ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠲᠣᠬᠢᠷᠠᠭᠤᠯᠤᠯᠲᠠ | ᠶᠣᠰᠣᠭᠠᠷ᠂ 10 ᠰᠠᠷ᠎ᠠ ᠶᠢᠨ 8 ᠤ ᠡᠳᠦᠷ᠂ ᠮᠠᠨ ᠤ ᠠᠶᠢᠮᠠᠭ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ᠃ ᠳᠠᠶᠢᠴᠢᠨ᠂ ᠯᠢ | ᠵᠥᠩ ᠽᠧᠩ᠂ ᠸᠠᠩ ᠸᠧᠶ ᠳ᠋ᠦᠩ᠂ ᠯᠦ ᠯᠢ ᠮᠢᠩ ᠵᠡᠷᠭᠡ ᠠᠶᠢᠮᠠᠭ ᠤᠨ ᠤᠳᠤᠷᠢᠳᠤᠯᠭ᠎ᠠ ᠲᠠᠶᠢᠯᠤᠮᠵᠢ ᠳᠤ | ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠶᠠᠩ ᠬᠠᠶ ᠲᠠᠶᠢᠯᠤᠮᠵᠢ ᠶᠢ ᠡᠷᠭᠢᠯᠡᠪᠡ᠃ | | | | | | | | | | ᠲᠠᠶᠢᠯᠤᠮᠵᠢ ᠨᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠵᠣᠬᠢᠴᠠᠭᠤᠯᠤᠨ ᠠᠬᠢᠭᠤᠯᠬᠤ | ᠵᠤᠷᠭᠠᠨ ᠤ ᠳᠡᠳ᠋ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠬᠠᠢ ᠴᠢᠩ ᠶᠢ ᠣᠷᠢᠵᠦ᠂ | ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ︾ ᠶᠢᠨ ᠲᠣᠭᠤᠷᠢᠨ ᠳᠤ᠂ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠣᠨᠴᠠᠯᠢᠭ᠂ ᠬᠤᠷᠠᠯᠳᠣᠭᠰᠠᠨ ᠠᠬᠤᠶ ᠪᠠᠶᠢᠳᠠᠯ᠂ ᠰᠢᠨ᠎ᠡ ᠴᠠᠭ ᠦᠶ᠎ᠡ ᠶᠢᠨ | ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ | ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠤᠨ ᠢᠯᠡ ᠲᠣᠳᠣ ᠭᠤᠤᠯ ᠰᠢᠵᠢᠮ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠴᠢᠬᠤᠯᠠ ᠶᠡᠭᠡ ᠡᠭᠦᠷᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠨ ᠲᠡᠭᠦᠯᠳᠡᠷᠵᠢᠭᠦᠯᠬᠦ ᠲᠠᠯ᠎ᠠ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠭᠦᠨᠵᠡᠭᠡᠶ ᠠᠭᠤᠯᠤᠭᠳᠠᠬᠤᠨ ᠵᠢᠴᠢ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠠᠷᠭ᠎ᠠ ᠵᠠᠮ ᠢ ᠰᠢᠰᠲ᠋ᠧᠮ ᠲᠠᠢ | ᠲᠠᠶᠢᠯᠪᠤᠷᠢᠯᠠᠪᠠ᠃ ᠲᠠᠶᠢᠯᠤᠮᠵᠢ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠥᠭᠦᠯᠡᠯᠲᠡ ᠨᠢ | ᠨᠡᠪᠲᠡᠷᠬᠡᠢ᠂ ᠤᠨᠤᠯ ᠤᠨ ᠲᠠᠯ᠎ᠠ ᠶᠢᠨ ᠬᠤᠷᠢᠶᠠᠩᠭᠤᠶᠢᠯᠠᠯ ᠲᠠᠢ ᠮᠥᠷᠲᠡᠭᠡᠨ ᠦᠢᠯᠡᠳᠦᠯᠭᠡ ᠶᠢᠨ ᠲᠠᠯ᠎ᠠ ᠶᠢᠨ | ᠵᠢᠯᠤᠭᠤᠳᠤᠯᠭ᠎ᠠ ᠲᠠᠢ ᠪᠠᠶᠢᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠲᠥᠪ ᠤᠨ ᠦᠨᠳᠦᠰᠦᠲᠡᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠨᠡᠩ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ | ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠨ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ | ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ | ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭ᠎ᠠ ᠶᠢᠨ | ᠤᠬᠠᠮᠰᠠᠷ ᠢᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ | ᠪᠠ ᠰᠢᠮᠳᠠᠭᠤᠯᠣᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠷᠤᠯᠴᠠᠯᠭ᠎ᠠ ᠤᠬᠠᠭᠤᠯᠭ᠎ᠠ ᠶᠢ | ᠴᠢᠩᠭᠠᠳᠬᠠᠵᠤ᠂ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ᠂ ᠭᠦᠨᠵᠡᠭᠡᠢ ᠪᠣᠳᠣᠯᠬᠢᠯᠠᠨ ᠰᠤᠷᠤᠯᠴᠠᠬᠤ᠂ | ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ | ᠨᠢᠭᠲᠠ ᠤᠶᠠᠯᠳᠤᠭᠤᠯᠤᠨ᠂ ᠠᠳᠠᠯᠢ ᠪᠤᠰᠤ ᠬᠠᠮᠳᠣ ᠨᠡᠶᠢᠳᠡ ᠶᠢᠨ ᠣᠨᠴᠠᠯᠢᠭ ᠲᠤ ᠴᠢᠭᠯᠡᠭᠦᠯᠦᠨ᠂ ᠡᠯ᠎ᠡ ᠵᠦᠢᠯ ᠤᠨ | ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠳᠣᠣᠱᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠪᠠᠶᠢᠴᠠᠭᠠᠨ | ᠰᠤᠳᠤᠯᠤᠯᠲᠠ ᠬᠢᠬᠦ ᠶᠢ ᠴᠢᠩᠭᠠᠳᠬᠠᠵᠤ᠂ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ ᠶᠢ ᠨᠠᠷᠢᠨ | ᠬᠢᠨᠠᠮᠠᠭᠠᠢ ᠡᠮᠬᠢᠯᠡᠵᠦ᠂ ᠴᠢᠭᠯᠡᠯᠳᠤ ᠴᠢᠨᠠᠷᠲᠠᠢ ᠪᠠᠷ ᠴᠢᠩᠭᠠᠳᠬᠠᠨ ᠰᠠᠶᠢᠵᠢᠷᠠᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ | ᠬᠡᠮᠵᠢᠶ᠎ᠡ ᠶᠢ ᠳᠤᠷᠠᠳᠬᠤ ᠬᠡᠷᠡᠭᠲᠡᠢ᠃ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠬᠤ᠂ ᠵᠠᠰᠠᠭ ᠤᠨ ᠣᠷᠳᠣᠨ ᠬᠠᠤᠯᠢ | ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ | ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ᠂ ᠡᠯ᠎ᠡ ᠰᠠᠯᠠᠭ᠎ᠠ | ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠬᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠳᠦᠯᠦᠪᠰᠢᠯ ᠢ ᠪᠦᠷᠢᠯᠳᠦᠭᠦᠯᠵᠦ᠂ ᠪᠥᠬᠦ ᠠᠶᠢᠮᠠᠭ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠦᠷ᠎ᠡ ᠪᠦᠲᠦᠮᠵᠢᠲᠡᠶ ᠠᠬᠢᠭᠤᠯᠬᠤ ᠬᠡᠷᠡᠭᠲᠡᠶ | ᠭᠡᠪᠡ᠃ | ᠲᠠᠶᠢᠯᠤᠮᠵᠢ ᠶᠢ ᠸᠢᠳᠢᠣ᠋ ᠬᠡᠯᠪᠡᠷᠢ ᠪᠠᠷ ᠶᠠᠪᠤᠭᠳᠠᠭᠤᠯᠵᠤ᠂ ᠠᠶᠢᠮᠠᠭ ᠤᠨ ᠳᠥᠷᠪᠡᠨ ᠶᠡᠭᠡ ᠤᠳᠤᠷᠢᠳᠬᠤ | ᠪᠠᠭ ᠤᠨ ᠭᠡᠰᠢᠬᠦᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠶᠢᠮᠠᠭ ᠲᠤ | ᠰᠠᠭᠤᠭ᠎ᠠ ᠲᠥᠪ ᠤᠨ ᠬᠤᠯᠪᠣᠭᠳᠠᠯ ᠪᠥᠬᠦᠶ ᠨᠢᠬᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠤᠨ ᠭᠤᠤᠯ | ᠲᠠᠯᠠᠪᠠᠶ ᠳᠤ ᠲᠠᠶᠢᠯᠤᠮᠵᠢ ᠳᠤ ᠣᠷᠣᠯᠴᠠᠪᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠬᠤᠷᠠᠯ ᠤᠨ ᠬᠤᠪᠢᠶᠠᠷᠢ | ᠲᠠᠯᠠᠪᠠᠢ ᠶᠢ ᠳᠣᠬᠢᠷᠠᠭᠤᠯᠪᠠ᠃ | | |