ᠢᠷᠠᠭᠤ ᠨᠠᠶᠢᠷᠠᠭᠴᠢ ᠲᠠᠭᠤᠳᠠᠭᠠᠴᠢ ᠡᠩᠬᠡᠬᠠᠳᠠ ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ᠠᠷᠪᠠᠳᠤᠭᠠᠷ ᠤᠳᠠᠭᠠᠨ ᠤ ᠪᠥᠭᠦ ᠤᠯᠤᠰ ᠤᠨ ᠲᠥᠯᠤᠬᠡᠯᠡᠭᠴᠢᠳ ᠤᠨ ᠶᠡᠭᠡ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2021/12/20
   12 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠤᠨ ᠠᠷᠪᠠᠨ ᠨᠢᠭᠡᠳᠦᠭᠡᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠠᠷᠪᠠᠳᠤᠭᠠᠷ ᠤᠳᠠᠭᠠᠨ ᠤ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠬᠤᠳᠠᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠷᠠᠯᠳᠤᠵᠤ᠂ ᠠᠯᠠᠱᠠ ᠠᠶᠢᠮᠠᠭ ᠤᠨ ᠵᠣᠬᠢᠶᠠᠯᠴᠢᠳ ᠤᠨ ᠨᠡᠶᠢᠬᠡᠮᠯᠢᠭ ᠤᠨ ᠲᠡᠷᠢᠭᠦᠯᠡᠭᠴᠢ᠂ ᠨᠡᠷᠡᠳᠤ ᠢᠷᠠᠭᠤ ᠨᠠᠶᠢᠷᠠᠭᠴᠢ᠂ ᠤᠷᠠᠨ ᠪᠥᠳᠤᠬᠡᠯᠴᠢ ᠲᠠᠭᠤᠳᠠᠭᠠᠴᠢ ᠡᠩᠬᠡᠬᠠᠳᠠ ᠥᠪᠥᠷ ᠮᠣᠩᠭᠤᠯ ᠤᠨ ᠲᠥᠯᠥᠭᠡᠯᠡᠭᠴᠢ ᠶᠢᠨ ᠬᠤᠪᠢ ᠪᠠᠷ ᠬᠤᠷᠠᠯ ᠳᠤ ᠣᠷᠣᠯᠴᠠᠪᠠ᠃     ᠲᠠᠪᠤᠨ ᠵᠢᠯ ᠳᠤ ᠨᠢᠭᠡ ᠤᠳᠠᠭ᠎ᠠ ᠶᠠᠪᠤᠭᠳᠠᠳᠠᠭ ᠪᠦᠬᠦ ᠤᠯᠤᠰ ᠤᠨ ᠤᠳᠬ᠎ᠠ ᠤᠷᠠᠯᠢᠭ ᠤᠨ ᠠᠵᠢᠯᠳᠠᠨ ᠤ ᠲᠥᠯᠥᠭᠡᠯᠡᠭᠴᠢᠳ ᠤᠨ ᠬᠤᠷᠠᠯ᠂ ᠵᠤᠬᠢᠶᠠᠯᠴᠢ ᠶᠢᠨ ᠲᠥᠯᠥᠭᠡᠯᠡᠭᠴᠢᠳ ᠤᠨ ᠬᠤᠷᠠᠯ ᠪᠣᠯ ᠪᠦᠬᠦ ᠤᠯᠤᠰ ᠤᠨ ᠤᠳᠬ᠎ᠠ ᠤᠷᠠᠯᠢᠭ ᠤᠨ ᠬᠢᠨ ᠤ ᠬᠡᠪᠴᠢᠶ᠎ᠡ ᠪᠠᠷ ᠬᠠᠮᠤᠭ ᠤᠨ ᠶᠡᠭᠡ᠂ ᠪᠠᠷᠢᠮᠵᠢᠶ᠎ᠠ ᠪᠠᠷ ᠬᠠᠮᠤᠭ ᠤᠨ ᠥᠨᠳᠥᠷ ᠦᠪᠡᠳᠡᠭᠰᠢ ᠬᠤᠷᠠᠯ ᠪᠣᠯᠤᠨ᠎ᠠ᠃ ᠬᠤᠷᠠᠯ ᠳᠤ ᠪᠦᠬᠦ ᠤᠯᠤᠰ ᠤᠨ ᠡᠯ᠎ᠡ ᠭᠠᠵᠠᠷ ᠤᠷᠤᠨ ᠤ ᠡᠯ᠎ᠡ ᠪᠦᠯᠬᠦᠮ ᠤᠨ ᠭᠡᠰᠢᠭᠦᠨ ᠪᠠᠶᠢᠭᠤᠯᠭ᠎ᠠ ᠵᠢᠴᠢ ᠡᠯ᠎ᠡ ᠠᠵᠢᠯ ᠲᠦᠷᠦᠯ ᠤᠨ ᠤᠳᠬ᠎ᠠ ᠤᠷᠠᠯᠢᠭ ᠤᠨ ᠠᠵᠢᠯᠲᠠᠳ ᠴᠤᠭᠯᠠᠷᠠᠨ ᠤᠳᠬ᠎ᠠ ᠤᠷᠠᠯᠢᠭ ᠤᠨ ᠬᠥᠭᠵᠢᠯᠲᠡ ᠶᠢᠨ ᠲᠤᠬᠠᠢ ᠬᠠᠮᠲᠤ ᠪᠠᠷ ᠶᠠᠷᠢᠯᠴᠠᠨ᠎ᠠ᠃ ᠲᠤᠰ ᠤᠳᠠᠭᠠᠨ ᠤ ᠪᠦᠬᠦ ᠤᠯᠤᠰ ᠤᠨ ᠤᠳᠬ᠎ᠠ ᠤᠷᠠᠯᠢᠭ ᠤᠨ ᠠᠵᠢᠯᠲᠠᠨ ᠤ ᠲᠥᠯᠥᠭᠡᠯᠡᠭᠴᠢᠳ ᠤᠨ ᠶᠡᠭᠡ ᠬᠤᠷᠠᠯ᠂ ᠵᠤᠬᠢᠶᠠᠯᠴᠢ ᠶᠢᠨ ᠲᠥᠯᠥᠭᠡᠯᠡᠭᠴᠢᠳ ᠤᠨ ᠶᠡᠭᠡ ᠬᠤᠷᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠬᠡᠯᠡᠵᠤ᠂ ᠶᠡᠷᠦᠩᠬᠡᠢ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠭᠰᠠᠨ ᠠᠬᠤᠢ ᠪᠠᠶᠢᠳᠠᠯ ᠳᠣᠣᠷ᠎ᠠ ᠬᠤᠷᠠᠯᠳᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠤᠯᠤᠨ᠎ᠠ᠃ ᠲᠡᠷᠡᠴᠢᠯᠡᠨ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠢ ᠪᠦᠯᠬᠦᠮᠳᠡᠭᠦᠯᠦᠨ ᠳᠠᠭᠠᠭᠤᠯᠵᠤ᠂ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃    ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠠᠨ ᠤ ᠤᠳᠬ᠎ᠠ ᠤᠷᠠᠯᠢᠭ ᠤᠨ ᠦᠢᠯᠡᠰ ᠤᠨ ᠬᠥᠭᠵᠢᠯᠲᠡ ᠪᠣᠯᠤᠨ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠳᠤ ᠴᠢᠬᠤᠯᠠ ᠵᠢᠯᠣᠭᠤᠳᠬᠤ ᠠᠴᠢ ᠬᠤᠯᠪᠤᠭᠳᠠᠯ ᠲᠠᠢ ᠮᠥᠷᠳᠡᠬᠡᠨ ᠬᠥᠮᠦᠰ ᠤᠨ ᠰᠡᠳᠬᠢᠯ ᠢ ᠬᠥᠭᠵᠢᠭᠡᠵᠦ᠂ ᠢᠯᠠᠩᠭᠤᠶ᠎ᠠ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠳᠤ ᠳᠤᠷᠠᠳᠤᠭᠰᠠᠨ ᠲᠠᠪᠤᠨ ᠲᠠᠯ᠎ᠠ ᠶᠢᠨ ᠬᠦᠰᠡᠯ ᠡᠷᠡᠮᠡᠯᠵᠡᠯ ᠨᠢ ᠲᠥᠯᠤᠬᠡᠯᠡᠭᠴᠢᠳ ᠲᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ᠃ ᠲᠠᠭᠤᠳᠠᠭᠠᠴᠢ ᠡᠩᠬᠡᠬᠠᠳᠠ᠄ ︽ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠮᠢᠨᠦ ᠵᠣᠬᠢᠶᠠᠨ ᠪᠦᠲᠦᠭᠡᠬᠦ ᠤᠷᠮ᠎ᠠ ᠵᠣᠷᠢᠭ ᠢ ᠨᠡᠩ ᠬᠥᠭᠵᠢᠭᠡᠵᠦ᠂ ᠵᠣᠬᠢᠶᠠᠨ ᠪᠦᠲᠦᠭᠡᠬᠦ ᠢᠲᠡᠭᠡᠯ ᠵᠣᠷᠢᠭ ᠢ ᠬᠥᠪᠴᠢᠯᠡᠪᠡ᠃ ᠪᠢ ᠡᠨᠡ ᠤᠳᠠᠭᠠᠨ ᠤ ᠠᠵᠠ ᠲᠣᠬᠢᠶᠠᠯ ᠢ ᠮᠠᠰᠢ ᠨᠠᠨᠳᠢᠩᠨᠠᠵᠤ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ ᠲᠥᠯᠥᠭᠡᠯᠡᠭᠴᠢᠳ ᠲᠠᠢ ᠢᠳᠡᠪᠬᠢᠲᠡᠢ ᠪᠠᠷ ᠰᠠᠨᠠᠯ ᠢᠶᠠᠨ ᠰᠣᠯᠢᠯᠴᠠᠵᠤ᠂ ᠬᠠᠷᠢᠯᠴᠠᠨ ᠰᠤᠷᠤᠯᠴᠠᠯ᠎ᠠ᠃ ᠡᠨᠡ ᠤᠳᠠᠭᠠᠨ ᠤ ᠶᠡᠭᠡ ᠬᠤᠷᠠᠯ ᠨᠢ ᠮᠠᠨ ᠤ ᠤᠯᠤᠰ ᠤᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠰᠢᠨ᠎ᠡ ᠡᠬᠢᠯᠡᠯᠲᠡ ᠪᠣᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠵᠣᠬᠢᠶᠠᠯᠴᠢ ᠪᠣᠯᠤᠭᠰᠠᠨ ᠤ ᠬᠤᠪᠢ ᠳᠤ ᠦᠨᠳᠦᠰᠦᠲᠡᠨ ᠨᠦᠭᠦᠳ ᠤᠨ ᠰᠦᠷ ᠲᠠᠯᠠᠶᠢᠴᠠ ᠲᠠᠢ ᠲᠡᠦᠬᠡ ᠶᠢᠨ ᠬᠠᠭᠤᠳᠠᠰᠤ ᠶᠢ ᠪᠢᠷ ᠪᠡᠬᠡᠰ ᠢᠶᠠᠷ ᠦᠨᠡᠨ ᠪᠣᠳᠠᠲᠠᠶ ᠵᠢᠷᠤᠭᠯᠠᠵᠤ᠂ ᠬᠤᠶᠢᠰᠢᠳᠠ ᠴᠠᠭ ᠦᠶ᠎ᠡ ᠠᠴᠠ ᠥᠯᠥ ᠣᠰᠣᠯᠳᠠᠬᠤ ᠨᠡᠩ ᠣᠯᠠᠨ ᠤᠷᠠᠨ ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠤ ᠰᠣᠶᠣᠯ ᠤᠨ ᠠᠭᠤᠰᠤᠯᠴᠠᠯ ᠰᠤᠯᠢᠯᠴᠠᠭᠠᠨ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠠᠷᠢᠭᠤᠴᠠᠯᠭ᠎ᠠ ᠪᠠ ᠡᠭᠦᠷᠭᠡ ᠲᠠᠢ ᠶᠤᠮ︾ ᠬᠡᠯ᠎ᠡ᠃
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号