ᠲᠠᠮᠠᠴᠡᠬᠦ ᠬᠠᠷᠠᠯᠲᠠ
ᠨᠡᠶᠢᠲᠡᠯᠡᠭᠰᠡᠨ ᠴᠠᠭ᠄
2021/12/15
     ᠥᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠶᠢ ᠲᠣᠳᠣᠷᠬᠠᠢᠢᠯᠠᠪᠠ᠂ ᠲᠠᠷᠤᠢ ᠪᠦᠬᠦ ᠣᠷᠣᠨ ᠲᠠᠶᠠᠭᠠᠷ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ︽ᠬᠤᠶᠠᠷ ᠬᠠᠯᠬᠠᠪᠴᠢ︾ ᠨᠡᠩ ᠪᠠᠬᠢᠵᠢᠵᠦ᠂ ︽ᠬᠤᠶᠠᠷ ᠰᠠᠭᠤᠷᠢᠨ︾ ᠤ ᠶᠠᠰᠤ ᠴᠢᠨᠠᠷ ᠵᠡᠷᠭᠡ ᠪᠠᠷ ᠳᠡᠭᠡᠭᠰᠢᠯᠡᠵᠦ᠂ ︽ᠨᠢᠭᠡ ᠪᠠᠬᠢᠯᠡᠯᠲᠡ︾ ᠶᠢᠨ ᠦᠢᠯᠡᠳᠦᠯ ᠢᠯᠡᠳᠲᠡ ᠲᠤᠪᠤᠶᠢᠮ᠎ᠠ ᠪᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠴᠢᠬᠤᠯᠠ ᠶᠡᠭᠡ ᠠᠯᠬᠤᠮ ᠢ ᠠᠯᠬᠤᠨ᠎ᠠ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠡᠩ ᠶᠡᠭᠡ ᠦᠷ᠎ᠡ ᠪᠦᠲᠦᠭᠡᠯ ᠤᠯᠤᠨ᠎ᠠ᠃ ᠠᠵᠤ ᠦᠢᠯᠡᠰ ᠤᠨ ᠪᠦᠲᠦᠴᠡ ᠂ ᠡᠨᠧᠷᠭᠢ ᠶᠢᠨ ᠪᠦᠲᠦᠴᠡ ᠨᠠᠩ ᠰᠢᠯᠢᠳᠡᠭᠵᠢᠵᠦ᠂ ᠬᠥᠭᠵᠢᠯᠲᠡ ᠶᠢᠨ ᠠᠷᠭ᠎ᠠ ᠬᠡᠯᠪᠡᠷᠢ ᠪᠦᠳᠦᠭᠦᠯᠢᠭ ᠢᠯᠠᠩᠭᠤᠶ᠎ᠠ ᠠᠵᠤ ᠦᠢᠯᠡᠰ ᠤᠨ ᠬᠥᠭᠵᠢᠯᠲᠡ ᠨᠢ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠨᠡᠯᠢᠶᠡᠳ ᠶᠡᠭᠡ ᠲᠦᠰᠢᠭᠯᠡᠬᠦ ᠪᠠᠶᠢᠳᠠᠯ ᠶᠡᠷᠦᠩᠬᠡᠢ ᠳᠡᠭᠡᠨ ᠬᠤᠪᠢᠷᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ ᠳᠡᠭᠡᠭᠰᠢᠯᠡᠵᠦ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠴᠢᠨᠠᠭᠰᠢᠲᠠ ᠴᠢᠩᠭᠠᠷᠠᠨ᠎ᠠ᠃ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ᠂ ᠠᠵᠤ ᠦᠢᠯᠡᠰ ᠤᠨ ᠰᠢᠰᠲ᠋ᠧᠮ᠂ ᠬᠤᠲᠠ ᠪᠠᠯᠭᠠᠰᠤᠨ ᠤ ᠰᠢᠰᠲ᠋ᠧᠮ ᠪᠣᠯᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠨᠠᠩ ᠲᠡᠭᠦᠯᠳᠡᠷᠵᠢᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ᠂ ᠵᠡᠭᠦᠨ ᠳᠤᠮᠳᠠ ᠪᠠᠷᠠᠭᠤᠨ ᠣᠷᠣᠨ ᠤ ᠵᠦᠷᠢᠶᠡᠴᠢᠯᠡᠭᠰᠡᠨ ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠪᠣᠯᠤᠨ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠤᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠵᠣ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠯᠡᠳᠲᠡ ᠰᠠᠶᠢᠵᠢᠷᠠᠵᠤ᠂ ᠬᠤᠮᠠᠬᠢ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠨ᠎ᠠ᠃ ᠠᠮᠢ ᠠᠬᠤᠢ ᠶᠢᠨ ᠣᠷᠴᠢᠨ ᠨᠥᠬᠦᠴᠡᠯ ᠤᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠨᠡᠩ ᠶᠡᠭᠡ ᠦᠷ᠎ᠡ ᠪᠦᠲᠦᠮᠵᠢ ᠤᠯᠤᠨ᠎ᠠ᠃ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠭᠤᠣᠯᠳᠠᠯᠭ᠎ᠠ ᠲᠠᠢ ᠰᠠᠪᠠ ᠭᠠᠵᠠᠷ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠨᠥᠬᠦᠴᠡᠯ ᠢ ᠪᠦᠲᠦᠮᠵᠢᠲᠡᠢ ᠬᠠᠮᠠᠭᠠᠯᠠᠵᠤ᠂ ᠴᠢᠨᠠᠷ ᠰᠠᠶᠢᠲᠠᠢ ᠠᠮᠢ ᠠᠬᠤᠢ ᠶᠢᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ ᠪᠠᠭᠲᠠᠭᠠᠮᠵᠢ ᠶᠢ ᠥᠷᠭᠡᠳᠭᠡᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠵᠣ᠂ ᠭᠤᠤᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠬᠦᠴᠦᠯᠡᠴᠡ ᠪᠦᠲᠦᠮᠵᠢᠲᠡᠶ ᠪᠠᠭᠤᠷᠠᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠲᠦᠷᠢᠮ ᠤᠨ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠠᠮᠢ ᠠᠬᠤᠶ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠰᠠᠶᠢᠵᠢᠷᠠᠬᠤ ᠬᠠᠨᠳᠤᠰᠢ ᠪᠠᠬᠢᠵᠢᠨ ᠥᠷᠭᠡᠵᠢᠨ᠎ᠠ᠃ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠠᠵᠢᠯ ᠨᠡᠩ ᠶᠡᠭᠡ ᠠᠬᠢᠴᠠ ᠲᠠᠢ ᠪᠣᠯᠤᠨ᠎ᠠ᠃      ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠨᠠᠩ ᠴᠢᠨᠠᠷ ᠰᠠᠶᠢᠲᠠᠶ ᠲᠡᠩᠴᠡᠭᠦᠷᠢᠲᠡᠶ ᠪᠣᠯᠭᠠᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠲᠠᠰᠤᠷᠠᠯᠲᠠ ᠦᠭᠡᠢ ᠥᠷᠭᠡᠳᠴᠦ᠂ ᠶᠠᠰᠤ ᠴᠢᠨᠠᠷ ᠢᠯᠡᠳᠲᠡ ᠳᠡᠭᠡᠭᠰᠢᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠪᠢᠶᠠᠷᠢᠯᠠᠯᠲᠠ ᠶᠢᠨ ᠪᠦᠲᠦᠴᠡ ᠢᠯᠡᠳᠲᠡ ᠰᠠᠶᠢᠵᠢᠷᠠᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ᠂ ᠦᠷᠡᠵᠢᠯ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠬᠡᠨ ᠤ ᠰᠢᠰᠲ᠋ᠧᠮ᠂ ᠣᠷᠣᠨ ᠰᠠᠭᠤᠴᠠ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠨᠠᠩ ᠪᠦᠷᠢᠨᠰᠢᠭᠦᠯᠵᠦ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠬᠡᠨ ᠤ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠢ ᠪᠣᠳᠠᠰ ᠤᠨ ᠲᠠᠯ᠎ᠠ ᠠᠴᠠ ᠣᠶᠤᠨ ᠰᠠᠨᠠᠭᠠᠨ ᠤ ᠲᠠᠯ᠎ᠠ ᠬᠦᠷᠲᠡᠯ᠎ᠡ ᠴᠥᠮ ᠶᠠᠪᠤᠬᠤ ᠲᠤᠲᠤᠮ ᠬᠥᠭᠵᠢᠶᠡᠨᠲᠡᠶ ᠪᠣᠯᠭᠠᠨ᠎ᠠ᠃ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠥᠨᠳᠥᠷ ᠪᠦᠲᠦᠮᠵᠢᠲᠡᠶ ᠵᠠᠰᠠᠯᠲᠠ ᠨᠠᠩ ᠶᠡᠭᠡ ᠰᠢᠪᠲᠤᠯᠤᠯᠲᠠ ᠲᠠᠢ ᠪᠣᠯᠤᠨ᠎ᠠ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠨᠡᠩ ᠶᠡᠭᠡ ᠠᠯᠬᠤᠮ ᠢ ᠠᠯᠬᠤᠵᠤ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠰᠢᠨ᠎ᠠ ᠪᠠᠷ ᠴᠢᠩᠭᠠᠳᠬᠠᠨ᠎ᠠ᠃ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠨᠡᠩ ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠨᠡᠩ ᠭᠦᠢᠴᠡᠳ ᠢᠯᠡᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ ᠰᠡᠳᠭᠢᠯ ᠳᠤ ᠭᠦᠨ ᠬᠠᠳᠠᠩᠰᠢᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠬᠤᠯᠠ ᠠᠬᠢᠴᠠ ᠲᠠᠢ ᠪᠣᠯᠭᠠᠨ᠎ᠠ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠲᠠᠰᠤᠷᠠᠯᠲᠠ ᠦᠭᠡᠢ ᠪᠦᠷᠢᠨᠰᠢᠵᠦ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠡᠭᠡ ᠲᠠᠯ᠎ᠠ ᠴᠢᠨᠠᠭᠰᠢᠲᠠ ᠪᠠᠬᠢᠵᠢᠨ ᠬᠥᠭᠵᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号