ᠣᠶᠢᠷ᠎ᠠ ᠠᠴᠠ ᠤᠯᠤᠰ ᠤᠨ ᠳᠣᠲᠣᠭᠠᠳᠤ ᠶᠢᠨ ᠣᠯᠠᠨ ᠭᠠᠵᠠᠷ ᠲᠤ ᠬᠢᠵᠢᠭ ᠲᠠᠬᠤᠯ ᠳᠡᠯᠬᠡᠷᠡᠭᠰᠡᠨ ᠤ | ᠳᠡᠭᠡᠷ᠎ᠡ ᠡᠪᠦᠯ ᠤᠨ ᠤᠯᠠᠷᠢᠯ ᠤᠨ ᠣᠨᠴᠠᠭᠠᠢ ᠨᠥᠯᠥᠭᠡ ᠠᠴᠠ ᠪᠣᠯᠵᠣ᠂ ᠬᠢᠵᠢᠭ ᠢ ᠰᠡᠷᠭᠡᠶᠢᠯᠡᠨ ᠳᠠᠷᠣᠬᠤ ᠠᠵᠢᠯ ᠤᠯᠠᠮ | ᠪᠠᠴᠢᠮ ᠳᠣᠯᠭᠠᠮ᠎ᠠ ᠪᠤᠯᠵᠦ ᠪᠠᠶᠢᠨ᠎ᠠ᠃ ᠢᠩᠬᠢᠬᠡᠳ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢ ᠬᠡᠷᠬᠢᠨ | ᠲᠣᠬᠢᠷᠠᠭᠤᠯᠬᠤ ᠶᠡᠪᠤᠳᠠᠯ ᠨᠢ ᠤᠯᠠᠨ ᠪᠠᠭᠰᠢ ᠰᠤᠷᠤᠭᠴᠢᠳ ᠤᠨ ᠠᠩᠬᠠᠷᠣᠯ ᠢ ᠲᠠᠳᠠᠬᠤ ᠪᠤᠯᠵᠠᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠳᠠᠷᠣᠬᠤ ᠲᠣᠭᠲᠠᠴᠠ ᠶᠢᠨ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠠᠮᠢᠶ᠎ᠠ ᠲᠠᠢ ᠬᠠᠷᠢᠭᠤᠴᠠᠯᠭᠠᠳᠠᠨ᠂ ᠡᠯ᠎ᠡ ᠭᠠᠵᠠᠷ ᠤᠨ ᠶᠡᠭᠡ ᠳᠡᠭᠡᠳᠦ | ᠰᠤᠷᠭᠠᠭᠤᠯᠢ ᠨᠤᠭᠤᠳ ᠤᠨ ᠤᠷᠢᠳᠴᠢᠯᠠᠨ ᠴᠢᠯᠦᠬᠡ ᠳᠠᠯᠪᠢᠵᠦ ᠪᠣᠯᠬᠤ ᠡᠰᠡᠬᠦ ᠲᠤᠬᠠᠶ ᠬᠡᠯᠡᠬᠦ ᠳᠡᠭᠡᠨ᠂ ᠨᠢᠭᠡ ᠳᠤ | ᠬᠢᠵᠢᠭ ᠤᠨ ᠪᠠᠶᠢᠳᠠᠯ ᠢ ᠦᠵᠡᠬᠦ ᠬᠡᠷᠡᠭᠲᠡᠶ᠂ ᠬᠤᠶᠠᠷ ᠲᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠳᠠᠷᠣᠬᠤ ᠱᠠᠭᠠᠷᠳᠠᠯᠭ᠎ᠠ ᠶᠢ ᠦᠨᠳᠦᠰᠦᠯᠡᠬᠦ ᠶᠢᠨ ᠳᠠᠭᠠᠤ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠪᠣᠯᠤᠨ | ᠰᠤᠷᠤᠭᠴᠢ ᠶᠢᠨ ᠣᠴᠢᠬᠤ ᠭᠠᠵᠠᠷ ᠤᠨ ᠬᠢᠵᠢᠭ ᠤᠨ ᠪᠠᠶᠢᠳᠠᠯ ᠢ ᠪᠣᠳᠣᠯᠬᠢᠯᠠᠬᠤ ᠬᠡᠷᠡᠭᠲᠡᠶ᠃ ᠡᠯ᠎ᠡ ᠭᠠᠵᠠᠷ ᠡᠯ᠎ᠡ | ᠰᠤᠷᠭᠠᠭᠤᠯᠢ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠪᠣᠶ ᠪᠥᠬᠦᠶ ᠳᠡᠭᠡᠳᠦ ᠰᠤᠷᠭᠠᠭᠤᠯᠢ ᠶᠢ ᠵᠣᠷᠢᠭᠵᠢᠭᠤᠯᠤᠨ | ᠬᠠᠷᠢᠶ᠎ᠠ ᠭᠠᠵᠠᠷ ᠲᠤᠨᠢ ᠬᠠᠮᠢᠶᠠᠷᠤᠭᠤᠯᠤᠭᠰᠠᠨ ᠤᠷᠢᠲᠠᠯ ᠳᠣᠤᠷ᠎ᠠ᠂ ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ | ᠳᠠᠷᠣᠬᠤ ᠱᠠᠭᠠᠷᠳᠠᠯᠭ᠎ᠠ ᠪᠤᠯᠤᠨ ᠬᠢᠴᠢᠶᠡᠯ ᠤᠨ ᠠᠬᠢᠴᠠ᠂ ᠰᠣᠷᠣᠯᠭ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠡᠯ᠎ᠡ | ᠭᠠᠵᠠᠷ ᠡᠯ᠎ᠡ ᠰᠤᠷᠭᠠᠭᠤᠯᠢ ᠨᠤᠭᠤᠳ ᠥᠪᠡᠷ ᠢᠶᠠᠨ ᠡᠵᠡᠨ ᠮᠡᠳᠡᠵᠦ ᠲᠣᠭᠲᠠᠭᠠᠬᠤ ᠬᠡᠷᠡᠭᠲᠡᠶ᠃ ᠣᠯᠠᠨ ᠢᠶᠠᠷ ᠢᠶᠠᠨ | ᠴᠥᠮ ᠬᠢᠵᠢᠭ ᠢ ᠰᠡᠷᠭᠡᠶᠢᠯᠡᠨ ᠳᠠᠷᠣᠬᠤ ᠠᠵᠢᠯ ᠢ ᠳᠡᠮᠵᠢᠵᠦ᠂ ᠦᠨᠡᠬᠡᠷ ᠤᠷᠢᠳᠴᠢᠯᠠᠨ ᠴᠢᠯᠥᠭᠡ ᠲᠠᠯᠪᠢᠬᠤ ᠪᠤᠶᠤ | ᠴᠢᠯᠥᠭᠡ ᠲᠠᠯᠪᠢᠬᠤ ᠶᠢ ᠬᠤᠶᠢᠰᠢᠯᠠᠭᠤᠯᠬᠤ ᠴᠢᠬᠤᠯᠠᠲᠠᠶ ᠪᠠᠶᠢᠪᠠᠯ ᠴᠥᠮ ᠤᠶᠢᠯᠠᠭᠠᠨ ᠳᠡᠮᠵᠢᠬᠦ ᠶᠢ ᠬᠦᠰᠡᠵᠦ | ᠪᠠᠶᠢᠨ᠎ᠠ ᠭᠡᠵᠡᠶ᠃ | ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ ᠂ | ᠪᠠᠭᠰᠢ ᠰᠣᠷᠣᠭᠴᠢ ᠠᠵᠢᠯᠲᠠᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ | ᠬᠤᠭᠤᠴᠠᠭᠠᠨ ᠳᠤ ᠪᠥᠬᠦ ᠤᠯᠤᠰ ᠤᠨ ᠣᠯᠠᠨ ᠶᠡᠭᠡ ᠳᠡᠭᠡᠳᠦ ᠰᠤᠷᠭᠠᠭᠤᠯᠢ ᠡᠪᠦᠯ ᠤᠨ ᠴᠢᠯᠦᠭᠡ ᠲᠠᠯᠪᠢᠬᠤ ᠲᠤᠬᠠᠶ | ᠮᠡᠳᠡᠭᠳᠡᠯ ᠨᠡᠶᠢᠲᠡᠯᠡᠪᠡ᠃ ᠡᠯ᠎ᠡ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠴᠠᠭ ᠤᠨ ᠲᠣᠬᠢᠷᠠᠭᠤᠯᠤᠯᠲᠠ ᠲᠠᠢ | ᠬᠠᠷᠢᠴᠠᠭᠤᠯᠪᠠᠯ᠂ ᠣᠯᠠᠩᠬᠢ ᠶᠡᠭᠡ ᠳᠡᠭᠡᠳᠦ ᠰᠤᠷᠭᠠᠭᠤᠯᠢ ᠶᠢᠨ ᠡᠪᠦᠯ ᠤᠨ ᠴᠢᠯᠥᠭᠡ ᠲᠠᠯᠪᠢᠬᠤ ᠴᠠᠭ ᠨᠢ ᠪᠦᠷ | ᠨᠡᠯᠢᠶᠠᠳ ᠤᠷᠢᠳᠴᠢᠯᠠᠭᠰᠠᠨ ᠶᠤᠮ ᠪᠠᠶᠢᠨ᠎ᠠ᠃ |