ᠲᠡᠷᠭᠡ ᠨᠡᠪᠲᠡᠷᠡᠪᠡ︕
ᠨᠡᠶᠢᠲᠡᠯᠡᠭᠰᠡᠨ ᠴᠠᠭ᠄
2021/12/28
     12 ᠳ᠋ᠤᠭᠠᠷ ᠰᠠᠷ᠎ᠠ ᠶᠢᠨ 26 ᠤ  ᠡᠳᠦᠷ  ᠬᠥᠬᠡᠬᠤᠲᠠ ᠠᠴᠠ  ᠪᠠᠶᠠᠨᠨᠠᠭᠤᠷ  ᠬᠦᠷᠬᠦ  C487/8  ᠬᠤᠲᠠ ᠶᠢᠨ ᠬᠤᠭᠤᠷᠣᠨᠳᠣᠬᠢ ᠬᠥᠳᠡᠯᠭᠡᠭᠦᠷᠲᠦ ᠴᠤᠪᠤᠭ᠎ᠠ ᠲᠡᠷᠭᠡ ᠤᠷᠤᠭᠰᠢᠲᠠᠶ ᠠᠶᠠᠯᠠᠪᠠ᠃      12 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ C487 ᠬᠥᠳᠡᠯᠭᠡᠭᠦᠷᠲᠦ  ᠴᠤᠪᠤᠭ᠎ᠠ  ᠲᠡᠷᠭᠡ 8᠄ 05 ᠳᠤ ᠬᠥᠬᠡᠬᠤᠲᠠ ᠵᠡᠭᠦᠨ ᠥᠷᠲᠡᠭᠡ ᠠᠴᠠ ᠮᠣᠷᠳᠠᠵᠤ᠂ 11᠄ 25 ᠲᠤ ᠯᠢᠨᠾᠧ ᠥᠷᠲᠡᠭᠡ ᠳᠤ ᠬᠥᠷᠪᠡ᠃       ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ  ᠬᠥᠬᠡᠬᠤᠲᠠ ᠶᠢᠨ  ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ C 487/8 ᠵᠢᠰᠢᠶᠠᠨ ᠤ ᠭᠠᠯᠲᠤ ᠲᠡᠷᠭᠡ ᠨᠢ CR200J ᠬᠡᠯᠪᠡᠷᠢ ᠶᠢᠨ ︽ᠹᠦ᠋ ᠰᠢᠩ ᠨᠡᠷᠡᠮᠵᠢᠲᠦ︾ ᠬᠥᠳᠡᠯᠭᠡᠭᠦᠷᠲᠦ ᠴᠤᠪᠤᠭ᠎ᠠ ᠲᠡᠷᠭᠡ ᠮᠦᠨ᠂ ᠲᠡᠷᠭᠡ ᠨᠢ ᠨᠣᠭᠤᠭᠠᠨ ᠥᠩᠭᠡ ᠲᠠᠢ ᠠᠴᠠ᠂ ᠥᠷᠭᠡᠨ ᠣᠯᠠᠨ ᠠᠶᠠᠨᠴᠢᠳ ᠲᠤ ︽ᠨᠣᠭᠤᠭᠠᠨ ᠠᠪᠤᠷᠭᠤ ᠬᠦᠮᠦᠨ︾ ᠬᠡᠮᠡᠨ ᠨᠡᠷᠡᠯᠡᠭᠲᠡᠪᠡ᠃ ᠲᠣᠰ ᠬᠡᠯᠪᠡᠷᠢ ᠶᠢᠨ ᠭᠠᠯᠲᠤ ᠲᠡᠷᠭᠡ ᠨᠢ ᠳᠤᠮᠳᠠᠳᠤ ᠤᠯᠤᠰ ᠤᠨ ᠥᠨᠳᠥᠷ ᠬᠤᠷᠳᠤᠴᠠᠲᠤ ᠲᠡᠮᠦᠷ ᠵᠠᠮ ᠤᠨ ᠬᠠᠮᠤᠭ ᠤᠨ ᠲᠡᠷᠢᠭᠦᠨ ᠤ ᠣᠯᠠᠨ  ᠵᠦᠢᠯ ᠤᠨ ᠮᠡᠷᠭᠡᠵᠢᠯ ᠢ ᠬᠡᠷᠡᠭᠯᠡᠵᠦ᠂ ᠲᠡᠷᠭᠡᠨ ᠳᠣᠲᠣᠷᠠᠬᠢ ᠦᠢᠯᠡᠴᠢᠯᠡᠭᠡᠨ ᠤ ᠲᠥᠬᠦᠭᠡᠷᠦᠮᠵᠢ ᠨᠢ ᠹᠦ᠋ ᠰᠢᠩ ᠨᠡᠷᠡᠮᠵᠢᠲᠦ ᠶᠢᠨ ᠵᠢᠷᠤᠵᠤ ᠲᠥᠯᠥᠪᠯᠡᠬᠦ  ᠬᠡᠪ ᠨᠠᠮᠪᠠ ᠪᠠᠨ ᠦᠷᠭᠦᠯᠵᠢᠯᠡᠭᠦᠯᠵᠦ᠂ ᠡᠩ ᠤᠨ ᠭᠠᠯᠲᠤ ᠲᠡᠷᠭᠡ ᠲᠠᠢ ᠬᠠᠷᠢᠴᠠᠭᠤᠯᠪᠠᠯ ᠰᠠᠭᠤᠳᠠᠯ ᠨᠢ ᠨᠠᠩ ᠥᠷᠭᠡᠨ᠂  ᠦᠪᠡᠷ ᠢᠶᠠᠨ ᠲᠣᠬᠢᠷᠠᠭᠤᠯᠵᠤ ᠪᠣᠯᠬᠤ ᠪᠥᠭᠡᠳ ᠬᠥᠯ ᠤᠨ ᠬᠡᠰᠡᠭ ᠤᠨ ᠣᠷᠣᠨ ᠵᠠᠶ ᠨᠢ ᠴᠦ ᠨᠠᠩ ᠠᠭᠤᠵᠢᠮ  ᠪᠣᠯᠵᠠᠶ᠃  ᠪᠦᠬᠦ  ᠴᠤᠪᠤᠭ᠎ᠠ ᠳᠤ 720 ᠬᠥᠮᠦᠨ ᠤ ᠰᠠᠭᠤᠳᠠᠯ   ᠲᠠᠢ᠂ ᠨᠢᠭᠡᠳᠦᠭᠡᠷ  ᠳᠡᠰ ᠤᠨ  ᠰᠠᠭᠤᠳᠠᠯ  ᠪᠠ  ᠬᠤᠶᠠᠳᠤᠭᠠᠷ  ᠳᠡᠰ ᠤᠨ ᠰᠠᠭᠤᠳᠠᠯ  ᠭᠡᠵᠦ ᠬᠤᠪᠢᠶᠠᠨ᠎ᠠ᠃        C487/8 ᠵᠢᠰᠢᠶᠠᠨ ᠤ ᠬᠤᠲᠠ ᠶᠢᠨ ᠬᠤᠭᠤᠷᠣᠨᠳᠣᠬᠢ ᠬᠥᠳᠡᠯᠭᠡᠭᠦᠷᠲᠦ ᠴᠤᠪᠤᠭ᠎ᠠ ᠲᠡᠷᠭᠡ ᠬᠥᠬᠡᠬᠤᠲᠠ ᠶᠢᠨ ᠵᠡᠭᠦᠨ ᠥᠷᠲᠡᠭᠡ᠂ ᠬᠥᠬᠡᠬᠤᠲᠠ ᠥᠷᠲᠡᠭᠡ ᠪᠣᠯᠤᠨ ᠯᠢᠨᠾᠧ ᠭᠤᠷᠪᠠᠨ ᠲᠡᠷᠭᠡᠨ ᠥᠷᠲᠡᠭᠡᠨ ᠳᠤ  ᠵᠣᠭᠰᠣᠵᠤ᠂  ᠪᠥᠬᠦ  ᠶᠠᠪᠤᠴᠠ ᠳᠤ ᠬᠠᠮᠤᠭ ᠤᠨ ᠬᠤᠷᠳᠤᠨ ᠳᠠᠭᠠᠨ 3 ᠴᠠᠭ 20 ᠮᠢᠨᠦ᠋ᠲ ᠬᠡᠷᠡᠭᠯᠡᠨ᠎ᠡ᠃ ᠲᠣᠰ ᠭᠠᠯᠲᠤ ᠲᠡᠷᠭᠡ 2022 ᠣᠨ ᠤ 1 ᠰᠠᠷ᠎ᠠ ᠶᠢᠨ 10 ᠤ ᠡᠳᠦᠷ ᠵᠢᠩᠬᠢᠨᠢ ᠪᠠᠷ ᠠᠶᠠᠯᠠᠭᠰᠠᠨ ᠤ ᠳᠠᠷᠠᠭ᠎ᠠ᠂  ᠯᠢᠨᠾᠧ ᠥᠷᠲᠡᠭᠡ ᠠᠴᠠ  ᠲᠡᠷᠭᠡᠨ ᠳᠤ  ᠰᠠᠭᠤᠬᠤ ᠠᠶᠠᠨᠴᠢᠳ ᠬᠥᠬᠡᠬᠤᠲᠠ ᠶᠢᠨ ᠵᠡᠭᠦᠨ ᠥᠷᠲᠡᠭᠡ ᠠᠴᠠ ᠪᠡᠭᠡᠵᠢᠩ ᠳᠤ ᠬᠥᠷᠬᠦ ᠲᠦᠷᠭᠡᠨ ᠤ ᠲᠡᠮᠦᠷ ᠵᠠᠮ ᠳᠤ ᠰᠣᠯᠢᠵᠤ ᠰᠠᠭᠤᠵᠤ ᠪᠣᠯᠤᠨ᠎ᠠ᠂ ᠪᠡᠭᠡᠵᠢᠩ ᠳᠤ ᠣᠷᠣᠬᠤ ᠴᠠᠭ ᠨᠢ ᠣᠳᠣᠬᠠᠨ ᠤ 13 ᠴᠠᠭ 18 ᠮᠢᠨᠦ᠋ᠲ ᠪᠠᠶᠢᠭᠰᠠᠨ ᠠᠴᠠ 5 ᠴᠠᠭ  35  ᠮᠢᠨᠦ᠋ᠲ  ᠪᠣᠯᠵᠣ ᠪᠣᠭᠤᠨᠢᠰᠪᠠ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号