ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠳᠦᠷᠦᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2021/3/22
      ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠳᠦᠷᠦᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ — ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠣᠣ ᠰᠢᠤᠸᠠᠢ ᠹᠧᠩ ᠢ ᠰᠣᠷᠪᠣᠯᠵᠢᠯᠠᠭᠰᠠᠨ ᠨᠢ       ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠣᠣ ᠰᠢᠤᠸᠠᠢ ᠹᠧᠩ ᠠᠯᠠᠱᠠ ᠶᠢᠨ ᠡᠳᠦᠷ ᠤᠨ ᠰᠣᠨᠢᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃ ᠲᠡᠷᠡ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠬᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠵᠠᠬᠢᠷᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠨᠢᠭᠡᠳᠦᠯᠲᠡᠶ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠶᠡᠷᠦᠩᠬᠡᠶ ᠴᠣᠭᠴᠠ ᠶᠢᠨ ᠲᠡᠩᠴᠡᠭᠦᠷᠢ ᠶᠢ ᠰᠠᠶᠢᠲᠤᠷ ᠡᠵᠡᠮᠳᠡᠨ᠂ ᠬᠠᠷᠢᠭᠤᠴᠠᠯᠭᠠᠲᠤ ᠰᠡᠳᠬᠢᠯᠭᠡ᠂ ᠳᠣᠯᠭᠠᠮ᠎ᠠ ᠰᠡᠳᠬᠢᠯᠭᠡ ᠪᠣᠯᠤᠨ ᠳᠦᠭᠰᠢᠬᠦᠷᠢ ᠶᠢ ᠰᠡᠷᠡᠬᠦ ᠪᠣᠳᠣᠯ ᠢᠶᠠᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠳᠦᠷᠦᠯ ᠤᠨ ᠠᠵᠢᠯ ᠢ ᠪᠥᠬᠦ ᠬᠦᠴᠦᠨ ᠢᠶᠠᠷ ᠢᠶᠠᠨ ᠪᠣᠳᠠᠲᠠᠶ ᠠᠳᠬᠤᠵᠤ ᠰᠠᠶᠢᠲᠤᠷ ᠬᠢᠨ᠎ᠠ ᠭᠡᠵᠦ ᠢᠯᠡᠳᠬᠡᠪᠡ᠃       2021 ᠣᠨ ᠳᠤ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠵᠢᠷᠭᠤᠭᠠᠨ ᠲᠠᠯ᠎ᠠ ᠶᠢᠨ ᠠᠵᠢᠯ ᠢ ᠲᠣᠪᠤᠶᠢᠮ᠎ᠠ ᠰᠠᠶᠢᠲᠤᠷ ᠠᠳᠬᠤᠨ᠎ᠠ᠃ ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠡᠮᠴᠢᠯᠡᠭᠡᠨ ᠤ ᠬᠠᠶᠠᠭᠳᠠᠮᠠᠯ ᠪᠣᠳᠠᠰ ᠬᠠᠶᠠᠭᠳᠠᠮᠠᠯ ᠤᠰᠤ ᠶᠢ ᠰᠢᠢᠳᠪᠦᠷᠢᠯᠡᠬᠦ ᠳᠣᠬᠠᠢ ᠠᠮᠤᠷ ᠲᠦᠪᠰᠢᠨ ᠤ ᠬᠢᠨᠠᠠ ᠬᠠᠮᠢᠶᠠᠷᠤᠯᠲᠠ ᠶᠢ ᠴᠢᠩᠭᠠᠳᠬᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠰᠢᠢᠳᠪᠦᠷᠢᠯᠡᠪᠡᠰᠦ ᠵᠣᠬᠢᠬᠤ ᠶᠢ ᠨᠢ ᠪᠦᠬᠦᠨ ᠢ ᠰᠢᠢᠳᠪᠦᠷᠢᠯᠡᠬᠦ ᠶᠢ ᠡᠷᠴᠢᠮᠳᠡᠢ ᠪᠡᠶᠡᠯᠡᠭᠦᠯᠦᠨ᠎ᠡ︔ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠶᠢ ᠨᠢ ᠬᠠᠪᠰᠤᠷᠤᠨ ᠲᠡᠳᠬᠦᠵᠦ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠢᠴᠢᠭ ᠮᠠᠲ᠋ᠧᠷᠢᠶᠠᠯ ᠢ ᠱᠠᠲᠤ ᠬᠤᠪᠢᠶᠠᠨ ᠬᠢᠨᠠᠨ ᠵᠥᠪᠰᠢᠶᠡᠷᠡᠬᠦ ᠰᠠᠨᠠᠯ ᠢ ᠨᠠᠶᠢᠳᠠᠪᠤᠷᠢᠵᠢᠭᠤᠯᠤᠨ᠂ ᠬᠡᠰᠡᠭ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠢ ᠤᠯᠠᠮ ᠨᠢᠭᠡ ᠠᠯᠬᠤᠮ ᠳᠣᠷᠣᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠠᠷᠢᠨ ᠬᠠᠭᠤᠳᠠᠰᠤ ᠶᠢ ᠲᠣᠭᠲᠠᠭᠠᠵᠤ᠂ ᠲᠤᠬᠠᠶ ᠶᠢᠨ ᠲᠠᠯᠠᠪᠠᠶ ᠳᠤ ᠬᠦᠷᠬᠦ ᠦᠬᠡᠢ ᠪᠠᠷ ᠬᠢᠨᠠᠠ ᠬᠠᠮᠢᠶᠠᠷᠬᠤ ᠶᠢ ᠬᠡᠷᠡᠭᠵᠢᠭᠦᠯᠦᠨ᠂ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ᠬᠤᠶᠠᠷ ᠲᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠰᠠᠶᠢᠲᠤᠷ ᠬᠢᠬᠦ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠰᠠᠨᠠᠯ ᠳᠤ ᠳᠣᠷᠠᠳᠣᠭᠰᠠᠨ ᠵᠦᠢᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠠᠴᠠ ᠳᠣᠷᠠᠳᠣᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠰᠢᠮᠳᠠᠭᠤᠯᠤᠨ ᠬᠦᠢᠴᠡᠳᠬᠡᠬᠦᠯᠵᠦ ᠰᠢᠮᠳᠠᠭᠤᠯᠤᠨ ᠵᠢᠯᠣᠭᠤᠳᠣᠨ᠎ᠠ︔ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠡᠭᠡᠯᠵᠢ ᠶᠢᠨ ᠬᠢᠨᠠᠨ ᠪᠠᠶᠢᠴᠠᠭᠠᠯᠳᠠ ᠶᠢ ᠬᠦᠯᠢᠶᠡᠬᠦ ᠪᠡᠯᠡᠳᠬᠡᠯ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠨ᠎ᠡ᠃ ᠭᠤᠷᠪᠠ ᠳᠤ᠂ ᠠᠭᠠᠷ ᠮᠠᠨᠳᠠᠯ ᠤᠨ ᠣᠷᠴᠢᠨ ᠳᠣᠭᠤᠷᠢᠨ  ᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠳᠣᠬᠠᠢ ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ ᠭᠦᠨᠵᠡᠭᠡᠢ ᠥᠷᠨᠢᠭᠦᠯᠦᠨ᠎ᠡ︔ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠢᠳᠡᠭᠡᠨ ᠤᠮᠳᠠᠭᠠᠨ᠂ ᠮᠠᠰᠢᠨ ᠲᠡᠷᠭᠡ ᠶᠢ ᠰᠡᠯᠪᠢᠨ ᠵᠠᠰᠠᠬᠤ ᠵᠡᠷᠭᠡ ᠠᠮᠢᠳᠤᠷᠠᠯ ᠤᠨ ᠢᠷᠡᠯᠲᠡ ᠶᠢᠨ ᠠᠭᠤᠷᠰᠢᠯᠲᠠ ᠶᠢᠨ ᠴᠢᠨᠠᠷᠲᠠᠶ ᠣᠷᠭᠠᠨᠢᠭ ᠪᠣᠳᠠᠰ ᠢ ᠵᠠᠰᠠᠬᠤ ᠡᠷᠴᠢᠮ ᠢ ᠴᠢᠩᠭᠠᠷᠠᠭᠤᠯᠵᠤ᠂ ᠣᠽᠣᠨ ᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ︔ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠦᠷᠭᠦᠯᠵᠢᠯᠡᠨ ᠠᠬᠢᠭᠤᠯᠵᠤ᠂ ᠰᠣᠯᠪᠢᠴᠠᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠥᠷᠨᠢᠭᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠣᠬᠢᠷᠲᠤᠯ ᠤᠨ ᠣᠷᠭᠢᠯ ᠤᠨ ᠬᠡᠮᠵᠢᠭᠳᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠳᠥᠷᠪᠡ ᠳᠤ᠂ ᠤᠰᠤᠨ ᠤ ᠣᠷᠴᠢᠨ ᠲᠣᠭᠤᠷᠢᠨ ᠤ ᠪᠣᠬᠢᠷᠲᠤᠯ ᠤᠨ ᠵᠠᠰᠠᠯᠳᠠ ᠶᠢ ᠴᠢᠩᠭᠠᠳᠬᠠᠨ᠎ᠠ᠃ ᠤᠰᠤᠨ ᠤ ᠣᠷᠴᠢᠨ ᠲᠣᠭᠤᠷᠢᠨ ᠤ ᠪᠣᠬᠢᠷᠲᠤᠯ ᠤᠨ ᠵᠠᠰᠠᠯᠳᠠ ᠶᠢ ᠪᠦᠬᠦ ᠲᠠᠯ᠎ᠠ ᠪᠠᠷ ᠠᠬᠢᠭᠤᠯᠵᠤ᠂ ᠬᠤᠲᠠ ᠪᠠᠯᠭᠠᠰᠤ᠂ ᠠᠵᠤ ᠦᠢᠯᠡᠳᠪᠦᠷᠢ᠂ ᠬᠦᠳᠡᠭᠡ ᠳᠣᠰᠬᠤᠨ ᠮᠠᠯᠵᠢᠬᠤ ᠣᠷᠣᠨ ᠤ ᠪᠣᠬᠢᠷᠲᠤᠯ ᠢ ᠵᠠᠰᠠᠬᠤ ᠬᠢᠷᠢ ᠳᠦᠪᠰᠢᠨ ᠢ ᠳᠡᠭᠡᠭᠰᠢᠯᠡᠭᠦᠯᠦᠨ᠎ᠡ︔ ᠬᠠᠷ᠎ᠠ ᠭᠤᠤᠯ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠬᠠᠷ᠎ᠠ ᠭᠤᠤᠯ ᠤᠨ ︵ᠡᠵᠡᠨ᠎ᠡ ᠶᠢᠨ ᠬᠡᠰᠡᠭ︶ ᠰᠠᠪᠠ ᠭᠠᠵᠠᠷ ᠤᠨ ᠤᠰᠤᠨ ᠤ ᠴᠢᠨᠠᠷ ᠤᠨ ᠰᠢᠯᠢᠳᠡᠭ ᠪᠠᠶᠢᠬᠤ ︵ᠪᠠᠷᠢᠮᠵᠢᠶ᠎ᠠ ᠳᠤ ᠬᠥᠷᠬᠦ ᠪᠤᠶᠤ ᠭᠤᠷᠪᠠᠳᠣᠭᠠᠷ ᠳᠡᠰ ᠠᠴᠠ ᠳᠡᠭᠡᠭᠰᠢ ᠪᠠᠶᠢᠬᠤ︶ ᠬᠠᠷᠢᠴᠠᠯ ᠢ 100 % ᠪᠠᠶᠢᠯᠭᠠᠨ᠎ᠠ︔ ᠬᠠᠲᠤᠨ ᠭᠤᠤᠯ ᠤᠨ ᠠᠯᠠᠱᠠ ᠶᠢᠨ ᠬᠡᠰᠡᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠥᠷᠨᠢᠭᠦᠯᠵᠦ᠂ ᠭᠤᠤᠯᠳᠠᠯᠭ᠎ᠠ ᠲᠠᠢ ᠨᠠᠭᠤᠷ ᠴᠥᠭᠦᠷᠥᠮ ᠤᠨ ᠬᠠᠮᠠᠭᠠᠯᠠᠯᠲᠠ ᠪᠠ ᠵᠠᠰᠠᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠰᠤᠪᠨᠠᠭᠤᠷ ᠤᠨ ᠤᠰᠤᠨ ᠤ ᠴᠢᠨᠠᠷ ᠢ ᠪᠠᠭᠤᠷᠠᠭᠤᠯᠬᠤ ᠥᠬᠡᠶ ᠪᠠᠶᠢᠬᠤ ᠶᠢ ᠪᠡᠶᠡᠯᠡᠭᠦᠯᠦᠨ᠎ᠡ︔ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠷᠠᠭᠤᠯᠵᠤ᠂ ᠤᠰᠤᠨ ᠰᠤᠷᠪᠤᠯᠵᠢ ᠶᠢᠨ ᠭᠠᠵᠠᠷ ᠤᠨ ᠳᠦᠷᠢᠮᠵᠢᠯᠳᠡ ᠶᠢᠨ ᠠᠬᠢᠴᠠ ᠶᠢ ᠦᠷᠭᠦᠯᠵᠢᠯᠡᠨ ᠠᠬᠢᠭᠤᠯᠤᠨ᠎ᠠ᠃ ᠲᠠᠪᠤ ᠳᠤ᠂ ᠬᠥᠷᠥᠰᠥ ᠰᠢᠷᠣᠢ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ ᠦᠨᠳᠦᠰᠦᠨ ᠳᠡᠭᠡᠨ ᠪᠠᠲᠤᠯᠠᠵᠤ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠠᠰᠢᠭᠯᠠᠬᠤ ᠨᠣᠷᠮ᠎ᠠ ᠶᠢ 98 % ᠠᠴᠠ ᠳᠡᠭᠡᠭᠰᠢ ᠳᠤ ᠬᠦᠷᠦᠭᠦᠯᠵᠦ᠂ ᠪᠣᠬᠢᠷᠲᠤᠭᠰᠠᠨ ᠭᠠᠵᠠᠷ ᠢ ᠠᠮᠤᠷ ᠲᠦᠪᠰᠢᠨ ᠠᠰᠢᠭᠯᠠᠬᠤ ᠨᠣᠷᠮ᠎ᠠ ᠶᠢ 95 % ᠠᠴᠠ ᠳᠤᠤᠷ᠎ᠠ ᠪᠠᠶᠢᠯᠭᠠᠬᠤ ᠥᠬᠡᠶ︔ ᠪᠣᠬᠢᠷᠲᠤᠯ ᠤᠨ ᠡᠬᠢ ᠰᠤᠷᠪᠤᠯᠵᠢ ᠶᠢᠨ ᠳᠣᠬᠠᠢ ᠬᠢᠨᠠᠨ ᠬᠠᠮᠢᠶᠠᠷᠣᠯᠳᠠ ᠪᠠᠨ ᠴᠢᠩᠭᠠᠳᠬᠠᠵᠤ᠂ ᠬᠥᠷᠥᠰᠥ ᠰᠢᠷᠣᠢ ᠶᠢᠨ ᠪᠣᠬᠢᠷᠲᠤᠯ ᠢ ᠤᠷᠢᠳᠴᠢᠯᠠᠨ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ ᠵᠠᠰᠠᠬᠤ ᠪᠠ ᠵᠠᠰᠠᠨ ᠰᠡᠷᠭᠦᠭᠡᠬᠦ ᠠᠵᠢᠯ ᠢ ᠢᠳᠡᠪᠬᠢᠲᠡᠢ ᠥᠷᠨᠢᠭᠦᠯᠵᠦ᠂ ᠣᠷᠣᠨ ᠪᠦᠰᠡ ᠶᠢᠨ ᠬᠥᠷᠥᠰᠥ ᠰᠢᠷᠣᠢ ᠶᠢᠨ ᠣᠷᠴᠢᠨ ᠳᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ︔ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠪᠥᠬᠦ ᠲᠠᠯ᠎ᠠ ᠪᠠᠷ ᠪᠠᠭᠤᠷᠠᠭᠤᠯᠤᠨ᠎ᠠ᠃ ᠵᠢᠷᠭᠤᠭ᠎ᠠ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ᠂ ︽ᠪᠣᠬᠢᠷᠳᠣᠯ ᠦᠬᠡᠢ ᠪᠠᠶᠢᠬᠤ ᠬᠠᠯᠬᠠᠪᠴᠢ︾ ᠶᠢᠨ ᠳᠣᠬᠠᠢ ᠬᠢᠨᠠᠯᠲᠠ ᠲᠠᠯᠪᠢᠬᠤ ᠶᠢ ᠴᠢᠩᠭᠠᠷᠠᠭᠤᠯᠬᠤ ᠠᠵᠢᠯ᠂ ᠠᠮᠢ ᠠᠬᠤᠢ ᠶᠢᠨ ᠤᠯᠠᠭᠠᠨ ᠱᠤᠭᠤᠮ ᠤᠨ ᠳᠣᠬᠠᠢ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠠᠮᠢ ᠠᠬᠤᠢ ᠶᠢᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ᠂ ᠠᠮᠢ ᠠᠬᠤᠢ ᠶᠢᠨ ᠬᠠᠮᠠᠭᠠᠯᠠᠯᠳᠠ ᠪᠦᠳᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠥᠷᠨᠢᠭᠦᠯᠦᠨ᠎ᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号