ᠲᠤᠰᠬᠠᠶ ᠮᠡᠷᠭᠡᠵᠢᠯᠲᠡᠨ ᠠᠴᠠ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠵᠢᠰᠦ ᠪᠠᠨ ᠵᠠᠰᠠᠭᠤᠯᠤᠨ᠎ᠠ ᠬᠡᠵᠦ ᠪᠢᠲᠡᠭᠡᠶ ᠰᠡᠳᠬᠢᠯ ᠳᠣᠭᠳᠣᠯᠤᠭᠠᠷᠠᠶ ᠭᠡᠵᠦ ᠰᠠᠨᠠᠭᠤᠯᠪᠠ
ᠨᠡᠶᠢᠲᠡᠯᠡᠭᠰᠡᠨ ᠴᠠᠭ᠄
2021/3/16
      ᠣᠶᠢᠷ᠎ᠠ ᠶᠢᠨ ᠵᠢᠯ ᠠᠴᠠ ᠨᠠᠰᠢ᠂ ᠵᠢᠰᠦ ᠪᠠᠨ ᠵᠠᠰᠠᠭᠤᠯᠵᠤ ᠳᠦᠷᠢ ᠲᠥᠷᠬᠦ ᠪᠠᠨ ᠬᠤᠪᠢᠷᠠᠭᠤᠯᠬᠤ ᠬᠥᠮᠦᠨ ᠤ ᠲᠤᠭ᠎ᠠ ᠨᠡᠮᠡᠭᠳᠡᠬᠦ ᠶᠢ ᠳᠠᠭᠠᠯᠳᠤᠨ᠂ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠳᠤ ᠵᠢᠰᠦ ᠵᠠᠰᠠᠭᠤᠯᠬᠤ ᠬᠠᠯᠠᠭᠤᠷᠠᠯ ᠴᠤ ᠢᠳᠡᠭ ᠢᠳᠡᠭ ᠢᠶᠠᠷ ᠬᠦᠭᠵᠢᠭᠡᠨ ᠲᠠᠢ ᠪᠤᠯᠬᠤ ᠶᠢᠨ ᠲᠠᠭᠠᠤ ᠵᠢᠰᠦ ᠵᠠᠰᠠᠭᠤᠯᠬᠤ ᠠᠴᠠ ᠪᠤᠯᠤᠬᠰᠠᠨ ᠵᠢᠭᠤᠷᠠᠯᠳᠤᠭᠠᠨ ᠴᠦ ᠶᠠᠪᠤᠬᠤ ᠲᠤᠳᠤᠮ ᠤᠯᠠᠰᠢᠷᠠᠬᠤ ᠬᠠᠨᠳᠤᠰᠢ ᠲᠠᠢ ᠪᠣᠯᠵᠦ ᠪᠠᠶᠢᠨ᠎ᠠ᠃       ᠰᠤᠷᠪᠤᠯᠵᠢᠯᠠᠭᠴᠢ ᠣᠶᠢᠷ᠎ᠠ ᠳᠤ ᠬᠤᠨᠠᠨ ᠤ ᠣᠯᠠᠨ ᠡᠮᠴᠢᠯᠡᠭᠡᠨ ᠤ ᠪᠠᠶᠢᠭᠤᠯᠤᠮᠵᠢ ᠶᠢᠨ ᠵᠢᠰᠦ ᠭᠤᠶᠣᠯᠠᠬᠤ ᠰᠠᠯᠠᠭ᠎ᠠ ᠳᠤ ᠬᠦᠷᠴᠦ ᠣᠶᠢᠯᠠᠭᠠᠭᠰᠠᠨ ᠢᠶᠠᠷ᠂ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠵᠢᠰᠦ ᠵᠠᠰᠠᠬᠤ ᠪᠠ ᠵᠢᠰᠦ ᠭᠤᠶᠣᠯᠠᠬᠤ ᠲᠤᠬᠠᠶ ᠠᠰᠠᠭᠤᠨ ᠯᠠᠪᠯᠠᠵᠤ ᠪᠠᠶᠢᠭ᠎ᠠ ᠰᠣᠷᠣᠭᠴᠢ ᠣᠯᠠᠰᠢᠷᠠᠪᠠ᠃ ᠲᠤᠰᠬᠠᠶ ᠮᠡᠷᠭᠡᠵᠢᠯᠲᠡᠨ ᠠᠴᠠ᠂ ᠰᠤᠷᠤᠭᠴᠢᠳ ᠵᠢᠰᠦ ᠭᠤᠶᠣᠯᠠᠬᠤ ᠳᠠᠭᠠᠨ ᠰᠣᠬᠤᠷ ᠪᠠᠯᠠᠶ ᠪᠠᠷ ᠪᠤᠰᠤᠳ ᠢ ᠳᠠᠭᠠᠵᠤ ᠪᠣᠯᠬᠤ ᠥᠬᠡᠶ᠂ ᠶᠠᠮᠠᠷᠪᠠ ᠮᠡᠰᠡ ᠵᠠᠰᠠᠯ ᠨᠢ ᠴᠥᠮ ᠠᠶᠤᠯ ᠲᠦᠭᠰᠢᠭᠦᠷᠢ ᠲᠠᠢ ᠭᠡᠳᠡᠭ ᠢ ᠮᠡᠳᠡᠵᠦ᠂ ᠵᠢᠰᠦ ᠵᠠᠰᠠᠭᠤᠯᠬᠤ ᠮᠡᠰᠡ ᠵᠠᠰᠠᠯ ᠬᠢᠯᠭᠡᠭᠰᠡᠨ ᠠᠴᠠ ᠪᠣᠯᠵᠣ ᠦᠷ᠎ᠡ ᠳᠠᠭᠠᠪᠣᠷᠢ ᠪᠦᠬᠦᠢ ᠡᠪᠡᠳᠴᠢᠨ ᠡᠭᠦᠰᠴᠦ ᠮᠡᠳᠡᠬᠦ ᠠᠶᠤᠯ ᠲᠦᠭᠰᠢᠬᠦᠷᠢ ᠶᠢ ᠬᠦᠢᠴᠡᠳ ᠪᠣᠳᠣᠯᠬᠢᠯᠠᠬᠤ ᠬᠡᠷᠡᠭᠲᠡᠶ ᠬᠡᠵᠦ ᠰᠠᠨᠠᠭᠤᠯᠪᠠ᠃       ᠵᠥᠩ ᠨᠠᠨ ᠶᠡᠭᠡ ᠰᠤᠷᠭᠠᠭᠤᠯᠢ ᠶᠢᠨ ᠰᠢᠶᠠᠩ ᠶᠠ ᠬᠤᠶᠠᠳᠤᠭᠠᠷ ᠡᠮᠨᠡᠯᠭᠡ ᠶᠢᠨ ᠬᠤᠷᠢᠶᠠᠨ ᠤ ᠲᠦᠯᠡᠭᠳᠡᠭᠰᠡᠨ ᠰᠢᠷᠬ᠎ᠠ ᠶᠢ ᠡᠮᠨᠡᠬᠦ ᠪᠠ ᠵᠢᠰᠦ ᠭᠤᠶᠣᠯᠠᠬᠤ ᠰᠠᠯᠠᠭᠠᠨ ᠤ ᠡᠷᠬᠢᠯᠡᠭᠴᠢ ᠸᠠᠩ ᠰᠢᠶᠠᠨ ᠴᠧᠩ ᠲᠠᠨᠢᠯᠴᠠᠭᠤᠯᠬᠤ ᠳᠠᠭᠠᠨ᠄ ᠠᠮᠠᠷᠠᠯᠲᠠ ᠶᠢᠨ ᠬᠤᠭᠤᠴᠠᠭ᠎ᠠ ᠪᠣᠯᠬᠤ ᠪᠦᠷᠢ ᠮᠠᠰᠢ ᠣᠯᠠᠨ ᠰᠣᠷᠣᠭᠴᠢ ᠡᠮᠨᠡᠯᠭᠡ ᠳᠤ ᠢᠷᠡᠵᠦ ᠡᠪᠡᠳᠴᠢᠨ ᠢᠶᠠᠨ ᠦᠵᠡᠭᠦᠯᠵᠦ᠂ ᠵᠢᠰᠦ ᠭᠤᠶᠣᠯᠠᠬᠤ ᠪᠠ ᠵᠢᠰᠦ ᠪᠠᠨ ᠵᠠᠰᠠᠭᠤᠯᠬᠤ ᠮᠡᠰᠡ ᠵᠠᠰᠠᠯ ᠬᠢᠯᠭᠡᠬᠦ ᠪᠠᠷ ᠱᠠᠭᠠᠷᠳᠠᠳᠠᠭ᠃ ᠰᠤᠷᠤᠭᠴᠢᠳ ᠨᠢᠭᠤᠷ ᠲᠦᠷᠬᠦ ᠪᠠᠨ ᠵᠠᠰᠠᠭᠤᠯᠬᠤ ᠳᠤᠷᠠᠲᠠᠶ ᠪᠠᠶᠢᠳᠠᠭ ᠶᠤᠮ᠂ ᠵᠢᠱᠢᠶᠡᠯᠡᠪᠡᠯ ᠠᠨᠢᠰᠬ᠎ᠠ ᠶᠢᠨ ᠵᠠᠰᠠᠯ ᠬᠢᠯᠭᠡᠬᠦ᠂ ᠬᠠᠮᠠᠷ ᠢᠶᠠᠨ ᠭᠦᠳᠦ᠋ᠢᠯᠭᠡᠬᠦ᠂ ᠡᠷᠡᠤ ᠪᠠᠨ ᠵᠠᠰᠠᠭᠤᠯᠬᠤ᠂ ᠬᠦᠬᠦ ᠪᠠᠨ ᠲᠣᠮᠣᠷᠠᠭᠤᠯᠬᠤ᠂ ᠪᠡᠶ᠎ᠡ ᠶᠢᠨ ᠥᠭᠡᠬᠦ ᠪᠠᠨ ᠠᠪᠤᠭᠤᠯᠬᠤ ᠵᠡᠷᠭᠡ ᠪᠤᠯᠤᠨ᠎ᠠ᠃ ᠪᠠᠰᠠ ᠵᠠᠷᠢᠮ ᠵᠠᠯᠠᠭᠤᠴᠤᠳ ︽ᠪᠢᠴᠢᠯ ᠮᠡᠰᠡ ᠵᠠᠰᠠᠯ︾ ᠪᠠᠷ ᠨᠢᠭᠤᠷ ᠳᠦᠷᠭᠦ ᠪᠠᠨ ᠵᠠᠰᠠᠭᠤᠯᠬᠤ᠂ ᠭᠠᠯᠪᠢᠷ ᠳᠦᠷᠬᠦ ᠪᠠᠨ ᠰᠠᠶᠢᠵᠢᠷᠠᠭᠤᠯᠬᠤ ᠶᠢ ᠬᠦᠰᠡᠳᠡᠭ ᠬᠡᠵᠦ ᠬᠡᠯᠡᠪᠡ᠃       ᠸᠠᠩ ᠰᠢᠶᠠᠨ ᠴᠧᠩ᠄ ︽ᠪᠢᠴᠢᠯ ᠮᠡᠰᠡ ᠵᠠᠰᠠᠯ︾ ᠬᠢᠯᠭᠡᠬᠦ ᠨᠢ ︽ᠰᠢᠷᠬ᠎ᠠ ᠰᠤᠷᠪᠢ ᠰᠠᠭᠤᠯᠭᠠᠬᠤ ᠦᠭᠡᠢ ᠪᠠᠷ ᠵᠢᠰᠦ ᠭᠤᠶᠤᠵᠤ ᠲᠡᠶᠢᠯᠦᠨ᠎ᠡ︾ ᠬᠡᠰᠡᠨ ᠶᠠᠪᠤᠳᠠᠯ ᠪᠢᠰᠢ᠂ ᠳᠠᠪᠬᠤᠷ ᠨᠢᠳᠦ ᠭᠠᠷᠭᠠᠬᠤ᠂ ᠦᠭᠡᠬᠦ ᠪᠠᠨ ᠠᠪᠤᠭᠤᠯᠬᠤ ᠵᠡᠷᠭᠡ ᠪᠢᠴᠢᠯ ᠮᠡᠰᠡ ᠵᠠᠰᠠᠯ ᠨᠢ ᠴᠥᠮ ᠡᠮᠴᠢᠯᠡᠭᠡᠨ ᠤ ᠬᠡᠪᠴᠢᠶᠡᠨ ᠳᠤ ᠪᠠᠭᠲᠠᠬᠤ ᠲᠤᠯᠠ ᠠᠶᠤᠯ ᠲᠦᠭᠰᠢᠭᠦᠷᠢ ᠪᠠ ᠦᠷ᠎ᠡ ᠳᠠᠭᠠᠪᠣᠷᠢ ᠪᠦᠬᠦᠢ ᠡᠪᠡᠳᠴᠢᠨ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠮᠠᠰᠢ ᠣᠯᠠᠨ ᠰᠤᠷᠤᠭᠴᠢᠳ ᠨᠢ ᠤᠶᠤᠨ ᠪᠢᠯᠢᠭ ᠤᠨ ᠲᠠᠯ᠎ᠠ ᠪᠠᠷ ᠪᠣᠯᠪᠠᠰᠤᠷᠠᠩᠭᠤᠶ ᠪᠤᠯᠤᠭᠠᠳᠤᠢ᠂ ᠵᠢᠰᠦ ᠪᠠᠨ ᠵᠠᠰᠠᠭᠤᠯᠬᠤ ᠵᠣᠷᠢᠯᠭ᠎ᠠ ᠨᠢ ᠲᠣᠳᠣᠷᠬᠠᠶ ᠪᠢᠰᠢ ᠪᠠᠶᠢᠬᠰᠠᠭᠠᠷ᠂ ᠵᠠᠷᠢᠮ ᠰᠤᠷᠤᠭᠴᠢᠳ ᠨᠢ ᠥᠪᠡᠷ ᠢ ᠪᠠᠨ ᠣᠶᠢᠯᠠᠭᠠᠬᠤ ᠥᠬᠡᠶ ᠮᠥᠷᠲᠡᠭᠡᠨ ᠵᠢᠰᠦ ᠵᠠᠰᠠᠬᠤ ᠮᠡᠰᠡ ᠵᠠᠰᠠᠯ ᠢ ᠴᠤ ᠣᠶᠢᠯᠠᠭᠠᠬᠤ ᠥᠬᠡᠶ ᠪᠠᠷ ᠰᠡᠳᠬᠢᠯ ᠲᠤᠬᠳᠤᠯᠤᠮᠠᠬᠴᠠ ᠵᠢᠰᠦ ᠵᠠᠰᠠᠬᠤ ᠮᠡᠰᠡ ᠵᠠᠰᠠᠯ ᠬᠢᠯᠬᠡᠵᠦ ᠪᠠᠶᠢᠨ᠎ᠠ᠂ ᠲᠡᠳᠡ ᠵᠢᠰᠦ ᠵᠠᠰᠠᠬᠤ ᠦᠷ᠎ᠡ ᠳ᠋ᠦᠩ ᠤᠨ ᠲᠤᠬᠠᠶ ᠲᠠᠨᠢᠯᠲᠠ ᠳᠤᠲᠠᠮᠠᠭ ᠪᠠᠶᠢᠨ᠎ᠠ ᠬᠡᠵᠦ ᠰᠠᠨᠠᠭᠤᠯᠪᠠ᠃       ᠸᠠᠩ ᠰᠢᠶᠠᠨ ᠴᠧᠩ᠄ ᠵᠢᠰᠦ ᠵᠠᠰᠠᠭᠤᠯᠬᠤ ᠳᠠᠭᠠᠨ ᠵᠠᠪᠠᠯ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠶᠢ ᠰᠣᠩᠭᠤᠵᠤ᠂ ᠲᠤᠰᠬᠠᠶ ᠮᠡᠷᠭᠡᠵᠢᠯ ᠤᠨ ᠡᠮᠴᠢ ᠠᠴᠠ ᠠᠰᠠᠭᠤᠵᠤ ᠯᠠᠪᠯᠠᠬᠤ ᠬᠡᠷᠡᠭᠲᠡᠶ᠂ ᠦᠨ᠎ᠡ ᠨᠢ ᠬᠢᠮᠳᠠ ᠵᠡᠷᠭᠡ ᠰᠢᠯᠲᠠᠭᠠᠨ ᠠᠴᠠ ᠪᠣᠯᠵᠣ ᠵᠢᠵᠢᠭ ᠡᠮᠴᠢᠯᠡᠭᠡᠨ ᠤ ᠭᠠᠵᠠᠷ ᠲᠤ ᠣᠴᠢᠵᠤ ᠵᠢᠰᠦ ᠪᠠᠨ ᠵᠠᠰᠠᠭᠤᠯᠵᠤ ᠪᠣᠯᠬᠤ ᠥᠬᠡᠶ᠃ ᠰᠡᠳᠬᠢᠴᠡ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠵᠢᠩᠬᠢᠨᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠰᠠᠶᠢᠳᠤᠷ ᠠᠰᠠᠭᠤᠵᠤ ᠯᠠᠪᠯᠠᠬᠤ ᠪᠠ ᠦᠨᠡᠯᠡᠨ ᠵᠢᠱᠢᠯᠳᠡ ᠬᠢᠯᠭᠡᠭᠰᠡᠨ ᠤ ᠬᠤᠶᠢᠨ᠎ᠠ᠂ ᠵᠢᠰᠦ ᠪᠠᠨ ᠵᠠᠰᠠᠭᠤᠯᠬᠤ ᠡᠰᠡᠬᠦ ᠶᠢ ᠬᠢᠨᠠᠭᠤᠷ ᠪᠣᠯᠭᠤᠮᠵᠢᠲᠠᠶ ᠪᠠᠷ ᠲᠠᠬᠢᠨ ᠲᠣᠭᠲᠠᠭᠠᠭᠠᠷᠠᠢ ᠭᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号