠦᠯᠬᠡ ᠶᠢᠨ ᠱᠠᠭᠠᠷᠳᠠᠯᠭ᠎ᠠ᠂ ᠣᠳᠣᠬᠢ ᠱᠠᠲᠤᠨ ᠤ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠠ ᠴᠢᠬᠤᠯᠠ ᠡᠭᠦᠷᠭᠡ ᠶᠢ ᠭᠦᠨᠵᠡᠭᠡᠢ  ᠳᠠᠨᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠨᠣᠪᠴᠢᠲᠠᠶ  ᠣᠶᠢᠯᠠᠭᠠᠵᠦ᠂ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠳᠦᠷᠪᠡᠨ ᠬᠠᠷᠢᠴᠠᠭ᠎ᠠ ᠶᠢ ᠵᠥᠪ ᠡᠵᠡᠮᠰᠢᠵᠦ᠂ ᠭᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠣᠷᠢ ᠪᠠᠨ ᠲᠠᠰᠤᠷᠠᠯᠲᠠ ᠦᠭᠡᠢ ᠳᠡᠭᠡᠭᠰᠢᠯᠡᠬᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠳᠡᠣᠬᠡᠨ ᠡᠭᠦᠷᠭᠡᠲᠦ ᠰᠡᠳᠬᠢᠯᠭᠡ ᠪᠠ ᠪᠣᠳᠠᠲᠤ ᠠᠬᠤᠶ ᠶᠢᠨ ᠲᠤᠯᠭᠠᠮ᠎ᠠ ᠰᠡᠳᠬᠢᠯᠭᠡ  ᠪᠠᠨ ᠴᠢᠨᠠᠭᠰᠢᠳᠠ ᠴᠢᠩᠭᠠᠳᠬᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠨ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠶ ᠪᠠᠷ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ ᠬᠢᠬᠦ ᠬᠡᠷᠡᠭᠳᠡᠢ ᠬᠡᠪᠡ᠃
        ᠳᠠᠶᠢᠴᠢᠨ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠬᠥᠲᠥᠯᠪᠦᠷᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠥᠬᠦ ᠠᠶᠢᠮᠠᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠦᠯᠦᠬᠡᠢ ᠶᠢ ᠬᠦᠴᠦᠯᠡᠨ ᠰᠠᠶᠢᠲᠤᠷ ᠪᠦᠲᠦᠭᠡᠨ ᠪᠠᠶᠢᠭᠤᠯᠵᠦ᠂ ᠨᠠᠮ ᠤᠨ ᠬᠤᠪᠢᠰᠬᠠᠯᠲᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠪᠣᠢ ᠪᠣᠯᠭᠠᠬᠤ ᠶᠢ ᠪᠠᠷᠢᠮᠳᠠᠯᠠᠨ᠂ ᠪᠦᠬᠦ ᠨᠡᠶᠢᠭᠡᠮ ᠳᠤ ᠬᠠᠨᠳᠤᠭᠤᠯᠤᠭᠰᠠᠨ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠦ᠂ ᠳᠤᠮᠳᠠᠳᠤ ᠶᠢᠨ ᠰᠣᠶᠣᠯ ᠪᠠ ᠡᠯ᠎ᠡ ᠦᠨᠳᠦᠰᠦᠲᠡᠨ ᠤ ᠰᠣᠶᠣᠯ ᠤᠨ ᠬᠠᠷᠢᠴᠠᠭ᠎ᠠ ᠶᠢ ᠲᠣᠳᠣᠷᠬᠠᠶᠢᠯᠠᠨ ᠲᠠᠶᠢᠯᠪᠤᠷᠢᠯᠠᠬᠤ ᠶᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠢᠷᠭᠡᠨ ᠤ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠠᠭᠤᠰᠣᠭᠤᠯᠵᠦ ᠪᠠᠶᠢᠩᠭᠤᠵᠢᠭᠤᠯᠤᠨ᠂ ᠪᠦᠬᠦ ᠠᠵᠢᠯᠲᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠦᠷᠨᠢᠬᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠭᠤᠷᠪᠠᠨ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠳᠤ ᠭᠦᠨ ᠬᠤᠨᠣᠭᠰᠢᠭᠤᠯᠬᠤ ᠬᠡᠷᠡᠭᠳᠡᠢ᠃ ᠣᠳᠣᠬᠢᠴᠢᠯᠠᠭᠰᠠᠨ ᠠᠯᠠᠱᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠣᠶᠠᠯᠳᠣᠭᠤᠯᠣᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠳᠦᠷᠭᠡᠳᠬᠡᠨ ᠠᠬᠢᠭᠤᠯᠵᠦ᠂ ᠳᠠᠪᠤᠰᠤ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦᠯᠵᠦ᠂ ᠴᠡᠪᠡᠷ ᠡᠨᠧᠷᠭᠢ ᠶᠢ ᠶᠡᠬᠡᠪᠡᠷ ᠬᠦᠭᠵᠢᠬᠦᠯᠦᠨ᠂ ᠰᠣᠶᠣᠯ ᠵᠢᠭᠤᠯᠴᠢᠯᠠᠯ᠂ ᠲᠡᠮᠡᠭᠡᠨ ᠤ ᠠᠵᠤ ᠦᠢᠯᠡᠰ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠬᠦ ᠡᠷᠴᠢᠮ ᠢ ᠴᠢᠩᠭᠠᠷᠠᠭᠤᠯᠣᠨ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠬᠦᠯᠦᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠭᠤᠶᠢᠪᠢᠰᠢ ᠦᠬᠡᠢ ᠪᠠᠷᠢᠮᠳᠠᠯᠠᠬᠤ ᠬᠡᠷᠡᠭᠳᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠬᠦ ᠲᠠᠯ᠎ᠠ ᠪᠠᠷ ᠴᠢᠩᠭᠠᠳᠬᠠᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠭᠦᠨᠵᠡᠭᠡᠶ ᠰᠤᠷᠤᠯᠴᠠᠨ ᠤᠬᠠᠭᠤᠯᠵᠤ ᠳᠣᠣᠱᠯᠠᠭᠤᠯᠣᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠣᠯᠠᠨ ᠠᠷᠭ᠎ᠠ ᠵᠠᠮ ᠢᠶᠠᠷ ᠪᠦᠬᠦ ᠲᠠᠯ᠎ᠠ ᠪᠠᠷ ᠪᠣᠳᠠᠳᠠᠢ ᠪᠦᠳᠦᠮᠵᠢᠳᠡᠢ ᠦᠷᠨᠢᠬᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠳᠠᠭᠠᠭᠠᠮᠠᠭᠠᠢ ᠦᠷᠨᠢᠬᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠮ ᠤᠨ ᠪᠠᠶᠢᠭᠤᠯᠤᠯᠲᠠ +︾ ᠢᠨᠵᠧᠨᠧᠷᠢᠩ ᠢ ᠭᠦᠨᠵᠡᠭᠡᠶ ᠬᠡᠷᠡᠭᠵᠢᠬᠦᠯᠦᠨ᠂ ᠬᠤᠲᠠ ᠶᠢᠨ ᠦᠨᠳᠦᠰᠦᠲᠡᠨ ᠤ ᠠᠵᠢᠯ ᠢ ᠳᠦᠷᠢᠮᠵᠢᠭᠦᠯᠬᠦ᠂ ᠨᠠᠷᠢᠯᠢᠭᠵᠢᠭᠤᠯᠬᠤ ᠶᠢ ᠳᠦᠷᠭᠡᠳᠬᠡᠨ ᠠᠬᠢᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ  ᠢ ᠴᠢᠷᠮᠠᠶᠢᠨ ᠡᠭᠦᠳᠴᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠨᠠᠩ ᠰᠠᠶᠢᠲᠤᠷ ᠠᠬᠢᠭᠤᠯᠬᠤ ᠬᠡᠷᠡᠭᠳᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠳᠣᠭᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠨ ᠬᠠᠤᠯᠢ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠰᠡᠳᠬᠢᠬᠦᠶ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠦᠨᠳᠦᠰᠦᠲᠡᠨ ᠤ ᠬᠠᠷᠢᠴᠠᠭ᠎ᠠ ᠶᠢ ᠦᠨᠡᠨ ᠬᠦ ᠵᠣᠬᠢᠴᠠᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠡᠷᠡᠰ ᠭᠤᠶᠢᠪᠢᠰᠢ ᠥᠬᠡᠶ ᠪᠠᠷ ᠬᠠᠤᠯᠢᠵᠢᠯ ᠤᠨ ᠵᠠᠮ ᠳᠤ ᠪᠥᠬᠦ ᠲᠠᠯ᠎ᠠ ᠪᠠᠷ ᠣᠷᠣᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠦᠨᠳᠦᠰᠦᠲᠡᠨ ᠳᠤ ᠬᠤᠯᠪᠣᠭᠳᠠᠭᠰᠠᠨ ᠬᠦᠴᠦᠨ ᠵᠦᠢᠯ ᠤᠨ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠠᠮᠤᠷ ᠲᠦᠪᠰᠢᠨ ᠤᠯᠤᠰ ᠲᠥᠷᠥ ᠶᠢᠨ ᠣᠷᠴᠢᠨ ᠲᠣᠭᠤᠷᠢᠨ᠂ ᠨᠠᠩ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ᠂ ᠨᠠᠩ ᠲᠥᠪ ᠭᠤᠤᠯᠴᠢ ᠬᠠᠤᠯᠢᠵᠢᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠶ᠃ ᠦᠨᠳᠦᠰᠦᠲᠡᠨ ᠤ ᠬᠦᠷᠢᠶᠡᠨ ᠳᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠴᠤᠬᠤᠶᠢᠯᠲᠠ ᠶᠢᠨ ᠴᠢᠨᠠᠷᠲᠠᠶ ᠬᠡᠯᠪᠡᠷᠢᠯ ᠤᠨ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠡᠷᠡᠰ ᠰᠢᠭᠤᠷᠬᠠᠶ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃        ᠳᠠᠶᠢᠴᠢᠨ ᠠᠴᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠦᠨᠳᠦᠰᠦᠲᠡᠨ ᠤ ᠠᠵᠢᠯ ᠤᠨ  ᠳᠦᠯᠦᠪᠰᠢᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠨᠥᠬᠦᠳ ᠵᠣᠷᠢᠭᠲᠠᠢ ᠪᠠᠷ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠦᠨᠳᠦᠰᠦᠲᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠵᠢᠴᠢ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠢᠨ ᠡᠭᠦᠷᠭᠡ  ᠴᠢᠳᠠᠮᠵᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠪᠥᠬᠦ ᠠᠶᠢᠮᠠᠭ ᠤᠨ ᠦᠨᠳᠦᠰᠦᠲᠡᠨ ᠤ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠳᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
        ᠯᠢ ᠵᠦᠩ ᠽᠧᠩ ᠬᠤᠷᠠᠯ ᠢ ᠡᠷᠬᠢᠯᠡᠬᠦ ᠳᠡᠭᠡᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠲᠦ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠠᠭ ᠲᠤᠬᠠᠢ ᠳᠤᠨᠢ ᠤᠯᠠᠮᠵᠢᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠦ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠤᠯᠭ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠶᠢᠴᠠᠭᠠᠬᠤ ᠳᠠᠷᠤᠭ᠎ᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠶᠢᠮᠠᠭ ᠲᠤ ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠤᠨ ᠭᠤᠤᠯ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠬᠤᠷᠠᠯ ᠤᠨ ᠬᠤᠪᠢᠶᠠᠷᠢ ᠲᠠᠯᠠᠪᠠᠢ ᠶᠢ ᠳᠣᠬᠢᠷᠠᠭᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号