ᠠᠵᠦ ᠦᠢᠯᠡᠰ ᠤᠨ ᠬᠦᠭᠵᠢᠯᠳᠡ ᠪᠠᠷ ᠴᠢᠨᠡᠭᠡᠯᠢᠭᠵᠢᠯ ᠤᠨ ᠵᠠᠮ ᠢ ᠡᠷᠢᠯᠬᠢᠯᠡᠨ᠎ᠠ
ᠨᠡᠶᠢᠲᠡᠯᠡᠭᠰᠡᠨ ᠴᠠᠭ᠄
2021/12/16
     ᠶᠠᠳᠠᠭᠤ ᠠᠴᠠ ᠠᠩᠭᠢᠵᠢᠷᠠᠭᠤᠯᠬᠤ ᠬᠡᠳᠡᠭ ᠨᠢ ᠡᠴᠦᠰ ᠤᠨ ᠬᠠᠷᠡᠯᠳᠡ ᠪᠢᠰᠢ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠪᠠᠶᠢᠨᠠᠮ᠃ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠰᠢᠷᠠᠬᠦ᠋ᠳᠡᠭᠡ ᠭᠠᠴᠠᠭ᠎ᠠ ᠶᠠᠳᠠᠭᠤ ᠠᠴᠠ ᠠᠩᠭᠢᠵᠢᠷᠡᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠦᠯᠭ᠎ᠠ ᠪᠤᠯᠤᠨ ᠠᠵᠤ ᠦᠢᠯᠡᠰ ᠲᠠᠢ ᠤᠷᠭᠠᠨᠢᠭ ᠤᠶᠠᠯᠳᠤᠭᠤᠯᠬᠤ ᠶᠢ ᠪᠠᠷᠢᠮᠳᠠᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠠᠶᠠᠵᠢᠯ ᠤᠨ ᠵᠠᠮ ᠤᠷᠤᠭᠤ ᠬᠦᠳᠦᠯᠬᠦ ᠶᠢ ᠵᠤᠷᠢᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠨᠡᠨ ᠬᠦ ᠪᠠᠬᠢᠵᠢᠭᠦᠯᠬᠦ ᠪᠠᠷ ᠬᠦᠴᠦᠯᠡᠭᠰᠡᠭᠡᠷ ᠢᠷᠡᠭᠰᠡᠡ ᠪᠢᠯᠡ᠃      ︽ᠡᠲᠡᠭᠡᠷ ᠦᠬᠡᠷ ᠪᠣᠯ ᠮᠠᠨ ᠤ ᠭᠠᠴᠠᠭᠠᠨ ᠤ ︿ᠡᠷᠳᠡᠨᠢ﹀ ᠪᠤᠯᠤᠨ᠎ᠠ᠂ ᠠᠷᠠᠳ ᠣᠯᠠᠨ ᠤ ᠪᠡᠶᠡᠵᠢᠨ ᠴᠢᠨᠡᠭᠡᠯᠢᠭᠵᠢᠬᠦ ᠬᠦᠰᠡᠯ ᠡᠷᠡᠮᠡᠯᠵᠡᠯ ᠮᠥᠨ ᠁︾ ᠭᠡᠵᠦ ᠰᠢᠷᠠᠬᠦ᠋ᠳᠡᠭᠡ ᠭᠠᠴᠠᠭᠠᠨ ᠤ ᠨᠠᠮ ᠤᠨ ᠡᠭᠦᠷ ᠤᠨ ᠱᠦᠵᠢ ᠶᠠᠩ ᠽᠧ ᠶᠤᠸᠠᠨ ᠤᠴᠢᠷᠯᠠᠨ᠎ᠠ᠃ ᠣᠶᠢᠷ᠎ᠠ ᠶᠢᠨ ᠵᠢᠯ ᠳᠤ᠂ ᠠᠯᠠᠱᠠ ᠠᠶᠢᠮᠠᠭ ᠤᠨ ᠱᠤᠸᠠᠩ ᠹᠸᠡᠭ ᠲᠠᠷᠢᠶᠠᠯᠠᠩ ᠮᠠᠯᠵᠢᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠺᠣᠮᠫᠠᠨᠢ ︽ᠭᠤᠷᠪᠠ ᠶᠢ ᠰᠢᠯᠵᠢᠭᠦᠯᠤᠨ ᠨᠢᠭᠡ ᠶᠢ ᠬᠠᠮᠲᠤᠷᠠᠨ ᠪᠠᠶᠢᠭᠤᠯᠬᠤ︾ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠠᠭᠪᠦᠷ ᠢᠶᠠᠷ ᠮᠠᠯᠴᠢᠨ ᠲᠠᠷᠢᠶᠠᠴᠢᠳ ᠤᠨ ᠠᠵᠢᠯ ᠤᠯᠭᠤᠯᠳᠡ ᠶᠢᠨ ᠠᠰᠠᠭᠤᠳᠡᠯ ᠢ ᠰᠢᠢᠳᠪᠦᠷᠢᠯᠡᠡ᠂ ᠤᠯᠠᠮᠵᠢᠯᠠᠯᠲᠤ ᠠᠵᠤ ᠦᠶᠯᠡᠰ ᠤᠨ ᠠᠷᠭ᠎ᠠ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦᠯᠬᠦ ᠳᠤ ᠬᠦᠴᠦᠨ ᠨᠡᠮᠡᠷᠢᠯᠡᠵᠦ᠂ ᠪᠠᠷᠠᠭᠤᠨ ᠪᠠᠯ ᠪᠠᠯᠭᠠᠰᠤᠨ ᠤ ᠬᠠᠷᠢᠶ᠎ᠠ ᠭᠠᠴᠠᠭᠠᠨ ᠤ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠭᠰᠠᠠ ᠪᠠᠶᠢᠨ᠎ᠠ᠃ ︽ᠲᠣᠰ ᠺᠣᠮᠫᠠᠨᠢ ᠶᠢᠨ ᠡᠷᠬᠢᠯᠳᠦᠭᠦᠯᠤᠨ ᠠᠰᠢᠭᠯᠠᠵᠦ ᠪᠠᠶᠢᠭ᠎ᠠ ᠭᠠᠵᠠᠷ ᠰᠢᠷᠣᠶ ᠪᠣᠯ ᠰᠢᠷᠠᠬᠦ᠋ᠳᠡᠭᠡ ᠭᠠᠴᠠᠭᠠᠨ ᠤ ᠬᠠᠮᠲᠤ ᠶᠢᠨ ᠭᠠᠵᠠᠷ ᠰᠢᠷᠣᠶ ᠪᠣᠯᠤᠨ᠎ᠠ᠂ ᠮᠠᠨ ᠤ ᠭᠠᠴᠠᠭ᠎ᠠ ᠵᠢᠯ ᠪᠦᠷᠢ ᠭᠠᠵᠠᠷ ᠰᠢᠷᠣᠶ ᠶᠢ ᠡᠷᠬᠢᠯᠳᠦᠭᠦᠯᠦᠨ ᠠᠰᠢᠭᠯᠠᠭᠰᠠᠠ ᠰᠦᠶᠳᠬᠡᠯ ᠢᠶᠠᠷ ᠬᠠᠮᠲᠤ ᠶᠢᠨ ᠠᠵᠤ ᠠᠬᠤᠶ ᠪᠠᠨ ᠲᠠᠰᠦᠷᠡᠯᠳᠡ ᠦᠭᠡᠢ ᠪᠤᠵᠠᠭᠠᠶᠢᠷᠠᠭᠤᠯᠵᠤ ᠪᠤᠢ᠃ ᠡᠨᠡ ᠺᠣᠮᠫᠠᠨᠢ ︿ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ﹀ ᠶᠢᠨ ᠲᠠᠷᠢᠶᠠᠯᠠᠩ ᠤᠨ ᠠᠵᠤ ᠦᠶᠯᠡᠰᠵᠢᠯᠲᠡ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠷ ᠱᠤᠸᠠᠩ ᠹᠸᠡᠭ ᠲᠦᠮᠡᠨ ᠦᠬᠡᠷ ᠤᠨ ᠶᠠᠳᠠᠭᠤ ᠶᠢ ᠲᠡᠳᠬᠦᠬᠦ ᠰᠠᠭᠤᠷᠢᠨ ᠭᠠᠵᠠᠷ ᠢ ᠪᠠᠶᠢᠭᠤᠯᠵᠡᠢ᠃ ᠪᠠᠰᠠ ᠦᠢᠷ᠎ᠠ ᠬᠠᠪᠢ ᠶᠢᠨ ᠲᠠᠷᠢᠶᠠᠴᠢᠳ ᠤᠨ ᠳᠠᠷᠤᠰᠢᠭᠤᠯᠤᠭᠰᠠᠨ ᠡᠷᠳᠡᠨᠢ ᠰᠢᠰᠢ ᠶᠢ ᠬᠤᠷᠢᠶᠠᠵᠦ᠂ ᠲᠠᠷᠢᠶᠠᠴᠢᠳ ᠤᠨ ᠠᠮᠤ ᠪᠤᠳᠠᠭ᠎ᠠ ᠪᠤᠷᠤᠯᠠᠭᠤᠯᠬᠤ ᠬᠦᠴᠢᠷ ᠠᠰᠠᠭᠤᠳᠠᠯ ᠢ ᠰᠢᠶᠳᠪᠦᠷᠢᠯᠡᠵᠦ ᠦᠭᠭᠦᠭᠰᠡᠠ ᠢᠶᠠᠷ ᠪᠠᠷᠠᠬᠤ ᠦᠭᠡᠢ ᠲᠠᠷᠢᠶᠠᠯᠠᠩ ᠮᠠᠯᠵᠢᠯ ᠤᠨ ᠠᠵᠤ ᠦᠶᠯᠡᠰ ᠤᠨ ᠡᠷᠬᠢᠯᠳᠡ ᠶᠢᠨ ᠭᠤᠭᠴᠤᠭ᠎ᠠ ᠶᠢ ᠪᠤᠢ ᠪᠤᠯᠭᠠᠵᠦ᠂ ᠣᠷᠭᠠᠨᠢᠭ ᠠᠮᠢ ᠠᠬᠤᠶ ᠶᠢᠨ ᠠᠵᠤ ᠦᠶᠯᠡᠰ ᠢ ᠬᠥᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ︾ ᠭᠡᠵᠦ ᠶᠠᠩ ᠽᠧ ᠶᠤᠸᠠᠨ ᠰᠤᠷᠪᠤᠯᠵᠢᠯᠠᠭᠴᠢ ᠳᠤ ᠲᠠᠨᠢᠯᠴᠠᠭᠤᠯᠵᠦ ᠪᠠᠶᠢᠯ᠎ᠠ᠃      ᠶᠠᠩ ᠠᠶ ᠯᠢᠩ ᠪᠣᠯ ᠰᠢᠷᠠᠬᠦ᠋ᠳᠡᠭᠡ ᠭᠠᠴᠠᠭᠠᠨ ᠤ ᠶᠠᠳᠠᠭᠤ ᠬᠦᠴᠢᠷᠳᠡᠯᠲᠡᠶ ᠡᠷᠦᠬᠡ ᠶᠢᠨ ᠨᠢᠬᠡ ᠪᠣᠯᠤᠨ᠎ᠠ᠂ ᠲᠦᠷᠦᠭᠦᠦ ᠬᠡᠳᠦᠨ ᠵᠢᠯ ᠳᠤ ᠤᠯᠤᠰ ᠤᠨ ᠣᠨᠣᠴᠠᠳᠠᠢ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ ᠪᠠᠷ᠂ ᠲᠡᠷᠡ ᠭᠠᠴᠠᠭᠠᠨ ᠤ ᠪᠤᠰᠤᠳ ᠲᠠᠩᠰᠠᠯᠠᠵᠦ ᠺᠠᠷᠲᠯᠠᠭᠰᠠᠨ 24 ᠶᠠᠳᠠᠭᠤ ᠡᠷᠦᠬᠡ ᠲᠠᠢ ᠬᠠᠮᠲᠤ ᠪᠠᠷ ᠲᠡᠳᠬᠦᠮᠵᠢ ᠶᠢᠨ ᠮᠥᠩᠭᠦ ᠶᠢ ᠠᠰᠢᠭᠯᠠᠨ ᠱᠤᠸᠠᠩ ᠹᠸᠡᠭ ᠠᠯᠠᠰᠢᠨ ᠦᠬᠡᠷ ᠤᠨ ᠶᠠᠳᠠᠭᠤ ᠶᠢ ᠲᠡᠳᠬᠦᠬᠦ ᠰᠠᠭᠤᠷᠢᠨ ᠭᠠᠵᠠᠷ ᠲᠤ ᠬᠤᠪᠢ ᠣᠷᠣᠭᠤᠯᠤᠭᠰᠠᠠ ᠠᠴᠠ ᠵᠢᠯ ᠪᠦᠷᠢ ᠠᠰᠢᠭ ᠬᠤᠪᠢᠶᠠᠷᠢᠯᠠᠡ ᠤᠯᠵᠦ ᠪᠤᠢ᠃ ︽ᠤᠯᠵᠠ ᠲᠠᠢ ᠤᠮᠤᠭ ᠲᠠᠢ ᠠᠮᠢᠳᠤᠷᠠᠵᠦ ᠶᠠᠪᠤᠶ᠎ᠠ ᠬᠡᠪᠡᠯ ᠬᠡᠵᠢᠶᠡᠳᠡ ᠦᠷᠦᠭᠡᠯ ᠤᠨ ᠬᠠᠪᠰᠤᠷᠤᠯᠭ᠎ᠠ ᠳᠤ ᠲᠦᠰᠢᠭᠯᠡᠬᠦ ᠪᠢᠰᠢ ᠬᠠᠷᠢᠨ ᠦᠪᠡᠷ ᠤᠨ ᠴᠢᠷᠮᠠᠶᠢᠯᠭ᠎ᠠ ᠪᠠᠷ ᠪᠤᠯᠤᠨ᠎ᠠ᠃ ᠣᠳᠣᠬᠠᠨ ᠳᠤ᠂ ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠡᠷ ᠲᠤ ᠡᠷᠳᠡᠨᠢ ᠰᠢᠰᠢ᠂ ᠦᠬᠡᠷ ᠮᠠᠯ ᠤᠨ ᠢᠯᠭᠠᠳᠠᠰᠤ ᠶᠢ ᠵᠦᠭᠡᠭᠡᠪᠦᠷᠢᠯᠡᠡ ᠪᠠᠭᠤᠯᠭᠠᠬᠤ ᠠᠵᠢᠯ ᠢ ᠬᠠᠪᠰᠤᠷᠤᠨ ᠬᠢᠵᠦ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃ ᠬᠦᠯᠦᠰᠦᠨ ᠠᠵᠢᠯ ᠬᠢᠨ᠎ᠠ ᠬᠡᠵᠦ ᠬᠡᠳᠦ᠋ᠢᠪᠡᠷ ᠶᠠᠳᠠᠷᠠᠭ᠎ᠠ ᠲᠠᠢ ᠪᠤᠯᠪᠠᠴᠦ ᠵᠢᠯ ᠳᠡᠭᠡᠨ 2 — 3 ᠲᠦᠮᠡᠨ ᠲᠥᠭᠦᠷᠢᠭ ᠤᠨ ᠣᠷᠣᠯᠭ᠎ᠠ ᠲᠠᠢ︾ ᠬᠡᠵᠦ ᠲᠡᠷᠡ ᠢᠨᠢᠶᠡᠮᠰᠦᠭᠯᠡᠨ ᠶᠠᠷᠢᠵᠦ ᠪᠢᠯᠠ᠃      ᠣᠨᠴᠠᠯᠢᠭᠲᠤ ᠠᠵᠤ ᠦᠶᠯᠡᠰ ᠢ ᠬᠥᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠦᠨᠳᠦᠰᠦᠨ ᠠᠷᠭ᠎ᠠ ᠪᠠᠷᠢᠯ᠂ ᠮᠦᠨᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠰᠠᠭᠤᠷᠢ ᠪᠤᠯᠤᠨ᠎ᠠ᠃ ᠣᠶᠢᠷ᠎ᠠ ᠶᠢᠨ ᠵᠢᠯ ᠳᠤ᠂ ᠪᠠᠷᠠᠭᠤᠨ ᠪᠠᠯ ᠪᠠᠯᠭᠠᠰᠤᠨ ᠤ ᠰᠢᠷᠠᠬᠦ᠋ᠳᠡᠭᠡ ᠭᠠᠴᠠᠭ᠎ᠠ ᠲᠣᠰ ᠪᠡᠶ᠎ᠡ ᠶᠢᠨ ᠬᠥᠭᠵᠢᠯᠲᠡ ᠶᠢᠨ ᠳᠠᠪᠠᠭᠤᠯᠢᠭ ᠤᠨ ᠲᠣᠭᠤᠷᠢᠨ ᠳᠤ ᠲᠠᠷᠢᠶᠠᠨ ᠭᠠᠵᠠᠷ ᠪᠤᠯᠤᠨ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ ᠠᠷᠭ᠎ᠠ ᠠᠪᠴᠠᠯ ᠢᠶᠠᠷ ᠥᠨᠳᠥᠷ ᠪᠦᠲᠦᠮᠵᠢᠲᠡᠶ᠂ ᠤᠰᠤ ᠠᠷᠪᠢᠯᠠᠬᠤ᠂ ᠪᠣᠬᠢᠷᠲᠤᠯ ᠥᠬᠡᠶ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠥᠴᠥᠷᠭᠡᠭᠵᠢᠬᠦᠯᠥᠯᠳᠠ ᠪᠠᠷ ᠠᠵᠤ ᠦᠶᠯᠡᠰ ᠤᠨ ᠬᠥᠭᠵᠢᠯᠲᠡ ᠶᠢ ᠳᠠᠶᠢᠴᠢᠯᠠᠬᠤ ᠶᠢ ᠵᠤᠷᠢᠬᠰᠠᠭᠠᠷ ᠢᠷᠡᠵᠡᠢ᠃ ︽ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠳᠤᠳᠬᠠᠬᠤ ᠶᠢᠨ ᠲᠥᠯᠥᠭᠡ᠂ ᠬᠤᠶᠢᠰᠢᠳᠠ ᠪᠢᠳᠡ ᠭᠠᠴᠠᠭᠠᠨ ᠤ ᠣᠲᠣᠬᠠᠨ ᠤ ᠪᠠᠶᠢᠭ᠎ᠠ ᠠᠯᠠᠰᠢᠨ ᠦᠬᠡᠷ ᠲᠡᠵᠢᠭᠡᠬᠦ 3 ᠠᠵᠤ ᠠᠬᠤᠶᠢᠯᠠᠯ ᠪᠤᠯᠤᠨ ᠦᠵᠦᠮ ᠤᠳᠦᠬᠢᠴᠢᠯᠠᠭᠰᠠᠠ ᠲᠠᠷᠢᠶᠠᠯᠡᠩ ᠮᠠᠯ ᠠᠵᠦ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠳᠤ ᠲᠦᠰᠢᠭᠯᠡᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠶᠯᠡᠰ ᠢ ᠲᠠᠰᠤᠷᠠᠯᠲᠠ ᠥᠬᠡᠶ ᠬᠥᠭᠵᠢᠭᠦᠯᠬᠦ ᠶᠢᠨ ᠬᠠᠮᠲᠤ ᠣᠷᠭᠠᠨᠢᠭ ᠠᠮᠢ ᠠᠬᠤᠶ ᠶᠢᠨ ᠬᠦᠭᠵᠢᠯᠳᠡ ᠪᠠᠷ ᠠᠵᠤ ᠦᠶᠯᠡᠰ ᠤᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠲᠠᠷᠢᠶᠠᠴᠢᠨ ᠡᠷᠦᠬᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠬᠥᠭᠵᠢᠭᠡᠵᠦ᠂ ᠬᠥᠳᠡᠭᠡ ᠲᠣᠰᠬᠤᠨ ᠢ ᠬᠦᠭᠵᠢᠬᠦᠯᠤᠨ ᠮᠠᠨᠳᠦᠭᠤᠯᠬᠤ ᠪᠠᠷ ᠲᠠᠮᠵᠢᠨ ᠮᠠᠯᠴᠢᠨ ᠲᠠᠷᠢᠶᠠᠴᠢᠳ ᠲᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠤᠯᠤᠨ ᠵᠣᠯ ᠵᠢᠷᠭᠠᠯᠲᠤ ᠲᠥᠷᠥᠭᠳᠡᠯ ᠢ ᠤᠯᠭᠤᠬᠤ ᠪᠠᠷ ᠴᠢᠷᠮᠠᠶᠢᠨ᠎ᠠ︾ ᠭᠡᠵᠦ ᠶᠠᠩ ᠽᠧ ᠶᠤᠸᠠᠨ ᠶᠠᠷᠢᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号