ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2021/12/1
     11 ᠰᠠᠷ᠎ᠡ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠥᠷᠪᠡᠳᠦᠭᠡᠷ ᠤᠳᠠᠭ᠎ᠠ ᠶᠢᠨ ᠬᠤᠷᠠᠯ ᠬᠢᠪᠡ᠃       ᠱᠢ ᠲᠠᠢ ᠹᠸᠡᠭ ᠬᠤᠷᠠᠯ ᠡᠷᠬᠢᠯᠡᠵᠡᠢ᠃       ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠰᠡᠳ ᠤᠨ ᠪᠡᠯᠡᠳᠬᠡᠯ ᠰᠣᠩᠭᠤᠭᠤᠯᠢ ᠶᠢᠨ ᠦᠷ᠎ᠡ ᠳ᠋ᠦᠩ ᠤᠨ ᠲᠤᠬᠠᠢ ᠶᠡᠷᠦᠩᠬᠡᠢ ᠪᠢᠯᠧᠲ ᠬᠢᠨ᠋ᠬᠠᠴᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠤ ᠵᠢᠱᠢᠭᠳᠡᠭᠰᠡᠳ ᠤᠨ ᠨᠡᠷᠡᠰ ᠢ ᠪᠠᠲᠤᠯᠠᠵᠤ᠂ ᠡᠨᠡ ᠬᠤᠶᠠᠷ ᠨᠡᠷᠡᠰ ᠢ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠳᠤ ᠳᠡᠪᠰᠢᠭᠦᠯᠤᠨ ᠰᠣᠩᠭᠤᠭᠤᠯᠬᠤ ᠪᠠᠷ ᠲᠤᠬᠲᠠᠵᠠᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠣᠷᠣᠯᠬᠠᠴᠢ ᠭᠡᠰᠢᠭᠦᠨ ᠤ ᠵᠢᠱᠢᠭᠳᠡᠭᠰᠠᠳ ᠤᠨ ᠪᠡᠯᠡᠳᠭᠡᠯ ᠰᠣᠩᠭᠤᠭᠤᠯᠢ ᠶᠢᠨ ᠨᠡᠷᠡᠰ ᠢ ᠪᠠᠲᠤᠯᠠᠵᠤ᠂ ᠨᠡᠷᠡᠰ ᠢ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠤᠨ ᠪᠡᠯᠡᠳᠭᠡᠯ ᠰᠣᠩᠭᠤᠭᠤᠯᠢ ᠬᠢᠯᠭᠡᠬᠦ ᠪᠠᠷ ᠲᠣᠭᠲᠠᠪᠠ᠃       ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠢᠯᠡᠳᠬᠡᠯ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠤᠨ ᠲᠤᠬᠠᠢ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠢᠯᠡᠳᠬᠡᠯ ᠤᠨ ᠲᠤᠬᠠᠢ ᠰᠢᠢᠳᠪᠦᠷᠢ ︵ᠲᠥᠰᠦᠯ︶᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠦᠯ︶ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号