ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠧ ᠮᠢᠩ ᠶᠡᠷᠦᠩᠬᠡᠶ ᠱᠦᠵᠢ ᠳᠤ ᠬᠢᠯᠢ ᠬᠢᠵᠠᠭᠠᠷ ᠤᠨ ᠠᠮᠢ ᠠᠬᠤᠶ ᠬᠡᠪᠡᠷᠡᠭ ᠭᠠᠵᠠᠷ ᠣᠷᠣᠨ ᠤ ᠲᠥᠪᠯᠡᠷᠡᠭᠰᠡᠨ ᠡᠷᠴᠢᠮᠵᠢᠭᠰᠡᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠢ ᠬᠠᠷᠢᠭᠤ ᠮᠡᠳᠡᠭᠦᠯᠪᠡ
ᠨᠡᠶᠢᠲᠡᠯᠡᠭᠰᠡᠨ ᠴᠠᠭ᠄
2021/3/17
     3 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠧ ᠮᠢᠩ ᠶᠡᠷᠦᠩᠬᠡᠢ ᠱᠦᠵᠢ ᠰᠢ ᠶᠢᠨ ᠫᠢᠩ ᠳᠤ ᠬᠠᠷᠢᠭᠤ ᠮᠡᠳᠡᠭᠦᠯᠦᠯᠲᠡ ᠬᠢᠪᠡ᠃  ᠬᠠᠷᠢᠭᠤ ᠮᠡᠳᠡᠭᠦᠯᠦᠯᠲᠡ ᠬᠢᠬᠦ ᠦᠶ᠎ᠡ ᠶᠢᠨ ᠪᠠᠶᠢᠳᠠᠯ ᠢᠶᠠᠨ ᠡᠷᠬᠢᠴᠡᠬᠦᠯᠬᠦ ᠳᠤ ᠭᠧ ᠮᠢᠩ ᠮᠦᠨ ᠬᠦ ᠲᠦᠢᠯ ᠢᠶᠠᠷ ᠰᠡᠳᠬᠢᠯ ᠳᠣᠭᠳᠣᠯᠵᠤ ᠪᠠᠶᠢᠯ᠎ᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠮᠠᠰᠢ ᠨᠠᠷᠢᠨ ᠬᠢᠨᠠᠮᠠᠭᠠᠢ᠂ ᠢᠮᠠᠭᠲᠠ ᠢᠨᠢᠶᠡᠮᠰᠦᠭᠯᠡᠨ᠂ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ ᠲᠤᠩ ᠡᠶᠡᠯᠰᠡᠭ ᠳᠣᠲᠣᠨᠣ ᠰᠠᠨᠠᠭᠳᠠᠭᠤᠯᠤᠨ᠎ᠠ ᠭᠡᠵᠡᠢ᠃      ᠭᠧ ᠮᠢᠩ ᠭᠤᠣᠯᠳᠠᠯᠭ᠎ᠠ ᠲᠠᠢ ᠶᠠᠷᠢᠶ᠎ᠠ ᠲᠠᠯᠪᠢᠬᠤ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠶᠡᠷᠦᠩᠬᠡᠢ ᠱᠦᠵᠢ ᠰᠢ ᠶᠢᠨ ᠫᠢᠩ ᠳᠤ ᠠᠯᠠᠱᠠ ᠶᠢᠨ ᠠᠮᠢ ᠠᠬᠤᠢ ᠶᠢ ᠲᠡᠷᠢᠬᠦᠨ ᠳᠤ  ᠳᠠᠯᠪᠢᠨ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ᠂ ᠬᠢᠯᠢ ᠬᠢᠵᠠᠭᠠᠷ ᠤᠨ ᠠᠮᠢ ᠠᠬᠤᠢ ᠬᠡᠪᠡᠷᠡᠭ ᠭᠠᠵᠠᠷ ᠣᠷᠣᠨ ᠤ ᠲᠥᠪᠯᠡᠷᠡᠩᠭᠦᠢ ᠡᠷᠴᠢᠮᠵᠢᠭᠰᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢ ᠵᠠᠷᠢᠮ ᠠᠷᠭ᠎ᠠ ᠬᠢᠳᠡᠯ ᠪᠠ ᠤᠶᠢᠯᠠᠭᠠᠯᠲᠠ ᠲᠦᠷᠦᠭᠳᠡᠯ ᠢᠶᠠᠨ ᠬᠠᠷᠢᠭᠤ ᠮᠡᠳᠡᠬᠦᠯᠦᠭᠰᠡᠨ ᠭᠡᠪᠡ᠃
      ᠶᠡᠷᠦᠩᠬᠡᠶ ᠱᠦᠵᠢ ᠰᠢ ᠶᠢᠨ ᠫᠢᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠠᠯᠠᠱᠠ ᠶᠢᠨ ᠠᠮᠢ ᠠᠬᠤᠶ ᠶᠢᠨ ᠵᠠᠰᠠᠯᠲᠠ ᠳᠤᠮᠳᠠᠬᠢ ᠵᠠᠭ ᠳᠠᠷᠢᠭᠰᠠᠨ ᠪᠠᠶᠢᠳᠠᠯ ᠢ ᠯᠠᠪᠯᠠᠨ ᠣᠶᠢᠯᠠᠭᠠᠵᠤ᠂ ᠰᠡᠳᠬᠢᠯ ᠤᠨ ᠬᠦᠨ ᠠᠴᠠ ᠪᠠᠨ᠄ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠬᠦᠯᠵᠢᠯᠡᠬᠦᠢ ᠴᠢᠨᠠᠷ ᠢ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ  ᠦᠨᠡᠨᠬᠦ ᠪᠠᠬᠢᠵᠢᠭᠦᠯᠬᠦ ᠬᠡᠷᠡᠭᠲᠡᠶ︾ ᠭᠡᠵᠡᠢ᠃       ᠭᠧ ᠮᠢᠩ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠯᠠᠱᠠ ᠳᠠᠬᠢ ᠳᠣᠲᠣᠨᠣ ᠬᠠᠯᠠᠮᠵᠢᠯᠠᠯ ᠪᠣᠯᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠤᠷᠮ᠎ᠠ ᠵᠤᠷᠢᠭ ᠢ ᠬᠥᠪᠴᠢᠯᠡᠵᠦ᠂ ᠡᠭᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠢᠲᠡᠭᠡᠯ ᠵᠣᠷᠢᠭ ᠢ ᠨᠡᠩ ᠡᠷᠴᠢᠯᠡᠭᠰᠡᠨ ᠪᠠᠶᠢᠨ᠎ᠠ᠂ ᠮᠦᠨᠴᠦ ᠮᠥᠷᠥᠨ ᠳᠡᠭᠡᠷᠡᠬᠢ ᠡᠭᠦᠷᠭᠡ ᠬᠠᠷᠢᠭᠤᠴᠠᠯᠭ᠎ᠠ ᠨᠡᠩ ᠬᠦᠨᠳᠦ ᠪᠤᠯᠵᠤ᠂ ᠠᠵᠢᠯ ᠤᠨ ᠬᠠᠷᠠᠯᠲᠠ ᠴᠤ ᠨᠡᠩ ᠲᠣᠳᠣᠷᠬᠠᠢ ᠪᠤᠯᠤᠭᠰᠠᠨ ᠭᠡᠪᠡ᠃       ᠭᠧ ᠮᠢᠩ᠄ ︽ᠪᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢᠶᠠᠨ ᠲᠦᠢᠯ ᠢᠶᠠᠷ ᠨᠠᠨᠳᠢᠩᠨᠠᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠨᠢᠳᠤᠨᠤᠨ ᠤ ︿ᠬᠤᠶᠠᠷ ᠬᠤᠷᠠᠯ﹀ ᠠᠴᠠ ᠨᠠᠰᠢ᠂ ᠦᠷᠭᠦᠯᠵᠢ ᠦᠨᠳᠦᠰᠦᠨ ᠱᠠᠲᠤᠨ ᠳᠤ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠤ ᠰᠠᠨᠠᠯ ᠢ ᠬᠤᠷᠢᠶᠠᠨ᠂ ᠠᠷᠠᠳ ᠤᠨ ᠠᠮᠢᠳᠤᠷᠠᠯ ᠢ ᠪᠣᠳᠣᠯᠬᠢᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠴᠢᠷᠮᠠᠶᠢᠭᠰᠠᠭᠠᠷ ᠢᠷᠡᠪᠡ᠃ ᠨᠢᠳᠤᠨᠤᠨ ᠮᠢᠨᠦ ᠳᠡᠪᠰᠢᠭᠦᠯᠦᠭᠰᠡᠨ ︿ᠪᠠᠶᠠᠨᠬᠤᠲᠠ ᠠᠴᠠ ᠦᠬᠠᠶ ᠬᠥᠷᠬᠦ ᠲᠡᠮᠦᠷ ᠵᠠᠮ ᠢ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠲᠤᠬᠠᠶ ᠰᠠᠨᠠᠭᠤᠯᠭ᠎ᠠ﹀ ᠶᠢ ᠤᠯᠤᠰ ᠤᠨ ᠲᠡᠮᠦᠷ ᠵᠠᠮ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠠᠷᠢᠭᠤᠯᠲᠠ ᠥᠭᠭᠦᠭᠰᠡᠨ ᠳᠤ ᠪᠢ ᠮᠠᠰᠢ ᠪᠠᠶᠠᠷᠯᠠᠨ ᠲᠠᠯᠠᠷᠬᠠᠵᠦ ᠵᠤᠷᠢᠭᠵᠢᠨ ᠤᠮᠤᠭᠰᠢᠭᠰᠠᠨ ᠪᠠᠶᠢᠨ᠎ᠠ᠃ ᠥᠨᠥ ᠵᠢᠯ᠂ ᠣᠷᠣᠨ ᠨᠤᠲᠤᠭ ᠤᠨ ᠬᠥᠭᠵᠢᠯᠲᠡ ᠶᠢᠨ ᠪᠣᠳᠠᠲᠤ ᠪᠠᠶᠢᠳᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠳᠦᠰᠦᠯᠡᠨ᠂ ᠳᠥᠷᠪᠡᠨ ᠰᠠᠨᠠᠭᠤᠯᠭ᠎ᠠ ᠶᠢ ᠪᠦᠬᠦ ᠤᠯᠤᠰ ᠤᠨ ᠬᠤᠶᠠᠷ ᠬᠤᠷᠠᠯ ᠳᠤ ᠳᠡᠪᠰᠢᠬᠦᠯᠪᠡ᠂ ᠨᠢᠭᠡ ᠳᠤ᠂ ᠥᠯᠵᠡᠶ ᠪᠣᠭᠤᠮᠲᠠ— ᠰᠤᠬᠤᠨᠲᠦ — ᠴᠠᠭᠠᠨᠳᠡᠷᠡᠰᠦ— ᠵᠢᠷᠠᠳᠠᠢ— ᠪᠣᠩᠬᠤᠨ— ᠪᠠᠶᠠᠨᠬᠤᠲᠠ— ᠳᠡᠷᠡᠰᠦᠨ ᠬᠦᠷᠬᠦ ᠪᠥᠬᠦ ᠱᠤᠭᠤᠮ ᠤᠨ ᠲᠡᠮᠦᠷ ᠵᠠᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠬᠤ ᠲᠤᠬᠠᠶ ᠰᠠᠨᠠᠭᠤᠯᠭ᠎ᠠ᠂ ᠬᠤᠶᠠᠷ ᠲᠤ᠂ ︿ᠤᠯᠠᠭᠠᠨᠪᠤᠬ᠎ᠠ ᠡᠯᠡᠰᠦ ᠠᠯᠠᠱᠠ ᠠᠭᠤᠯᠠ ᠤᠷᠳᠤᠰ ᠤᠨ ᠦᠨᠳᠦᠷᠯᠢᠭ﹀ ᠤᠨ ᠠᠮᠢ ᠠᠬᠤᠢ ᠶᠢᠨ ᠬᠠᠯᠬᠠᠪᠴᠢ ᠶᠢᠨ ᠢᠨᠵᠧᠨᠧᠷᠢᠩ ᠢ ᠤᠯᠤᠰ ᠤᠨ ᠲᠡᠰ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠬᠠᠢ ᠲᠥᠯᠥᠪᠵᠢᠭᠦᠯᠭᠡ ᠶᠢᠨ ᠰᠢᠰᠲ᠋ᠧᠮ ᠳᠤ ᠣᠷᠣᠭᠤᠯᠬᠤ ᠲᠤᠬᠠᠢ ᠰᠠᠨᠠᠭᠤᠯᠭ᠎ᠠ᠂ ᠭᠤᠷᠪᠠ ᠳᠤ᠂ ᠠᠯᠠᠱᠠ ᠠᠶᠢᠮᠠᠭ ᠤᠨ ᠰᠠᠯᠬᠢ ᠭᠡᠷᠡᠯ ᠢᠯᠴᠢ ᠶᠢᠨ ᠶᠡᠷᠦᠩᠬᠡᠶᠢᠯᠡᠭᠰᠡᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠭᠤᠯᠭ᠎ᠠ᠂ ᠳᠥᠷᠪᠡ ᠳᠤ᠂ ᠠᠯᠠᠱᠠ ᠠᠶᠢᠮᠠᠭ ᠤᠨ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠭᠤᠯᠭ᠎ᠠ ᠪᠤᠯᠤᠨ᠎ᠠ︾ ᠭᠡᠵᠡᠢ᠃       ᠭᠧ ᠮᠢᠩ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠲᠡᠭᠦᠰᠦᠭᠰᠡᠨ ᠤ ᠲᠠᠷᠠᠭ᠎ᠠ ᠲᠡᠷᠡ ᠳᠠᠷᠤᠢ ᠳᠠᠭᠠᠨ ᠠᠯᠠᠱᠠ ᠳᠤ ᠪᠤᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠠᠯᠠᠱᠠ ᠶᠢᠨ ᠺᠠᠳ᠋ᠷ ᠤᠯᠠᠨ ᠲᠦᠮᠡᠨ ᠳᠤ ᠳᠠᠮᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠤᠨ ᠲᠤᠰᠬᠠᠵᠤ᠂ ᠨᠡᠩ ᠤᠯᠠᠨ ᠬᠠᠨᠳᠤᠯᠭᠠᠲᠤ ᠴᠢᠨᠠᠷᠲᠠᠢ᠂ ᠠᠯᠣᠰ ᠬᠡᠲᠦ ᠶᠢᠨ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠨᠤᠲᠤᠭ ᠤᠰᠤᠨ ᠤ ᠬᠥᠭᠵᠢᠯᠲᠡ ᠳᠤ ᠦᠨᠡᠨ ᠬᠦ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠳᠡᠮᠡᠭᠡᠳᠦ ᠨᠣᠳᠤᠭ ᠤᠨ ᠨᠡᠶᠢᠳᠡᠯᠡᠯ ᠸᠢᠴᠠᠲ ᠤᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号