ᠨᠤᠲᠤᠭ ᠤᠨ ᠲᠠᠬᠢᠶ᠎ᠠ ᠲᠡᠵᠢᠭᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2021/12/29
    ᠨᠤᠲᠤᠭ ᠤᠨ ᠲᠠᠬᠢᠶ᠎ᠠ ᠶᠢᠨ ᠡᠭᠦᠯᠳᠡᠷ ᠨᠢ ᠮᠠᠰᠢ ᠣᠯᠠᠨ ᠪᠠᠶᠢᠳᠠᠭ᠃ ᠭᠠᠭᠴᠠ ᠬᠦ ᠵᠥᠪ ᠲᠥᠷᠥᠯ ᠵᠦᠢᠯ ᠢ ᠰᠣᠩᠭᠤᠵᠤ᠂ ᠰᠠᠶ᠋ᠢ ᠥᠪᠡᠷ ᠤᠨ ᠠᠰᠢᠭ ᠲᠤᠰᠠ ᠪᠠᠨ ᠪᠠᠲᠤᠯᠠᠭ᠎ᠠ ᠲᠠᠢ ᠪᠣᠯᠭᠠᠵᠤ ᠴᠢᠳᠠᠨ᠎ᠠ᠂ ᠭᠡᠪᠡᠴᠦ ᠮᠠᠰᠢ ᠤᠯᠠᠨ ᠬᠥᠮᠦᠨ ᠡᠭᠦᠨ ᠢ ᠠᠩᠬᠠᠷᠤᠭᠰᠠᠨ ᠦᠭᠡᠢ᠃ ᠲᠦᠷᠦᠯ ᠵᠦᠢᠯ ᠢ ᠰᠣᠩᠭᠤᠬᠤ ᠲᠠᠯ᠎ᠠ ᠪᠠᠷ ᠴᠤ ᠨᠡᠯᠢᠶᠡᠳ ᠰᠣᠬᠤᠷ ᠪᠠᠯᠠᠶ ᠪᠠᠶᠢᠳᠠᠭ᠃ ᠵᠠᠬ᠎ᠠ ᠳᠡᠯᠭᠡᠭᠦᠷ ᠤᠨ ᠲᠤᠬᠠᠶ ᠶᠠᠮᠠᠷ ᠴᠤ ᠪᠠᠶᠢᠴᠠᠭᠠᠯᠲᠠ ᠬᠢᠭᠰᠡᠨ ᠦᠭᠡᠶ᠂ ᠪᠠᠰᠠ ᠥᠪᠡᠷ ᠤᠨ ᠰᠠᠭᠤᠵᠤ ᠪᠠᠶᠢᠭ᠎ᠠ ᠭᠠᠵᠠᠷ ᠲᠠᠭᠠᠨ ᠶᠠᠮᠠᠷ ᠡᠭᠦᠯᠳᠡᠷ ᠤᠨ ᠨᠤᠲᠤᠭ ᠤᠨ ᠲᠠᠬᠢᠶ᠎ᠠ ᠲᠡᠵᠢᠭᠡᠬᠦ ᠳᠤ ᠳᠣᠭᠢᠷᠠᠬᠤ ᠶᠢ ᠮᠡᠳᠡᠬᠦ ᠦᠭᠡᠶ᠂ ᠬᠠᠮᠤᠭ ᠰᠡᠭᠦᠯ ᠳᠤᠨᠢ ᠴᠢᠨᠠᠷ ᠰᠠᠶᠢᠲᠠᠶ ᠲᠠᠬᠢᠶ᠎ᠠ ᠲᠡᠵᠢᠭᠡᠵᠦ ᠳᠡᠶᠢᠯᠬᠦ ᠥᠬᠡᠶ᠂ ᠭᠠᠷᠤᠯᠲᠠ ᠨᠢ ᠨᠠᠩ ᠥᠨᠳᠥᠷ ᠪᠠᠶᠢᠵᠤ ᠴᠢᠳᠠᠬᠤ ᠥᠬᠡᠶ᠂ ᠪᠠᠰᠠ ᠵᠠᠷᠢᠮ ᠬᠥᠮᠦᠨ ᠵᠣᠭᠤᠰ ᠢᠶᠠᠨ ᠠᠷᠪᠢᠯᠠᠬᠤ ᠶᠢᠨ ᠲᠥᠯᠥᠭᠡ ᠡᠭᠦᠯᠳᠡᠷ ᠬᠤᠳᠠᠯᠳᠤᠨ ᠠᠪᠬᠤ ᠳᠠᠭᠠᠨ ᠬᠢᠮᠳᠠ ᠭᠠᠵᠠᠷ ᠢ ᠰᠣᠩᠭᠤᠳᠠᠭ᠂ ᠡᠶᠢᠮᠦ ᠲᠠᠬᠢᠶ᠎ᠠ ᠨᠢ ᠬᠢᠷᠢ ᠲᠡᠩᠴᠡᠭᠦ ᠥᠬᠡᠶ ᠪᠠᠶᠢᠵᠤ ᠮᠡᠳᠡᠨ᠎ᠡ᠂ ᠬᠤᠳᠠᠯᠳᠤᠵᠤ ᠠᠪᠴᠢᠷᠠᠭᠰᠠᠨ ᠤ ᠳᠠᠷᠠᠭ᠎ᠠ ᠥᠭᠦᠬᠦ ᠨᠣᠷᠮ᠎ᠠ ᠨᠢ ᠣᠨᠴᠠᠭᠠᠶ ᠥᠨᠳᠥᠷ ᠪᠠᠶᠢᠵᠤ᠂ ᠡᠴᠦᠰ ᠲᠡᠭᠡᠨ ᠥᠪᠡᠷ ᠤᠨ ᠪᠡᠶ᠎ᠡ ᠳᠡᠭᠡᠨ ᠮᠠᠰᠢ ᠣᠯᠠᠨ ᠵᠣᠭᠤᠰ ᠢᠶᠠᠨ ᠠᠯᠳᠠᠴᠢᠬᠠᠳᠠᠭ ᠪᠠᠶᠢᠨ᠎ᠠ᠃      ᠲᠠᠬᠢᠶ᠎ᠠ ᠲᠡᠵᠢᠭᠡᠬᠦ ᠳᠤ ᠡᠷᠬᠡᠪᠰᠢ ᠲᠡᠭᠦᠨ ᠤ ᠦᠰᠦᠨ ᠪᠤᠶᠢᠵᠢᠬᠤ ᠳᠤ ᠬᠠᠮᠤᠭ ᠤᠨ ᠲᠣᠬᠢᠷᠠᠮᠵᠢᠲᠠᠶ ᠭᠠᠵᠠᠷ ᠢ ᠰᠣᠩᠭᠤᠬᠤ ᠬᠡᠷᠡᠭᠲᠡᠶ᠃ ᠡᠶᠢᠮᠦ ᠠᠴᠠ ᠲᠠᠬᠢᠶ᠎ᠠ ᠲᠡᠵᠢᠭᠡᠬᠦ ᠲᠠᠯᠠᠪᠠᠶ ᠶᠢ ᠰᠣᠩᠭᠤᠬᠤ ᠨᠢ ᠮᠠᠰᠢ ᠴᠢᠬᠤᠯᠠ ᠪᠠᠶᠢᠳᠠᠭ᠃ ᠬᠠᠷᠢᠨ ᠨᠤᠲᠤᠭ ᠤᠨ ᠲᠠᠬᠢᠶ᠎ᠠ ᠶᠢ ᠶᠡᠷᠦ ᠳᠡᠭᠡᠨ ᠪᠦᠷ ᠬᠥᠳᠡᠭᠡ ᠲᠡᠵᠢᠭᠡᠬᠦ ᠶᠢ ᠬᠡᠷᠡᠭᠯᠡᠳᠡᠭ᠃ ᠡᠶᠢᠮᠦ ᠠᠴᠠ ᠰᠣᠩᠭᠤᠵᠤ ᠭᠠᠷᠭᠠᠭᠰᠠᠨ ᠲᠠᠬᠢᠶ᠎ᠠ ᠲᠡᠵᠢᠭᠡᠬᠦ ᠲᠠᠯᠠᠪᠠᠶ ᠶᠢᠨ ᠣᠶᠢᠷ᠎ᠠ ᠬᠠᠪᠢ ᠳᠤ ᠬᠦᠷᠦᠯᠴᠡᠬᠦ᠋ᠢᠴᠡ ᠶᠡᠭᠡ ᠣᠶᠢᠲᠤ ᠭᠠᠵᠠᠷ ᠪᠠᠶᠢᠬᠤ ᠬᠡᠷᠡᠭᠲᠡᠶ᠃ ᠭᠡᠪᠡᠴᠦ ᠲᠠᠷᠢᠶᠠᠨ ᠠᠴᠠ ᠳᠡᠩᠳᠡᠭᠦᠦ ᠣᠶᠢᠷᠠᠬᠠᠨ ᠪᠠᠶᠢᠵᠤ ᠪᠣᠯᠬᠤ ᠦᠭᠡᠶ᠂ ᠡᠭᠦᠨ ᠤ ᠬᠠᠮᠲᠤ ᠶᠠᠮᠠᠷ ᠴᠤ ᠪᠣᠬᠢᠷᠲᠤᠯ ᠪᠠᠶᠢᠵᠤ ᠪᠣᠯᠬᠤ ᠥᠬᠡᠶ᠂ ᠢᠩᠭᠢᠪᠡᠯ ᠲᠠᠬᠢᠶ᠎ᠠ ᠳᠤ ᠶᠠᠮᠠᠷ ᠴᠤ ᠬᠤᠤᠷ ᠬᠥᠨᠥᠭᠡᠯ ᠤᠴᠠᠷᠠᠭᠤᠯᠬᠤ ᠠᠴᠠ ᠵᠠᠶᠢᠯᠠᠰᠬᠢᠵᠦ ᠪᠣᠯᠣᠨ᠎ᠠ᠃ ᠡᠭᠦᠨ ᠤ ᠬᠠᠮᠲᠤ ᠲᠠᠬᠢᠶᠠᠨ ᠤ ᠡᠭᠦᠷ ᠪᠠᠷᠢᠬᠤ ᠳᠠᠭᠠᠨ ᠥᠪᠡᠷ ᠤᠨ ᠥᠷᠲᠡᠭ ᠢ ᠬᠡᠲᠦᠷᠬᠡᠶ ᠥᠨᠳᠥᠷ ᠣᠷᠣᠭᠤᠯᠵᠤ ᠪᠣᠯᠬᠤ ᠦᠭᠡᠶ᠂ ᠲᠠᠬᠢᠶ᠎ᠠ ᠶᠢᠨ ᠥᠰᠥᠯᠲᠡ ᠪᠤᠶᠢᠵᠢᠯᠲᠠ ᠳᠤ ᠳᠣᠭᠢᠷᠠᠪᠠᠯ ᠪᠣᠯᠴᠢᠬᠠᠨ᠎ᠠ᠂ ᠬᠡᠳᠦᠶ ᠬᠡᠭᠡᠨᠴᠢᠷ ᠪᠠᠷᠢᠭᠰᠠᠨ ᠴᠤ ᠬᠡᠷᠡᠭ ᠦᠭᠡᠶ᠂ ᠢᠩᠭᠢᠪᠡᠯ ᠵᠥᠪᠬᠡᠨ ᠥᠪᠡᠷ ᠤᠨ ᠥᠷᠲᠡᠭ ᠢ ᠨᠢ ᠨᠡᠮᠡᠭᠳᠡᠭᠦᠯᠦᠨ᠎ᠡ᠂ ᠲᠡᠭᠡᠪᠡᠯ ᠬᠠᠮᠤᠭ ᠡᠴᠦᠰ ᠤᠨ ᠠᠰᠢᠭ ᠲᠤᠰᠠ ᠨᠢ ᠠᠶᠠᠨᠳᠠᠭᠠᠨ ᠨᠥᠯᠥᠭᠡᠯᠡᠭᠳᠡᠨ᠎ᠡ᠃      ᠨᠤᠲᠤᠭ ᠤᠨ ᠲᠠᠬᠢᠶ᠎ᠠ ᠶᠢ ᠲᠡᠵᠢᠭᠡᠨ ᠦᠷᠡᠵᠢᠭᠦᠯᠬᠦ ᠳᠤ ᠢᠯᠠᠭᠳᠠᠯ ᠳᠤ ᠤᠴᠠᠷᠠᠭᠤᠯᠬᠤ ᠶᠢᠨ ᠭᠤᠣᠯ ᠰᠢᠯᠲᠠᠭᠠᠨ ᠪᠣᠯ ᠲᠤᠰᠬᠠᠶ ᠮᠡᠷᠭᠡᠵᠢᠯ ᠤᠨ ᠮᠡᠳᠡᠯᠭᠡ ᠰᠤᠷᠬᠤ ᠦᠭᠡᠶ ᠪᠤᠶᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠳᠠᠮᠵᠢᠭᠰᠠᠨ ᠦᠭᠡᠶ ᠪᠣᠯ ᠲᠡᠵᠢᠭᠡᠨ ᠦᠷᠡᠵᠢᠭᠦᠯᠬᠦ ᠶᠠᠪᠤᠴᠠ ᠳᠤ ᠮᠠᠰᠢ ᠣᠯᠠᠨ ᠠᠰᠠᠭᠤᠳᠠᠯ ᠭᠠᠷᠳᠠᠭ᠃ ᠢᠯᠠᠩᠭᠤᠶ᠎ᠠ ᠲᠡᠵᠢᠭᠡᠯ ᠤᠨ ᠲᠠᠯ᠎ᠠ ᠪᠠᠷ᠂ ᠨᠤᠲᠤᠭ ᠤᠨ ᠲᠠᠬᠢᠶ᠎ᠠ ᠶᠢ ᠲᠡᠵᠢᠭᠡᠬᠦ ᠨᠢ ᠪᠤᠰᠤᠳ ᠬᠡᠷ ᠤᠨ ᠲᠠᠬᠢᠶ᠎ᠠ ᠶᠢ ᠲᠡᠵᠢᠭᠡᠬᠦ ᠠᠷᠭ᠎ᠠ ᠲᠠᠢ ᠠᠳᠠᠯᠢ ᠥᠬᠡᠶ ᠪᠠᠶᠢᠳᠠᠭ᠃ ᠬᠡᠷᠪᠡ ᠲᠡᠷᠡ ᠠᠷᠭ᠎ᠠ ᠪᠠᠷ ᠲᠡᠵᠢᠭᠡᠪᠡᠯ ᠲᠠᠬᠢᠶ᠎ᠠ ᠳᠤ ᠮᠠᠰᠢ ᠶᠡᠭᠡ ᠬᠤᠬᠢᠷᠠᠯ ᠤᠴᠠᠷᠠᠭᠤᠯᠵᠤ᠂ ᠢᠯᠠᠭᠳᠠᠬᠤ ᠲᠣᠬᠢᠶᠠᠯᠳᠤᠮᠵᠢ ᠶᠢ ᠨᠡᠮᠡᠭᠳᠡᠭᠦᠯᠦᠨ᠎ᠡ᠂ ᠮᠡᠷᠭᠡᠵᠢᠯ ᠢᠶᠠᠨ ᠳᠡᠭᠡᠭᠰᠢᠯᠡᠭᠦᠯᠪᠡᠯ ᠲᠠᠬᠢᠶ᠎ᠠ ᠡᠪᠡᠳᠴᠢᠯᠡᠬᠦ ᠠᠴᠠ ᠵᠠᠶᠢᠯᠠᠰᠬᠢᠵᠦ ᠪᠣᠯᠬᠤ ᠮᠥᠷᠲᠡᠭᠡᠨ ᠰᠢᠮ᠎ᠡ ᠲᠡᠵᠢᠭᠡᠯ ᠢ ᠨᠢ ᠴᠦ ᠪᠠᠲᠤᠯᠠᠵᠤ ᠴᠢᠳᠠᠨ᠎ᠠ᠃ ᠡᠨᠡ ᠬᠦ ᠮᠡᠷᠭᠡᠵᠢᠯ ᠨᠢ ᠡᠯ᠎ᠡ ᠲᠠᠯ᠎ᠠ ᠪᠠᠷ ᠪᠦᠷ ᠨᠤᠲᠤᠭ ᠤᠨ ᠲᠠᠬᠢᠶ᠎ᠠ ᠶᠢᠨ ᠥᠰᠥᠯᠲᠡ ᠶᠢᠨ ᠪᠠᠶᠢᠳᠠᠯ ᠳᠤ ᠮᠠᠰᠢ ᠳᠣᠭᠢᠷᠠᠨ᠎ᠠ᠂ ᠢᠩᠭᠢᠪᠡᠯ ᠲᠠᠬᠢᠶ᠎ᠠ ᠡᠪᠡᠳᠴᠢᠯᠡᠬᠦ ᠠᠴᠠ ᠵᠠᠶᠢᠯᠠᠰᠬᠢᠵᠦ ᠴᠢᠳᠠᠨ᠎ᠠ᠂ ᠡᠭᠦᠨ ᠤ ᠬᠠᠮᠲᠤ ᠪᠠᠰᠠ ᠲᠡᠳᠡᠨ ᠤ ᠰᠢᠮ᠎ᠡ ᠲᠡᠵᠢᠭᠡᠯ ᠢ ᠪᠠᠲᠤᠯᠠᠵᠤ ᠴᠢᠳᠠᠨ᠎ᠠ᠃      ᠲᠠᠬᠢᠶ᠎ᠠ ᠡᠪᠡᠳᠴᠢᠯᠡᠬᠦ ᠠᠴᠠ ᠰᠡᠷᠭᠡᠶᠢᠯᠡᠬᠦ ᠶᠢᠨ ᠲᠥᠯᠥᠭᠡ ᠵᠠᠷᠢᠮ ᠸᠠᠺᠼᠢᠨ ᠢ ᠡᠷᠬᠡᠪᠰᠢ ᠳᠠᠷᠢᠬᠤ ᠬᠡᠷᠡᠭᠲᠡᠶ᠃ ᠡᠭᠦᠨ ᠤ ᠬᠠᠮᠲᠤ ᠲᠠᠬᠢᠶ᠎ᠠ ᠶᠢ ᠡᠪᠡᠳᠴᠢᠯᠡᠭᠦᠯᠬᠦ ᠠᠴᠠ ᠵᠠᠶᠢᠯᠠᠰᠬᠢᠬᠦ ᠶᠢᠨ ᠲᠥᠯᠥᠭᠡ᠂ ᠲᠠᠬᠢᠶᠠᠨ ᠤ ᠰᠠᠷᠠᠪᠴᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠨᠢ ᠴᠦ ᠮᠠᠰᠢ ᠴᠢᠬᠤᠯᠠ᠂ ᠡᠷᠬᠡᠪᠰᠢ ᠡᠳᠦᠷ ᠪᠦᠷᠢ ᠴᠡᠪᠡᠷᠯᠡᠬᠦ ᠬᠡᠷᠡᠭᠲᠡᠶ ᠮᠥᠷᠲᠡᠭᠡᠨ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠠᠮᠤᠭ ᠤᠨ ᠴᠢᠬᠤᠯᠠ ᠨᠢ ᠲᠤᠰᠬᠠᠶ ᠮᠡᠷᠭᠡᠵᠢᠯ ᠤᠨ ᠲᠠᠯ᠎ᠠ ᠶᠢᠨ ᠮᠡᠷᠭᠡᠵᠢᠯ ᠢ ᠮᠡᠳᠡᠬᠦ ᠶᠢᠨ ᠬᠠᠮᠲᠤ ᠪᠦᠷᠢᠨ ᠲᠡᠭᠦᠯᠳᠡᠷ ᠬᠠᠮᠢᠶᠠᠷᠤᠯᠲᠠ ᠶᠢᠨ ᠲᠥᠰᠦᠪ ᠲᠠᠢ ᠪᠠᠶᠢᠬᠤ ᠬᠡᠷᠡᠭᠲᠡᠶ᠂ ᠵᠥᠪ ᠠᠷᠭ᠎ᠠ ᠪᠠᠷ ᠠᠷᠠᠴᠢᠯᠠᠵᠤ ᠬᠠᠮᠢᠶᠠᠷᠪᠠᠯ ᠰᠠᠶ᠋ᠢ ᠲᠠᠬᠢᠶ᠎ᠠ ᠶᠢᠨ ᠥᠰᠴᠦ ᠪᠤᠶᠢᠵᠢᠬᠤ ᠦᠶ᠎ᠡ ᠳᠤ ᠠᠰᠠᠭᠤᠳᠠᠯ ᠭᠠᠷᠬᠤ ᠥᠬᠡᠶ ᠪᠠᠶᠢᠬᠤ ᠶᠢ ᠪᠠᠲᠤᠯᠠᠵᠤ ᠲᠠᠶᠢᠯᠤᠨ᠎ᠠ ᠂ ᠨᠠᠩ ᠢᠯᠡᠭᠦᠤ ᠴᠠᠭ ᠪᠠ ᠬᠦᠴᠦ ᠶᠢ ᠠᠷᠪᠢᠯᠠᠵᠤ᠂ ᠠᠰᠢᠭ ᠲᠤᠰᠠ ᠶᠢ ᠨᠢ ᠴᠦ ᠬᠠᠮᠤᠭ ᠤᠨ ᠥᠨᠳᠥᠷ ᠲᠦᠪᠰᠢᠨ ᠳᠤ ᠬᠦᠷᠭᠡᠵᠦ ᠲᠠᠶᠢᠯᠤᠨ᠎ᠠ᠃  
 
ᠢᠷᠡᠯᠲᠡ᠄ ᠠᠯᠠᠱᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号