2022 ᠣᠨ ᠤ ᠠᠰᠫᠢᠷᠠᠨᠲ ᠰᠢᠯᠭᠠᠭᠤᠯᠬᠤ ᠪᠠᠷ ᠨᠡᠷ᠎ᠡ ᠮᠡᠳᠡᠭᠦᠯᠦᠭᠰᠡᠨ  ᠬᠥᠮᠦᠨ ᠤ ᠲᠤᠭ᠎ᠠ 457 ᠲᠦᠮᠡ ᠳᠤ ᠬᠦᠷᠴᠡᠶ︕  ᠰᠤᠷᠭᠠᠨ ᠬᠥᠮᠦᠵᠢᠯ ᠤᠨ  ᠶᠠᠮᠤᠨ ᠴᠢᠬᠤᠯᠠ ᠰᠠᠨᠠᠭᠤᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2021/12/27
     2022 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ  ᠰᠢᠯᠭᠠᠯᠲᠠ  12  ᠰᠠᠷ᠎ᠠ ᠶᠢᠨ  25 ᠤ  ᠡᠳᠦᠷ ᠠᠴᠠ 27 ᠤ ᠡᠳᠦᠷ ᠪᠣᠯᠲᠠᠯ᠎ᠠ ᠶᠠᠪᠤᠭᠳᠠᠨ᠎ᠠ᠂ ᠡᠨᠡ ᠵᠢᠯ ᠪᠥᠬᠦ ᠤᠯᠤᠰ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠨ ᠬᠥᠮᠦᠨ ᠤ  ᠲᠤᠭ᠎ᠠ 457 ᠲᠦᠮᠡ ᠳᠤ ᠬᠦᠷᠴᠡᠢ᠃ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠰᠢᠤᠢ ᠮᠧᠶ 22 ᠤᠨ ᠡᠳᠦᠷ ᠤᠨ ᠦᠳᠡ ᠶᠢᠨ  ᠡᠮᠦᠨ᠎ᠡ  ᠶᠠᠪᠤᠭᠳᠠᠭᠰᠠᠨ  ᠰᠤᠷᠭᠠᠨ  ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠡᠨᠡ ᠵᠢᠯ ᠬᠢᠵᠢᠭ ᠤᠨ ᠪᠠᠶᠢᠳᠠᠯ  ᠨᠠᠷᠢᠨ  ᠪᠤᠳᠤᠯᠢᠶᠠᠨᠲᠠᠶ ᠪᠠᠶᠢᠭ᠎ᠠ  ᠭᠤᠤᠯᠳᠠᠯᠭ᠎ᠠ ᠲᠠᠢ  ᠮᠤᠵᠢ  ᠣᠷᠣᠨ ᠳᠤ  ᠲᠤᠰᠬᠠᠶ  ᠲᠣᠬᠢᠷᠠᠭᠤᠯᠤᠯᠲᠠ  ᠬᠢᠵᠦ᠂  ᠪᠠᠴᠢᠮ  ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠵᠢᠭ ᠤᠨ ᠰᠢᠯᠳᠠᠭᠠᠨ ᠢᠶᠠᠷ ᠪᠢᠳᠡᠬᠦᠮᠵᠢᠯᠡᠭᠰᠡᠨ ᠭᠠᠵᠠᠷ ᠣᠷᠣᠨ ᠳᠤ ᠬᠤᠷᠢᠬᠳᠠᠬᠰᠠᠨ  ᠰᠢᠯᠭᠠᠭᠤᠯᠤᠭᠴᠢ ᠶᠢᠨ ᠲᠤᠬᠠᠶ ᠶᠢᠨ  ᠭᠠᠵᠠᠷ ᠲᠤ ᠰᠢᠯᠭᠠᠯᠲᠠ ᠳᠤ  ᠣᠷᠣᠯᠴᠠᠬᠤ ᠶᠢ ᠴᠠᠭ ᠲᠤᠬᠠᠶ ᠳᠤᠨᠢ  ᠲᠣᠬᠢᠲᠠᠶ  ᠰᠢᠢᠳᠪᠦᠷᠢᠯᠡᠵᠦ᠂  ᠬᠤᠯᠪᠣᠭᠳᠠᠯ  ᠪᠥᠬᠦᠶ  ᠰᠢᠯᠭᠠᠭᠤᠯᠤᠭᠴᠢ ᠶᠢᠨ  ᠰᠢᠯᠭᠠᠯᠲᠠ ᠳᠤ  ᠤᠷᠤᠭᠰᠢᠲᠠᠶ ᠣᠷᠣᠯᠴᠠᠬᠤ ᠶᠢ ᠦᠨᠡᠨ ᠬᠦ ᠪᠠᠲᠤᠯᠠᠨ᠎ᠠ ᠭᠡᠪᠡ᠃      ᠰᠢᠤᠢ ᠮᠧᠶ ᠴᠢᠬᠤᠯᠠᠴᠢᠯᠠᠬᠤ ᠳᠠᠭᠠᠨ᠂ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠪᠣᠯ ᠤᠯᠤᠰ ᠤᠨ ᠰᠤᠷᠭᠠᠨ ᠬᠥᠮᠦᠵᠢᠯ ᠤᠨ  ᠰᠢᠯᠭᠠᠯᠲᠠ  ᠮᠥᠨ᠃  ︽ᠡᠷᠡᠭᠦᠦ ᠶᠢᠨ  ᠬᠠᠤᠯᠢ ᠳᠤ  ᠵᠠᠰᠠᠪᠤᠷᠢ ᠣᠷᠣᠭᠤᠯᠬᠤ  ᠲᠥᠰᠦᠯ  ︵ᠶᠢᠰᠦ︶ ᠳᠤ᠂ ᠰᠢᠯᠭᠠᠯᠲᠠ ᠳᠤ ᠬᠡᠮ ᠬᠢᠬᠦ ᠶᠢ  ᠵᠣᠬᠢᠶᠠᠨ  ᠪᠠᠶᠢᠭᠤᠯᠬᠤ᠂  ᠰᠢᠯᠭᠠᠯᠲᠠ ᠶᠢᠨ  ᠰᠡᠳᠦᠪ   ᠢ  ᠬᠠᠤᠯᠢ  ᠪᠤᠰᠤ ᠪᠠᠷ  ᠬᠤᠳᠠᠯᠳᠤᠬᠤ᠂ ᠰᠢᠯᠭᠠᠯᠳᠠ ᠰᠡᠳᠦᠪ᠂ ᠰᠢᠯᠭᠠᠯᠳᠠ ᠶᠢᠨ ᠬᠠᠷᠢᠭᠤᠯᠳᠠ ᠶᠢ  ᠬᠠᠨᠭ᠍ᠭᠠᠨ ᠦᠭᠭᠦ  ᠪᠠ  ᠬᠦᠮᠦᠨ   ᠢ  ᠤᠷᠤᠯᠠᠨ  ᠰᠢᠯᠭᠠᠯᠲᠠ   ᠳᠤ ᠤᠷᠤᠯᠴᠠᠬᠤ  ᠪᠣᠯ  ᠬᠠᠤᠯᠢ ᠶᠢ  ᠵᠥᠷᠢᠴᠡᠭᠰᠡᠨ ᠶᠠᠯᠠᠲᠤ  ᠠᠵᠢᠯᠯᠠᠭ᠎ᠠ ᠳᠤ  ᠲᠣᠭᠠᠴᠠᠭᠳᠠᠨ᠎ᠠ  ᠬᠡᠵᠦ  ᠲᠤᠳᠤᠷᠬᠠᠶᠢᠯᠠᠪᠠ︔ ︽ᠰᠢᠯᠭᠠᠯᠲᠠ ᠳᠤ ᠬᠡᠮ ᠬᠢᠬᠦ ᠶᠢ ᠵᠣᠬᠢᠶᠠᠨ ᠪᠠᠶᠢᠭᠤᠯᠬᠤ ᠵᠡᠷᠭᠡ  ᠡᠷᠡᠭᠦᠦ ᠶᠢᠨ  ᠬᠡᠷᠡᠭ ᠢ  ᠰᠢᠢᠳᠪᠦᠷᠢᠯᠡᠬᠦ ᠳᠤ  ᠬᠡᠷᠡᠭᠯᠡᠬᠦ  ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠠᠷᠠᠳ ᠤᠨ ᠳᠡᠭᠡᠳᠦ ᠰᠢᠭᠦᠬᠦ  ᠬᠤᠷᠢᠶ᠎ᠠ᠂ ᠠᠷᠠᠳ ᠤᠨ  ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠯᠲᠠ︾ ᠳᠤ᠂ ᠠᠰᠫᠢᠷᠠᠨᠲ ᠡᠯᠰᠡᠬᠦ ᠰᠢᠯᠭᠠᠯᠲᠠ ᠳᠤ ᠬᠡᠮ ᠬᠢᠬᠦ ᠶᠢ ᠵᠣᠬᠢᠶᠠᠨ ᠪᠠᠶᠢᠭᠤᠯᠤᠭᠰᠠᠨ ︽ᠤᠢᠢᠯᠠ ᠪᠠᠶᠢᠳᠠᠯ ᠨᠢ ᠬᠦᠨᠳᠦ ᠨᠣᠴᠢᠲᠠᠢ︾ ᠤᠢᠢᠯᠠ ᠠᠵᠢᠯᠯᠠᠭ᠎ᠠ ᠶᠢ ᠭᠤᠷᠪᠠᠨ ᠵᠢᠯ ᠠᠴᠠ  ᠳᠡᠭᠡᠭᠰᠢ  ᠲᠤᠯᠦᠭᠠᠠ  ᠵᠢᠯ ᠠᠴᠠ  ᠲᠤᠷᠤᠬᠰᠢ ᠬᠤᠭᠤᠴᠠᠭ᠎ᠠ ᠲᠠᠢ ᠬᠤᠷᠢᠬᠤ ᠪᠠᠷ ᠰᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ ᠬᠡᠵᠦ  ᠲᠤᠳᠤᠷᠬᠠᠶᠢᠯᠠᠪᠠ ᠬᠡᠵᠡᠢ᠃  
 
ᠢᠷᠡᠯᠲᠡ᠄ ᠠᠷᠠᠳ ‍ᠤᠨ‌‍ᠰᠦ᠋ᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号