ᠤᠯᠠᠨ ᠲᠦᠮᠡᠨ ᠳᠤ ᠪᠤᠳᠠᠲᠦ ᠠᠮᠵᠢᠯᠳᠠ ᠲᠠᠢ ᠬᠠᠷᠢᠭᠤᠯᠳᠠ ᠦᠭᠭᠦᠨ᠎ᠡ
ᠨᠡᠶᠢᠲᠡᠯᠡᠭᠰᠡᠨ ᠴᠠᠭ᠄
2021/3/11
      ︽ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠦᠬᠦ ᠤᠯᠤᠰ ᠤᠨ ︿ᠬᠤᠶᠡᠷ ᠬᠤᠷᠡᠯ﹀ ᠳᠤ ᠳᠥᠷᠪᠡᠳᠡᠬᠢ ᠤᠳᠠᠭ᠎ᠠ ᠣᠷᠣᠯᠴᠠᠵᠤ᠂ ᠣᠮᠣᠭᠰᠢᠯ ᠲᠠᠢ ᠪᠠᠶᠢᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠬᠦᠨᠲᠦ ᠪᠠᠶᠢᠭ᠎ᠠ ᠶᠢ ᠰᠠᠷᠠᠵᠦ ᠮᠡᠳᠡᠪᠡ᠃ ᠨᠢᠬᠡ ᠵᠢᠯ ᠤᠨ ᠲᠤᠷᠰᠢ ᠦᠨᠳᠦᠰᠦᠨ ᠱᠠᠳᠤᠨ ᠳᠤ ᠬᠦᠨᠵᠡᠬᠡᠶᠢᠷᠡᠵᠦ᠂ ᠤᠯᠠᠨ ᠲᠦᠮᠡᠨ ᠤ ᠪᠤᠳᠤᠯ ᠰᠠᠨᠠᠯ ᠢ ᠤᠢᠢᠯᠠᠭᠠᠭᠰᠠᠨ ᠰᠠᠭᠤᠷᠢᠨ ᠲᠡᠬᠡᠷ᠎ᠠ ᠪᠦᠬᠦ ᠤᠯᠤᠰ ᠤᠨ ︿ᠬᠤᠶᠡᠷ ᠬᠤᠷᠡᠯ﹀ ᠳᠤ ᠲᠡᠪᠰᠢᠬᠦᠯᠬᠦ ᠰᠠᠨᠠᠯ ᠢᠶᠠᠨ ᠪᠠᠯᠡᠳᠬᠡᠵᠠᠢ︾ ᠬᠡᠮᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳ᠋ᠦᠩᠹᠧᠩ ᠰᠠᠨᠰᠠᠷ ᠤᠨ ᠬᠤᠳᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠰᠤᠷᠪᠤᠯᠵᠢᠯᠠᠭᠴᠢ ᠳᠤ ᠶᠡᠷᠢᠵᠦ ᠪᠠᠶᠢᠯ᠎ᠠ᠃       ᠡᠵᠡᠨ᠎ᠡ ᠬᠤᠰᠢᠭᠤ ᠡᠬᠡ ᠤᠯᠤᠰ ᠤᠨ ᠪᠠᠷᠠᠭᠤᠨ ᠬᠤᠶᠢᠲᠤ ᠬᠢᠵᠠᠭᠠᠷ ᠲᠤ ᠪᠠᠶᠢᠷᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠮᠠᠰᠢ ᠬᠡᠪᠡᠷᠡᠭ ᠮᠦᠷᠳᠡᠬᠡᠨ ᠤᠯᠤᠰ ᠤᠨ ᠠᠮᠢ ᠠᠬᠤᠢ ᠶᠢᠨ ᠴᠢᠳᠠᠮᠵᠢᠳᠦ ᠴᠢᠬᠤᠯᠠ ᠣᠷᠣᠨ ᠪᠣᠯᠬᠤᠷ᠂ ᠮᠥᠩᠬᠡ ᠣᠯᠠᠨ ᠵᠢᠯ ᠤᠨ ᠲᠤᠷᠰᠢ ᠮᠠᠨ ᠤ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠩᠬᠠᠷᠤᠭᠰᠠᠭᠠᠷ ᠢᠷᠡᠵᠡᠶ᠃ 2020 ᠣᠨ ᠤ ᠪᠦᠬᠦ ᠤᠯᠤᠰ ᠤᠨ ︽ᠬᠤᠶᠠᠷ ᠬᠤᠷᠠᠯ︾ ᠳᠡᠭᠡᠷ᠎ᠡ ᠲᠡᠬᠦᠨ ᠤ ᠲᠤᠷᠠᠳᠤᠭᠰᠠᠨ 4 ᠰᠠᠨᠠᠭᠤᠯᠭ᠎ᠠ ᠳᠤ ᠴᠦᠮ ᠬᠠᠷᠢᠭᠤᠯᠳᠠ ᠦᠭᠴᠦ᠂ ᠨᠡᠩ ᠴᠦ ︽ᠪᠠᠳᠠᠶ ᠶᠢᠨ ᠵᠢᠷᠠᠨ ᠤ ᠡᠯᠡᠰᠦ ᠮᠠᠩᠬ᠎ᠠ — ᠡᠯᠡᠰᠦᠨ ᠴᠤᠬᠢᠶ᠎ᠠ ᠨᠠᠭᠤᠷ ᠴᠥᠭᠦᠷᠥᠮ ᠢ ᠳᠡᠯᠡᠬᠡᠶ ᠶᠢᠨ ᠪᠠᠶᠢᠭᠠᠯᠢ ᠶᠢᠨ ᠥᠪ ᠬᠥᠷᠥᠩᠭᠡ ᠪᠠᠷ ᠭᠤᠶᠤᠴᠢᠯᠠᠨ ᠮᠡᠳᠡᠭᠦᠯᠬᠦ ᠲᠤᠬᠠᠶ︾ ᠰᠠᠨᠠᠭᠤᠯᠭ᠎ᠠ ᠨᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠳᠡᠪᠬᠢᠲᠡᠶ ᠲᠤᠰᠬᠠᠯ ᠢ ᠣᠯᠵᠤ᠂ ᠬᠠᠮᠢᠶ᠎ᠠ ᠪᠥᠬᠦᠶ ᠠᠵᠢᠯ ᠢ ᠶᠠᠭ ᠨᠢᠮᠪᠠᠢ ᠠᠬᠢᠭᠤᠯᠵᠤ ᠪᠤᠢ᠃       ᠰᠠᠨᠠᠯ ᠳᠤᠷᠠᠳᠤᠯᠭ᠎ᠠ ᠶᠢ ᠬᠦᠯᠢᠶᠡᠨ ᠠᠪᠤᠭᠰᠠᠨ ᠨᠢ ᠮᠥᠩᠬᠡ ᠳᠤ ᠠᠪᠴᠤ ᠬᠡᠯᠡᠪᠡᠯ ᠲᠠᠷᠤᠢ ᠵᠣᠷᠢᠭᠵᠢᠭᠤᠯᠤᠯ ᠪᠣᠯᠤᠨ᠎ᠠ᠃ ᠪᠠᠶᠢᠴᠠᠭᠠᠨ ᠰᠤᠳᠤᠯᠤᠯᠲᠠ ᠬᠢᠬᠦ ᠦᠭᠡᠢ ᠪᠣᠯ ᠦᠭᠡ ᠬᠡᠯᠡᠬᠦ ᠡᠷᠬᠡ ᠦᠭᠡᠢ ᠭᠡᠳᠡᠭ ᠢ ᠲᠡᠷᠡ ᠭᠦᠨ ᠣᠶᠢᠯᠠᠭᠠᠵᠤ ᠪᠤᠢ᠃ 2020 ᠣᠨ ᠳᠤ ᠮᠥᠩᠬᠡ ᠦᠨᠳᠦᠰᠦᠨ ᠱᠠᠲᠤᠨ ᠳᠤ 77 ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠡᠭᠦᠨ ᠳᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠲᠣᠭᠤᠷᠢᠨ ᠳᠤ 24 ᠤᠳᠠᠭ᠎ᠠ ᠪᠠᠶᠢᠴᠠᠭᠠᠨ ᠰᠤᠳᠤᠯᠤᠯᠲᠠ ᠬᠢᠬᠦ ᠠᠴᠠ ᠭᠠᠳᠠᠨ᠎ᠠ᠂ ᠵᠢᠭᠠᠨ ᠵᠢᠯᠣᠭᠤᠳᠬᠤ᠂ ᠰᠢᠮᠳᠠᠭᠤᠯᠣᠨ ᠵᠢᠯᠣᠭᠤᠳᠬᠤ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠭᠠᠳᠠᠭᠠᠳᠤ ᠨᠡᠭᠡᠭᠡᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠶᠠᠷ ᠢ ᠬᠦᠷᠢᠶᠡᠯᠡᠬᠦ᠂ ᠠᠶᠣᠯ ᠦᠬᠡᠢ ᠦᠢᠯᠡᠳᠪᠦᠷᠢᠯᠡᠯ ᠪᠠ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠰᠣᠶᠣᠯ ᠵᠢᠭᠤᠯᠴᠢᠯᠠᠯ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠦᠷᠢᠮ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠵᠡᠷᠬᠡ ᠲᠠᠯ᠎ᠠ ᠪᠠᠷ ᠦᠯᠡᠮᠵᠢ ᠪᠠᠶᠢᠴᠠᠭᠠᠨ ᠰᠤᠳᠤᠯᠤᠯᠳᠠ ᠦᠷᠨᠢᠬᠦᠯᠵᠠᠢ᠃ 2021 ᠣᠨ ᠤ ᠰᠢᠨ᠎ᠡ ᠵᠢᠯ ᠡᠬᠢᠯᠡᠮᠡᠭᠴᠡ ᠲᠡᠷᠡ ᠰᠤᠪᠨᠠᠭᠤᠷ ᠰᠤᠮᠤᠨ ᠳᠤ ᠬᠦᠷᠴᠦ ᠰᠤᠮᠤᠨ ᠤ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠮᠦᠡᠭᠬᠡ᠂ ᠦᠢᠷ᠎ᠡ ᠶᠢᠨ ᠭᠤᠷᠪᠠᠨ ᠵᠢᠯ ᠳᠤ᠂ ᠦᠨᠳᠦᠰᠦᠨ ᠱᠠᠲᠤᠨ ᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠤᠨᠤᠰᠬᠤ ᠪᠠᠷ ᠲᠠᠮᠵᠢᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠳᠠ᠂ ᠤᠷᠤᠨ ᠨᠤᠳᠤᠭ ᠤᠨ ᠠᠵᠦ ᠠᠬᠤᠢ ᠶᠢᠨ ᠬᠦᠭᠵᠢᠯᠳᠠ ᠵᠡᠷᠬᠡ ᠲᠠᠯ᠎ᠠ ᠶᠢ ᠪᠠᠴᠢᠮ ᠱᠠᠭᠠᠷᠳᠠᠵᠦ ᠪᠠᠶᠢᠬᠤ ᠶᠢ ᠮᠡᠳᠡᠬᠡᠳ ᠪᠦᠬᠦ ᠤᠯᠤᠰ ᠤᠨ ︽ᠬᠤᠷᠡᠯ ᠬᠤᠷᠠᠯ︾ ᠳᠤ ᠨᠠᠶᠢᠳᠠ 6 ᠰᠠᠨᠠᠭᠤᠯᠭ᠎ᠠ ᠳᠤᠷᠠᠳᠴᠠᠢ᠃ ᠡᠳᠡᠭᠡᠷ ᠰᠠᠨᠠᠭᠤᠯᠭ᠎ᠠ ᠨᠢ ᠪᠦᠷ ᠮᠠᠨ ᠤ ᠠᠶᠢᠮᠠᠭ᠂ ᠡᠵᠡᠨ᠎ᠡ ᠬᠤᠰᠢᠭᠤᠨ ᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠷᠠᠳ ᠤᠨ ᠠᠮᠢᠳᠤᠷᠠᠯ ᠤᠨ ᠪᠣᠳᠠᠲᠠᠢ ᠬᠡᠷᠡᠭᠴᠡᠭᠡ ᠳᠤ ᠰᠠᠭᠤᠷᠢᠯᠠᠵᠤ ᠪᠤᠢ ᠪᠣᠯᠤᠭᠰᠠᠨ ᠶᠤᠮ᠂ ᠡᠨᠡ ᠪᠣᠯ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠡᠲᠡᠭᠡᠳ ᠤᠨ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ ᠠᠶᠢᠮᠠᠭ ᠤᠨ ᠨᠠᠮ ᠤᠨ ᠬᠤᠷᠢᠶ᠎ᠠ ᠠᠴᠠ ᠲᠤᠰᠬᠠᠢ ᠰᠡᠳᠦᠪ ᠢᠶᠠᠷ ᠰᠤᠳᠤᠯᠤᠨ ᠲᠤᠭᠳᠠᠭᠠᠵᠠᠢ᠃ ᠴᠥᠮ ᠪᠠᠴᠢᠮ ᠰᠢᠢᠳᠪᠦᠷᠢᠯᠡᠬᠦ ᠴᠢᠬᠤᠯᠠᠲᠠᠶ ᠮᠥᠷᠲᠡᠭᠡᠨ ᠤᠯᠤᠰ ᠤᠨ ᠲᠠᠯ᠎ᠠ ᠠᠴᠠ ᠠᠬᠢᠭᠤᠯᠬᠤ ᠴᠢᠬᠤᠯᠠᠲᠠᠶ ᠶᠡᠭᠡ ᠠᠰᠠᠭᠤᠳᠠᠯ ᠮᠦᠷᠳᠡᠬᠡᠨ ᠮᠠᠨ ᠤ ᠠᠶᠢᠮᠠᠭ ᠤᠨ ᠢᠷᠡᠭᠡᠳᠦᠶ ᠶᠢᠨ ᠬᠥᠭᠵᠢᠯᠲᠡ ᠲᠠᠢ ᠰᠢᠭᠤᠳ ᠬᠤᠯᠪᠤᠭᠳᠠᠬᠤ ᠵᠦᠢᠯ ᠪᠤᠯᠤᠨ᠎ᠠ ᠬᠡᠵᠦ ᠪᠠᠶᠢᠪᠠ᠃       ︽ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ 2 ᠤᠳᠠᠭ᠎ᠠ ᠰᠢᠨᠵᠢᠯᠡᠨ ᠪᠠᠶᠢᠴᠠᠭᠠᠬᠤ ᠪᠠ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ 3 ᠤᠳᠠᠭ᠎ᠠ ᠤᠷᠤᠯᠴᠠᠬᠤ ᠳᠠᠭᠠᠨ ᠴᠦᠮ ︿ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ﹀ ᠭᠡᠵᠦ ᠴᠢᠬᠤᠯᠠᠴᠢᠯᠠᠭᠰᠠᠨ ᠪᠤᠯᠬᠤᠷ᠂ ᠪᠢᠳᠠ ᠠᠮᠢ ᠠᠬᠤᠶ ᠶᠢ ᠳᠡᠷᠢᠬᠦᠨ ᠳᠤ ᠳᠠᠯᠪᠢᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠬᠡᠢ ᠵᠠᠮᠨᠠᠨ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠦᠲᠦᠭᠡᠨ ᠪᠠᠶᠢᠭᠤᠯᠵᠦ᠂ ᠤᠯᠠᠨ ᠲᠦᠮᠡᠨ ᠳᠤ ᠪᠤᠳᠠᠲᠦ ᠠᠮᠵᠢᠯᠳᠠ ᠲᠠᠢ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠨ᠎ᠠ︾ ᠬᠡᠮᠡᠨ ᠮᠦᠡᠭᠬᠡ ᠬᠡᠯᠡᠯ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号