ᠨᠢᠬᠡᠨ ᠵᠤᠷᠪᠤᠰ ᠰᠢᠨ᠎ᠡ ᠵᠠᠮ
ᠨᠡᠶᠢᠲᠡᠯᠡᠭᠰᠡᠨ ᠴᠠᠭ᠄
2021/12/15
     ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠨ ᠳᠤ ᠮᠤᠷᠳᠠᠵᠤ᠂ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠪᠠᠨ ᠰᠠᠶᠢᠲᠤᠷ ᠭᠦᠢᠴᠡᠳᠭᠡᠬᠦ ᠳᠤ᠂ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠦᠭᠵᠢᠯᠳᠡ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠲᠡᠢ᠃ ᠡᠨᠡ ᠬᠦ ᠰᠢᠨ᠎ᠠ ᠵᠠᠮ ᠢᠶᠠᠷ ᠰᠠᠶᠢᠲᠤᠷ ᠵᠠᠮᠨᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠡ ᠳᠤ ᠣᠷᠣᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠳᠤ ᠭᠦᠨᠵᠡᠭᠡᠶ ᠬᠤᠪᠢᠷᠠᠯᠲᠠ ᠭᠠᠷᠤᠭᠰᠠᠨ ᠤ ᠪᠤᠰᠤᠳᠴᠢ ᠱᠠᠭᠠᠷᠳᠠᠯᠭ᠎ᠠ ᠮᠥᠨ᠂ ᠥᠪᠥᠷ ᠮᠣᠩᠭᠤᠯ ᠰᠢᠨ᠎ᠠ ᠬᠦᠭᠵᠢᠯᠳᠡ ᠶᠢᠨ ᠱᠠᠲᠤᠨ ᠳᠤ ᠰᠠᠭᠤᠷᠢᠯᠠᠵᠤ᠂ ᠰᠢᠨ᠎ᠠ ᠬᠦᠭᠵᠢᠯᠳᠡ ᠶᠢᠨ ᠣᠢᠢᠯᠠᠭᠠᠭᠳᠠᠬᠤᠨ ᠢ ᠳᠣᠣᠱᠯᠠᠭᠤᠯᠵᠦ᠂ ᠰᠢᠨ᠎ᠠ ᠬᠦᠭᠵᠢᠯᠳᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠵᠠᠶᠢᠯᠠᠰᠢ ᠥᠬᠡᠶ ᠰᠣᠩᠭᠤᠯᠲᠠ ᠮᠥᠨ᠂ ᠵᠢᠮ ᠎ᠠ ᠶᠣᠰᠣᠨ ᠳᠤ ᠨᠡᠶᠢᠴᠡᠭᠰᠡᠨ ᠴᠠᠭ ᠦᠶ᠎ᠡ ᠶᠢᠨ ᠶᠡᠭᠡ ᠬᠠᠨᠳᠤᠰᠢ᠂ ᠠᠷᠠᠳ ᠲᠦᠮᠡᠨ ᠤ ᠬᠦᠰᠡᠯ ᠡᠷᠡᠮᠡᠯᠵᠡᠯ ᠮᠥᠨ᠃ ᠡᠨᠡ ᠬᠦ ᠰᠢᠨ᠎ᠠ ᠵᠠᠮ ᠢᠶᠠᠷ ᠰᠠᠶᠢᠲᠤᠷ ᠵᠠᠮᠨᠠᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠠᠴᠠ ᠰᠢᠨ᠎ᠠ ᠴᠠᠭ ᠦᠶ᠎ᠠ ᠶᠢᠨ ᠥᠪᠥᠷ ᠮᠣᠩᠭᠤᠯ ᠤᠨ ᠬᠦᠭᠵᠢᠯᠳᠡ ᠳᠤ ᠲᠠᠯᠪᠢᠭᠰᠠᠨ ᠨᠠᠨᠳᠢᠨ ᠬᠦᠰᠡᠯ ᠨᠠᠶᠢᠳᠠᠯᠭ᠎ᠠ᠂ ᠴᠢᠬᠤᠯᠠ ᠶᠡᠭᠡ ᠤᠯᠤᠰ ᠲᠦᠷᠦ ᠶᠢᠨ ᠱᠠᠭᠠᠷᠳᠠᠯᠭ᠎ᠠ ᠪᠣᠯᠤᠨ᠎ᠠ᠂ ᠥᠴᠦᠬᠡᠨ ᠴᠦ ᠬᠠᠭᠤᠮᠠᠭᠠᠢᠢᠳᠠᠵᠤ ᠪᠣᠯᠬᠤ ᠦᠭᠡᠢ᠃      ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠦᠭᠵᠢᠯᠳᠡ ᠶᠢᠨ ᠰᠢᠨ᠎ᠠ ᠵᠠᠮ ᠢᠶᠠᠷ ᠵᠠᠮᠨᠠᠬᠤ ᠪᠣᠯ ᠬᠥᠭᠵᠢᠯᠲᠡ ᠶᠢᠨ ᠣᠢᠢᠯᠠᠭᠠᠭᠳᠠᠬᠤᠨ ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ ᠬᠠᠷᠠᠯᠲᠠ ᠶᠢᠨ ᠪᠥᠬᠦ ᠲᠠᠯ᠎ᠠ ᠶᠢᠨ ᠬᠤᠪᠢᠷᠠᠯᠲᠠ ᠮᠥᠨ᠂ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ ᠱᠠᠭᠠᠷᠳᠠᠯᠭ᠎ᠠ ᠮᠥᠨ᠂ ᠪᠣᠶ ᠪᠥᠬᠦᠶ ᠬᠦᠷᠢᠶ᠎ᠠ ᠴᠠᠷᠠᠭ᠎ᠠ᠂ ᠪᠣᠶ ᠪᠥᠬᠦᠶ ᠣᠷᠣᠨ ᠪᠦᠰᠡ᠂ ᠪᠣᠶ ᠪᠥᠬᠦᠶ ᠠᠵᠤ ᠦᠢᠯᠡᠰ᠂ ᠪᠣᠶ ᠪᠥᠬᠦᠶ ᠠᠵᠢᠯ ᠲᠥᠷᠥᠯ ᠴᠥᠮ ᠡᠭᠦᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠡᠯ᠎ᠠ ᠵᠦᠢᠯ ᠤᠨ ᠴᠢᠬᠤᠯᠠ ᠶᠡᠭᠡ ᠬᠠᠷᠠᠯᠲᠠ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠠ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠴᠥᠮ ᠡᠨᠡ ᠬᠦ ᠪᠠᠶᠢᠷᠢᠰᠢᠯ ᠶᠣᠰᠣᠭᠠᠷ ᠥᠷᠨᠢᠭᠦᠯᠬᠦ ᠬᠡᠷᠡᠭᠲᠡᠶ᠃ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠢ ᠦᠷᠭᠦᠯᠵᠢᠯᠡᠭᠦᠯᠬᠦᠶ᠎ᠠ ᠪᠡᠷᠬᠡ ᠪᠤᠯᠵᠤ᠂ ᠬᠠᠭᠤᠴᠢᠨ ᠵᠠᠮ ᠢᠶᠠᠷ ᠵᠠᠮᠨᠠᠵᠤ ᠲᠡᠶᠢᠯᠬᠦ ᠦᠭᠡᠢ᠂ ᠲᠠᠬᠢᠨ ᠶᠠᠪᠤᠵᠤ ᠪᠣᠯᠬᠤ ᠦᠭᠡᠢ ᠪᠤᠯᠵᠠᠢ᠂ ᠡᠬᠦᠨ ᠢ ᠠᠮᠢ ᠠᠬᠤᠢ ᠶᠢᠨ ᠣᠷᠴᠢᠨ ᠨᠥᠬᠦᠴᠡᠯ ︽ᠵᠥᠪᠰᠢᠶᠡᠷᠡᠬᠦ ᠦᠭᠡᠢ︾᠂ ᠠᠷᠠᠳ ᠤᠯᠠᠨ ᠨᠡᠩ ᠵᠥᠪᠰᠢᠶᠡᠷᠡᠬᠦ ᠦᠭᠡᠢ ᠭᠡᠳᠡᠭ ᠢ ᠪᠢᠳᠡ ᠡᠷᠬᠡᠪᠰᠢ ᠭᠦᠨᠵᠡᠭᠡᠢ ᠲᠠᠨᠢᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠱᠠᠭᠠᠷᠳᠠᠯᠭ᠎ᠠ ᠳᠤ ᠦᠯᠦ ᠨᠡᠶᠢᠴᠡᠬᠦ ᠴᠢᠨᠠᠭᠰᠢᠯᠠᠪᠠᠯ ᠲᠡᠷᠰᠯᠡᠭᠰᠡᠨ ᠦᠵᠡᠯ ᠰᠠᠨᠠᠭ᠎ᠠ ᠦᠵᠡᠯᠳᠡ ᠲᠠᠨᠢᠯᠳᠠ᠂ ᠦᠢᠯᠡ ᠠᠵᠢᠯᠯᠠᠭ᠎ᠠ ᠠᠷᠭ᠎ᠠ ᠬᠡᠯᠪᠡᠷᠢ᠂ ᠬᠥᠭᠵᠢᠯᠲᠡ ᠶᠢᠨ ᠵᠠᠭᠪᠤᠷ ᠢ ᠡᠷᠡᠰ ᠲᠤᠬᠢᠷᠠᠭᠤᠯᠬᠤ᠂ ᠵᠠᠯᠠᠷᠠᠭᠤᠯᠬᠤ ᠪᠠ ᠲᠠᠶᠠᠭᠳᠠᠵᠤ᠂ ᠶᠤᠰᠤᠨ ᠳᠤᠨᠢ ᠶᠤᠤᠯᠠᠵᠤ᠂ ᠬᠢᠳᠡᠭ ᠢᠶᠠᠷ ᠢᠶᠠᠨ ᠬᠢᠳᠡᠭ ᠢ ᠡᠷᠡᠰ ᠰᠡᠷᠭᠡᠶᠢᠯᠡᠵᠦ ᠬᠤᠷᠳᠤᠴᠠ ᠶᠢ ᠬᠦᠭᠡᠭᠡᠴᠡᠯᠳᠦᠬᠦ᠂ ᠲᠤᠷᠰᠢᠯᠭ᠎ᠠ ᠳᠤ ᠲᠦᠰᠢᠭᠯᠡᠬᠦ ᠠᠴᠠ ᠲᠦᠢᠯᠪᠤᠷᠢᠲᠠᠢ ᠮᠤᠯᠲᠤᠷᠠᠵᠤ᠂ ᠳᠠᠷᠤᠯᠲᠠ ᠶᠢ ᠲᠤᠯᠵᠤ᠂ ᠡᠪᠡᠷᠰᠢᠶᠡᠯ ᠢ ᠲᠡᠰᠪᠦᠷᠢᠯᠡᠵᠦ᠂ ᠯᠠᠪᠳᠠᠭᠤᠨ ᠪᠠᠲᠤᠲᠠᠢ ᠪᠠᠷ ᠰᠢᠨ᠎ᠠ ᠵᠠᠮ ᠢᠶᠠᠷ ᠵᠠᠮᠨᠠᠬᠤ ᠬᠡᠷᠡᠭᠲᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号