ᠠᠶᠢᠯ ᠪᠤᠯᠭᠠᠨ ᠤ ᠠᠪᠳᠠᠷ᠎ᠠ ᠳᠤ ᠪᠠᠴᠢᠮ ᠦᠶ᠎ᠡ ᠳᠤ ᠬᠡᠷᠡᠭᠯᠡᠬᠦ ᠭᠠᠭᠴᠠ ᠬᠤᠶᠠᠷ ᠡᠮ ᠲᠠᠩ ᠪᠠᠶᠢᠳᠠᠭ᠃ | ᠣᠶᠢᠷ᠎ᠠ ᠳᠤ᠂ ᠤᠯᠤᠰ ᠤᠨ ᠡᠮ ᠲᠠᠩ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ | ᠰᠦᠯᠵᠢᠶ᠎ᠡ ᠮᠡᠳᠡᠭᠳᠡᠯ ᠨᠡᠶᠢᠲᠡᠯᠡᠵᠦ᠂ ᠪᠠᠷᠢᠮᠵᠢᠶᠠᠨ ᠳᠤ ᠨᠡᠶᠢᠴᠡᠬᠦ ᠦᠭᠡᠢ 7 ᠪᠦᠯᠦᠭ ᠡᠮ ᠲᠠᠩ ᠢ ᠨᠡᠶᠢᠬᠡᠮ | ᠨᠡᠶᠢᠳᠡ ᠳᠤ ᠵᠠᠷᠯᠠᠨ ᠮᠡᠳᠡᠭᠳᠡᠪᠡ᠃ | ᠡᠬᠦᠨ ᠳᠤ᠂ ᠰᠢᠬᠢᠷ ᠡᠪᠡᠰᠦᠨ ᠤ ᠬᠤᠯᠢᠮᠠᠭ ᠰᠢᠩᠭᠡᠨ᠂ ᠬᠡᠦᠬᠡᠳ ᠤᠨ ᠬᠠᠨᠢᠶᠠᠳᠤ ᠶᠢ ᠵᠣᠭᠰᠣᠭᠠᠬᠤ ᠰᠢᠬᠢᠷᠲᠦ | ᠡᠭᠡᠳᠡᠩ ᠵᠡᠷᠭᠡ ᠶᠡᠷᠦᠳᠡ ᠶᠢᠨ ᠬᠡᠷᠡᠭᠯᠡᠳᠡᠭ ᠡᠮ ᠪᠠᠭᠳᠠᠵᠦ ᠪᠠᠶᠢᠭ᠎ᠠ ᠶᠤᠮ ᠪᠠᠶᠢᠨ᠎ᠠ᠃ ᠪᠠᠷᠢᠮᠵᠢᠶᠠᠨ ᠳᠤ ᠨᠡᠶᠢᠴᠡᠬᠦ | ᠦᠭᠡᠢ ᠡᠳᠡᠭᠡᠷ ᠡᠮ ᠲᠠᠩ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠨᠲᠡ ᠬᠠᠮᠢᠶ᠎ᠠ ᠪᠦᠬᠦᠢ | ᠠᠵᠤ ᠠᠬᠤᠶᠢᠯᠠᠯ ᠪᠠ ᠨᠢᠭᠡᠴᠡ ᠳᠤ ᠱᠠᠭᠠᠷᠳᠠᠨ᠂ ᠪᠣᠷᠣᠯᠠᠭᠤᠯᠭ᠎ᠠ ᠶᠢ ᠨᠢ ᠲᠦᠷ ᠵᠣᠭᠰᠣᠭᠠᠬᠤ ᠪᠤᠶᠤ ᠪᠤᠴᠠᠭᠠᠵᠦ | ᠬᠤᠷᠢᠶᠠᠬᠤ ᠪᠠᠷ ᠳᠠᠮᠵᠢᠨ ᠠᠳᠡᠯ ᠣᠰᠣᠯ ᠢ ᠴᠢᠳᠠᠬᠤ ᠶᠢᠨ ᠳᠣᠳᠣᠷ᠎ᠠ ᠬᠢᠵᠠᠭᠠᠷᠯᠠᠬᠤ ᠪᠠᠷ ᠪᠠᠶᠢᠨ᠎ᠠ᠃ | | |