ᠰᠢᠨ᠎ᠡ ᠭᠠᠷᠤᠭ᠎ᠠ ᠳᠤ ᠰᠠᠭᠤᠷᠢᠯᠠᠵᠤ ᠰᠢᠨ᠎ᠡ ᠠᠶᠠᠨ ᠢᠶᠠᠨ ᠡᠬᠢᠯᠡᠭᠦᠯᠤᠨ ᠰᠢᠨ᠎ᠡ ᠬᠠᠷᠠᠯᠲᠠ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2021/2/22
      2 ᠰᠠᠷ᠎ᠠ ᠶᠢᠨ 3 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠪᠠᠶᠠᠨᠬᠤᠲᠠ ᠳᠤ ᠬᠤᠷᠠᠯᠳᠤᠪᠠ᠃ ᠡᠨᠡ ᠤᠳᠠᠭᠠᠨ ᠤ ᠬᠤᠷᠠᠯ ᠪᠣᠯ ︽ᠬᠤᠤᠰ ᠵᠠᠭᠤᠨ ᠵᠢᠯ︾ ᠤᠨ ᠲᠡᠤᠬᠡ ᠶᠢᠨ ᠠᠭᠤᠯᠵᠠᠷ᠂ ︽ᠬᠤᠤᠰ ᠲᠠᠪᠤᠨ ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠲᠠᠶᠢᠴᠢᠨ ᠤ ᠶᠠᠷᠢᠶ᠎ᠠ ᠨᠢ ᠬᠥᠮᠦᠰ ᠤᠨ ᠰᠡᠳᠬᠢᠯ ᠢ ᠬᠥᠭᠵᠢᠭᠡᠵᠦ᠂ ᠬᠤᠷᠠᠯ ᠳᠤ ᠣᠷᠣᠯᠴᠠᠭᠰᠠᠳ ᠬᠢᠨᠠᠮᠠᠭᠠᠶ ᠰᠣᠨᠣᠰᠴᠤ᠂ ᠰᠡᠳᠬᠢᠨ ᠪᠣᠳᠣᠯᠬᠢᠯᠠᠵᠦ ᠪᠠᠶᠢᠯ᠎ᠠ᠃ ᠣᠯᠠᠨ ᠢᠶᠠᠷ ᠢᠶᠠᠨ᠂ ᠡᠨᠡ ᠤᠳᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠬᠤᠷᠠᠯ ᠨᠢ ᠪᠠᠶᠢᠷᠢᠯᠠᠭᠤᠯᠤᠯᠲᠠ ᠶᠢᠨ ᠬᠤᠷᠠᠯ ᠪᠣᠯᠤᠨ ᠡᠷᠴᠢ ᠵᠣᠷᠢᠭ ᠢ ᠬᠦᠪᠴᠢᠯᠡᠭᠰᠡᠨ ᠬᠤᠷᠠᠯ ᠪᠣᠯᠬᠤ ᠪᠠᠷ ᠪᠠᠷᠠᠬᠤ ᠦᠭᠡᠶ ᠨᠡᠩ ᠴᠤ ᠲᠠᠶᠢᠴᠢᠯᠠᠯᠳᠠ ᠶᠢᠨ ᠪᠦᠷᠢᠶ᠎ᠡ ᠶᠢ ᠬᠠᠨᠭ᠍ᠬᠢᠨᠠᠭᠤᠯᠤᠭᠰᠠᠨ ᠪᠤᠯᠬᠤᠷ᠂ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠳᠣᠣᠱᠯᠠᠭᠤᠯᠵᠦ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ ᠪᠣᠳᠠᠲᠠᠶ ᠠᠵᠢᠯᠯᠠᠨ᠂ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠦ᠂ ᠰᠡᠳᠬᠢᠯ ᠢᠶᠠᠨ ᠨᠢᠭᠲᠠᠷᠠᠭᠤᠯᠤᠨ ᠬᠦᠴᠦ ᠪᠠᠨ ᠬᠠᠮᠲᠤᠳᠬᠠᠵᠤ ᠠᠤᠭ᠎ᠠ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ ᠬᠡᠵᠦ ᠪᠠᠶᠢᠪᠠ᠃       ᠠᠶᠢᠮᠠᠭ ᠤᠨ ᠪᠠᠯᠠ ᠣᠷᠣᠭᠤᠯᠤᠯᠲᠠ ᠶᠢᠨ ᠠᠬᠢᠭᠤᠯᠬᠤ ᠲᠥᠪ ᠤᠨ ᠡᠷᠬᠢᠯᠡᠭᠴᠢ ᠴᠧᠨ ᠶᠦᠩ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ  ᠳᠦᠯᠦᠪᠵᠢᠬᠦᠯᠬᠡ ᠶᠢᠨ ᠡᠬᠢᠯᠡᠯᠲᠡ ᠶᠢᠨ ᠵᠢᠯ ᠪᠥᠭᠡᠳ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠃ ᠪᠢᠳᠡ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ᠂ ᠪᠦᠬᠦ ᠠᠶᠢᠮᠠᠭ ᠤᠨ ᠲᠡᠮᠦᠷ ᠵᠠᠮ ᠪᠣᠯᠤᠨ ᠠᠭᠠᠷ ᠠᠶᠠᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠬᠢᠭᠤᠯᠤᠨ᠎ᠠ᠃ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠡᠮᠦᠷ ᠵᠠᠮ ᠤᠨ ᠪᠦᠯᠦᠭᠯᠡᠯ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠣᠬᠢᠷᠠᠭᠤᠯᠤᠯᠲᠠ ᠶᠣᠰᠣᠭᠠᠷ᠂ ᠰᠢᠨ᠎ᠡ ᠪᠠᠷ ᠪᠠᠶᠢᠭᠤᠯᠵᠦ ᠪᠤᠢ ᠲᠡᠮᠦᠷ ᠵᠠᠮ ᠤᠨ ᠪᠦᠲᠦᠬᠡᠨ ᠪᠠᠶᠢᠭᠤᠯᠤᠯᠳᠠ ᠶᠢ ᠢᠳᠡᠪᠬᠢᠲᠡᠶ ᠬᠠᠮᠵᠢᠯᠴᠠᠨ ᠰᠠᠶᠢᠲᠤᠷ ᠬᠢᠨ᠎ᠠ᠃ ᠬᠤᠶᠠᠷ ᠲᠤ᠂ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠤᠯᠭᠠᠨ ᠲᠡᠰ ᠲᠡᠪᠰᠢᠬᠦᠯᠬᠦ ᠠᠵᠢᠯ ᠢ ᠪᠦᠬᠦ ᠬᠦᠴᠦᠨ ᠢᠶᠠᠷ ᠠᠬᠢᠭᠤᠯᠵᠦ᠂ ᠢᠨᠵᠧᠨᠧᠷᠢᠩ ᠤᠨ ᠡᠷᠲᠡᠬᠡᠨ ᠠᠵᠢᠯ ᠡᠬᠢᠯᠡᠭᠦ ᠶᠢ ᠠᠬᠢᠭᠤᠯᠤᠨ᠎ᠠ ᠬᠡᠵᠦ ᠪᠠᠶᠢᠯ᠎ᠠ᠃         ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠦᠸᠧ ᡁᠢ ᠲᠢᠶᠧ ᠠᠴᠠ᠂ ᠪᠢᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠨᠡᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠪᠣᠯᠤᠨ᠎ᠠ᠃ ᠠᠵᠤ ᠠᠬᠤᠶ ᠶᠢᠨ ᠪᠠᠶᠢᠳᠠᠯ ᠢ ᠵᠠᠳᠠᠯᠤᠨ ᠮᠠᠭᠠᠳᠯᠠᠵᠤ᠂ ᠪᠡᠯᠡ ᠣᠷᠣᠭᠤᠯᠤᠯᠲᠠ ᠶᠢ ᠥᠷᠭᠡᠳᠬᠡᠨ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠪᠣᠯᠤᠨ ᠲᠤᠰᠬᠠᠶ ᠲᠥᠷᠤᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠴᠢᠷᠮᠠᠶᠢᠨ ᠣᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠬᠤ ᠳᠦᠷᠢᠮ ᠢ ᠴᠢᠩᠭᠠᠳᠬᠠᠨ᠎ᠠ᠃ ᠡᠬᠦᠨ ᠤ ᠬᠠᠮᠲᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠢ ᠲᠥᠰᠦᠪᠯᠡᠨ᠂ ᠪᠦᠬᠦ ᠠᠶᠢᠮᠠᠭ ᠤᠨ ᠭᠤᠤᠯᠳᠠᠯᠭᠠᠲᠦ 100 ᠲᠥᠷᠥᠯ ᠵᠦᠢᠯ ᠢ ᠡᠷᠳᠡᠭᠡᠨ ᠨᠠᠶᠢᠳᠠᠪᠤᠷᠢᠵᠢᠭᠤᠯᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠳᠤᠨ᠎ᠠ ᠬᠡᠪᠡ᠃       ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠧᠶ ᠰᠢᠶᠦ᠋ᠩ ᠾᠦᠢ ᠠᠴᠠ᠂ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠦᠯᠦᠪᠵᠢᠬᠦᠯᠬᠡ  ᠶᠢᠨ ᠬᠤᠭᠤᠴᠠᠭᠠᠨ ᠳᠠᠬᠢ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠠ ᠡᠭᠦᠷᠭᠡ ᠶᠢ ᠲᠥᠯᠥᠪᠵᠢᠭᠦᠯᠵᠦ᠂ 2021 ᠣᠨ ᠤ ᠪᠦᠬᠦ ᠠᠶᠢᠮᠠᠭ ᠤᠨ ᠭᠤᠤᠯᠳᠠᠯᠭᠠᠲᠦ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠵᠡᠶ᠃ ᠪᠢᠳᠡ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠵᠦ᠂ ᠬᠤᠷᠠᠯ ᠠᠴᠠ ᠲᠣᠭᠲᠠᠭᠠᠭᠰᠠᠨ 2021 ᠣᠨ ᠤ ᠬᠠᠷᠠᠯᠲᠠ ᠡᠭᠦᠷᠭᠡ ᠶᠢ ᠠᠩᠬᠠᠷᠴᠤ ᠪᠣᠳᠠᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠨᠢᠬᠡ ᠳᠤ᠂ ᠪᠢᠳᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠣᠨᠴᠠᠯᠢᠭᠲᠤ᠂ ᠣᠷᠭᠠᠨᠢᠭ᠂ ᠳᠡᠭᠡᠲᠦ ᠲᠡᠰ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠦᠷᠬᠡᠳᠬᠡᠨ᠎ᠠ᠃ ᠬᠤᠶᠡᠷ ᠲᠤ᠂ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠢ ᠭᠤᠣᠯᠳᠠᠯᠭ᠎ᠠ ᠪᠣᠯᠭᠠᠨ ᠠᠳᠬᠤᠵᠤ᠂ ᠲᠣᠰᠬᠤᠨ ᠤ ᠠᠷᠠᠳ ᠤᠨ ᠦᠪᠡᠰᠦᠪᠡᠨ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ᠂ ᠬᠠᠤᠯᠢ ᠪᠠᠷ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ᠮᠠᠯ ᠤᠨ ᠠᠰᠢᠭ ᠰᠢᠮ᠎ᠡ ᠲᠠᠷᠢᠶᠠᠯᠠᠩ  ᠤᠨ ᠪᠦᠲᠦᠭᠡᠭᠳᠡᠬᠦᠨ ᠢ ᠶᠡᠭᠡ ᠪᠠᠷ ᠨᠡᠬᠡᠬᠡᠨ ᠬᠦᠭᠵᠢᠬᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠰᠢᠯᠤᠭᠤᠳᠬᠠᠨ᠂ ᠪᠦᠬᠦ ᠠᠶᠢᠮᠠᠭ ᠤᠨ ︽ᠬᠦᠳᠡᠭᠡ ᠠᠵᠦ ᠠᠬᠤᠢ︾ ᠶᠢᠨ ᠠᠵᠢᠯ ᠢ ᠤᠯᠠᠮ ᠰᠠᠶᠢᠨ ᠬᠢᠬᠦ ᠳᠤ ᠢᠳᠡᠬᠡᠯ ᠲᠦᠬᠦᠷᠡᠩ ᠪᠠᠶᠢᠨ᠎ᠠ ᠬᠡᠵᠦ ᠪᠠᠶᠢᠯ᠎ᠠ᠃         ᠠᠶᠢᠮᠠᠭ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠨ ᠵᠢᠶᠦ᠋ᠨ ᠯᠠᠢ ᠠᠴᠠ᠂ ᠠᠶᠢᠮᠠᠭ ᠤᠨ ᠨᠠᠮ ᠤᠨ ᠬᠤᠷᠢᠶᠠᠨ ᠤ ︵ᠦᠷᠬᠡᠳᠬᠡᠭᠰᠡᠨ︶ ᠬᠤᠷᠠᠯ ᠠᠴᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠦᠪᠵᠢᠬᠦᠯᠬᠡ ᠶᠢᠨ ᠬᠤᠭᠤᠴᠠᠭᠠᠨ ᠤ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠦᠯᠦᠪᠵᠢᠬᠦᠯᠬᠡ ᠵᠢᠴᠢ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠪᠦᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠠᠶᠢᠷᠢᠯᠠᠭᠤᠯᠵᠠᠶ᠃ ᠪᠦᠬᠦ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠡᠨᠡ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠨ ᠰᠤᠷᠤᠯᠴᠠᠵᠤ᠂ ᠬᠤᠷᠠᠯ ᠤᠨ ᠱᠠᠭᠠᠷᠳᠠᠯᠭ᠎ᠠ ᠶᠣᠰᠣᠭᠠᠷ ᠪᠦᠬᠦ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠣᠯᠤᠨ 2021 ᠣᠨ ᠤ ᠡᠯ᠎ᠡ ᠵᠦᠢᠯ ᠤᠨ ᠭᠤᠤᠯᠳᠠᠯᠭᠠᠲᠦ ᠠᠵᠢᠯ ᠤᠨ ᠡᠭᠦᠷᠭᠡ ᠶᠢ ᠰᠠᠶᠢᠲᠤᠷ ᠲᠥᠰᠦᠪᠯᠡᠨ ᠪᠠᠶᠢᠷᠢᠯᠠᠭᠤᠯᠬᠤ ᠶᠢᠨ ᠬᠠᠮᠲᠦ᠂ 1000 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠣᠶ ᠰᠢᠭᠤᠶ ᠶᠢᠨ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ 100 ᠲᠦᠮᠡᠨ ᠮᠦ ᠠᠴᠠ ᠢᠯᠡᠬᠦᠦ ᠬᠡᠮᠵᠢᠶᠡᠨ ᠳᠤ ᠬᠥᠷᠭᠡᠵᠤ᠂ 2571 ᠲᠦᠮᠡᠨ ᠮᠦ ᠤᠯᠤᠰ ᠤᠨ ᠨᠡᠶᠢᠲᠡ ᠳᠤ ᠠᠰᠢᠭ ᠬᠦᠷᠳᠡᠭᠡᠬᠦ ᠣᠶ ᠪᠣᠯᠤᠨ 2.8 ᠳ᠋ᠦᠩᠰᠢᠭᠤᠷ ᠮᠦ ᠪᠠᠶᠢᠭᠠᠯᠢ ᠶᠢᠨ ᠨᠤᠲᠤᠭ ᠪᠡᠯᠴᠢᠭᠡᠷ ᠢ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠳᠤ ᠦᠷᠬᠦᠯᠵᠢᠯᠡᠨ ᠬᠦᠴᠦᠨ ᠴᠢᠳᠠᠯ ᠢᠶᠠᠨ ᠡᠷᠬᠦᠨ᠎ᠠ ᠭᠡᠵᠦ ᠪᠠᠶᠢᠯ᠎ᠠ᠃       ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ ᠯᠢᠦ ᠰᠢᠶᠠᠨ ᠳ᠋ᠧ ᠢᠯᠡᠷᠬᠡᠶᠢᠯᠡᠬᠦ ᠳᠡᠭᠡᠨ᠂ ᠠᠶᠢᠮᠠᠭ ᠤᠨ ᠨᠠᠮ ᠤᠨ ᠬᠤᠷᠢᠶᠠᠨ ᠤ          ︵ᠥᠷᠭᠡᠳᠬᠡᠭᠰᠡᠨ︶ ᠬᠤᠷᠠᠯ ᠤᠨ ᠱᠠᠭᠠᠷᠳᠠᠯᠭ᠎ᠠ ᠪᠣᠯᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠳᠣᠣᠱᠯᠠᠭᠤᠯᠣᠨ᠂ ᠰᠢᠨ᠎ᠡ ᠬᠥᠭᠵᠢᠯᠲᠡ ᠶᠢᠨ ᠳᠦᠯᠦᠪᠰᠢᠯ ᠢ ᠪᠦᠬᠦ ᠬᠦᠴᠦᠨ ᠢᠶᠠᠷ  ᠪᠣᠢ ᠪᠣᠯᠭᠠᠵᠦ᠂ ᠠᠮᠢ ᠠᠬᠤᠶ ᠶᠢ ᠡᠩ ᠲᠡᠷᠢᠬᠦᠨ ᠳᠤ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠶᠢᠨ ᠵᠡᠮ ᠢ ᠭᠤᠶᠢᠪᠢᠰᠢ ᠦᠬᠡᠢ ᠪᠠᠷᠢᠮᠳᠠᠯᠠᠨ᠂ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ ᠶᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠵᠦ ᠪᠤᠢ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠪᠣᠶ ᠪᠤᠯᠭᠠᠨ᠂ ᠬᠦᠷᠢᠶᠡᠯᠡᠩ ᠲᠣᠭᠤᠷᠢᠭ ᠤᠨ ᠣᠶᠤᠨᠴᠢ ᠥᠭᠡᠷᠡᠴᠢᠯᠡᠯᠲᠡ ᠶᠢ ᠠᠬᠢᠭᠤᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠥᠷᠭᠡᠳᠬᠡᠨ᠂ ᠪᠦᠬᠦ ᠠᠶᠢᠮᠠᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠢᠯᠢᠳᠡᠭ ᠪᠠᠲᠤᠯᠠᠭ᠎ᠠ ᠬᠠᠩᠭᠠᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠪᠠᠷᠢᠬᠤ ᠪᠠᠷ ᠪᠡᠯᠡᠬᠡᠨ ᠪᠠᠶᠢᠨ᠎ᠠ ᠬᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号