ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠭᠡᠭᠰᠡᠨ︶ ᠬᠤᠷᠠᠯ ᠲᠡᠭᠡᠷᠠᠬᠢ ᠶᠠᠷᠢᠶ᠎ᠠ | ︵2021 ᠤᠨ ᠤ 2 ᠰᠠᠷ᠎ᠠ ᠶᠢᠨ 3 ᠤ ᠡᠲᠤᠷ︶ | ᠠᠶᠢᠮᠠᠭ ᠤᠨ ᠳᠠᠷᠤᠭ᠎ᠠ ᠲᠠᠶᠢᠴᠢᠨ | | | ᠰᠠᠶ᠋ᠢ᠂ ᠸᠠᠨ ᠴᠤᠤ ᠴᠢ ᠱᠦᠵᠢ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ | ᠢ ᠬᠦᠨᠵᠡᠭᠡᠢ ᠵᠠᠳᠠᠯᠤᠨ᠂ 2020 ᠤᠨ ᠤ ᠠᠵᠢᠯ ᠢᠶᠠᠨ ᠪᠤᠰᠤᠳᠴᠢ ᠪᠠᠷ ᠳ᠋ᠦᠩᠨᠠᠵᠦ᠂ ︽ᠠᠷᠪᠠᠨ ᠭᠤᠷᠪᠠᠲᠤᠭᠠᠷ | ᠲᠠᠪᠤᠨ ᠵᠢᠯ︾ ᠤᠨ ᠲᠦᠯᠦᠪᠵᠢᠬᠦᠯᠭᠡ ᠶᠢᠨ ᠬᠦᠭᠵᠢᠯᠳᠡ ᠶᠢᠨ ᠦᠩᠭᠡᠷᠡᠯᠳᠡ ᠶᠢ ᠲᠦᠬᠦᠮ ᠡᠷᠬᠢᠴᠡᠬᠦᠯᠵᠦ᠂ | ︽ᠠᠷᠪᠠᠨ ᠲᠦᠷᠪᠠᠲᠤᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠤ ᠠᠵᠤ ᠠᠬᠤᠢ ᠨᠠᠶᠢᠭᠡᠮ ᠤᠨ | ᠬᠦᠭᠵᠢᠯᠳᠡ ᠶᠢᠨ ᠶᠠᠷᠤᠩᠭᠡᠢ ᠱᠠᠭᠠᠷᠳᠠᠯᠭ᠎ᠠ᠂ ᠭᠤᠤᠯᠳᠠᠯᠭ᠎ᠠ ᠲᠠᠢ ᠠᠵᠢᠯ ᠢ ᠬᠦᠨᠵᠡᠭᠡᠢ ᠳᠠᠶᠢᠯᠪᠣᠷᠢᠯᠠᠵᠦ᠂ 2021 | ᠤᠨ ᠤ ᠭᠤᠤᠯᠳᠠᠯᠭ᠎ᠠ ᠲᠠᠢ ᠠᠵᠢᠯ ᠤᠨ ᠡᠬᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠶᠢᠨ ᠬᠠᠮᠳᠣ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠲᠤᠬᠠᠢ ᠲᠤᠲᠤᠷᠬᠠᠢ ᠱᠠᠭᠠᠷᠳᠠᠯᠭ᠎ᠠ ᠲᠤᠷᠠᠳᠪᠠ᠃ ᠪᠢᠳᠡ ᠬᠦᠨᠵᠡᠭᠡᠢ ᠰᠤᠷᠤᠯᠴᠠᠨ | ᠤᠶᠢᠯᠠᠭᠠᠵᠦ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠡᠷᠡᠭᠲᠡᠢ᠃ | ᠦᠩᠭᠡᠷᠡᠭᠰᠡᠨ ᠨᠢᠭᠡ ᠵᠢᠯ ᠨᠢ ᠲᠤᠶᠢᠯ ᠤᠨ ᠶᠠᠷᠤ ᠪᠤᠰᠤ ᠶᠢᠨ ᠵᠢᠯ ᠶᠤᠮ᠃ ᠭᠡᠨᠡᠳᠳᠡ ᠲᠡᠯᠭᠡᠷᠡᠭᠰᠡᠨ ᠰᠢᠨ᠎ᠠ | ᠭᠡᠯᠪᠠᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠤᠯ ᠤᠨ ᠬᠢᠵᠢᠭ ᠤᠨ ᠡᠮᠦᠨ᠎ᠡ᠂ | ᠪᠢᠳᠡ ᠬᠢᠵᠢᠭ ᠤᠨ ᠪᠠᠶᠢᠳᠠᠯ ᠢ ᠰᠡᠷᠭᠡᠶᠢᠯᠠᠨ ᠡᠵᠡᠮᠳᠡᠬᠦ ᠪᠠ ᠠᠵᠤ ᠠᠬᠤᠢ ᠨᠠᠶᠢᠭᠡᠮ ᠤᠨ ᠬᠦᠭᠵᠢᠯᠳᠡ ᠶᠢ ᠨᠢᠭᠡᠲᠤᠯᠲᠡᠢ | ᠲᠦᠯᠦᠪᠯᠠᠨ ᠠᠬᠢᠭᠤᠯᠵᠦ᠂ ᠠᠵᠤ ᠠᠬᠤᠢ ᠠᠵᠤ ᠠᠬᠤᠶᠢᠯᠠᠯ ᠤᠨ ᠲᠤᠭᠳᠠᠭᠤᠨ ᠢᠶᠠᠷ ᠰᠡᠷᠬᠦᠬᠦ ᠶᠢ ᠪᠦᠬᠦ ᠬᠦᠴᠦᠨ | ᠢᠶᠠᠷ ᠲᠦᠯᠬᠢᠨ ᠠᠬᠢᠭᠤᠯᠵᠦ᠂ ᠭᠤᠤᠯ ᠪᠤᠯᠬᠤ ᠠᠵᠤ ᠠᠬᠤᠢ ᠶᠢᠨ ᠵᠢᠭᠠᠯᠳᠠ ᠲᠤᠭ᠎ᠠ ᠶᠢ ᠨᠠᠯᠢᠶᠠᠳ ᠰᠠᠶᠢᠨ | ᠪᠠᠶᠠᠯᠡᠬᠦᠯᠵᠦ᠂ ᠠᠵᠤ ᠠᠬᠤᠢ ᠨᠠᠶᠢᠭᠡᠮ ᠤᠨ ᠡᠷᠡᠬᠦᠯ ᠬᠦᠭᠵᠢᠯᠳᠡ ᠶᠢᠨ ᠪᠠᠶᠢᠳᠠᠯ ᠢ ᠪᠠᠲᠤᠯᠠᠵᠦ᠂ ︽ᠠᠷᠪᠠᠨ | ᠲᠦᠷᠪᠠᠲᠤᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠤ ᠰᠢᠨ᠎ᠠ ᠬᠦᠭᠵᠢᠯᠳᠡ ᠶᠢ ᠪᠠᠶᠠᠯᠡᠬᠦᠯᠬᠦ | ᠶᠢᠨ ᠲᠤᠰᠠᠳᠠ ᠰᠠᠭᠤᠷᠢ ᠶᠢ ᠪᠠᠲᠤᠳᠬᠠᠪᠠ᠃ 2021 ᠤᠨ ᠤ ᠠᠵᠢᠯ ᠤᠨ ᠲᠤᠬᠠᠢ᠂ ᠪᠢᠳᠡ ᠡᠷᠭᠡᠪᠰᠢ ᠠᠶᠢᠮᠠᠭ | ᠤᠨ ᠨᠠᠮ ᠤᠨ ᠬᠤᠷᠢᠶᠠᠨ ᠤ ︽ᠠᠷᠪᠠᠨ ᠲᠦᠷᠪᠠᠲᠤᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭ᠎ᠠ | ᠪᠠ 2021 ᠤᠨ ᠤ ᠠᠵᠢᠯ ᠤᠨ ᠶᠠᠷᠤᠩᠭᠡᠢ ᠪᠠᠶᠢᠷᠢᠯᠠᠭᠤᠯᠣᠯᠳᠠ ᠶᠢᠨ ᠲᠤᠭᠤᠷᠢᠨ ᠳᠤ᠂ ᠲᠤᠤᠷᠠᠬᠢ ᠲᠤᠯᠤᠭᠠᠨ | ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃ | ᠨᠢᠭᠡ᠂ ᠬᠢᠵᠢᠭ ᠤᠨ ᠪᠠᠶᠢᠳᠠᠯ ᠢ ᠰᠡᠷᠭᠡᠶᠢᠯᠠᠨ ᠡᠵᠡᠮᠳᠡᠬᠦ ᠠᠵᠢᠯ ᠢ ᠢᠮᠠᠭᠳᠠ ᠪᠤᠯᠭᠤᠮᠵᠢᠲᠡᠢ ᠪᠠᠷ ᠰᠠᠶᠢᠲᠤᠷ | ᠠᠳᠬᠤᠨ᠎ᠠ | ᠪᠦᠬᠦ ᠠᠶᠢᠮᠠᠭ ᠤᠨ ᠲᠡᠭᠡᠲᠤ ᠲᠤᠤᠷᠠᠲᠤ ᠱᠠᠲᠤ ᠡᠷᠭᠡᠪᠰᠢ ᠬᠢᠵᠢᠭ ᠢ ᠣᠭᠳᠣᠬᠠᠨ ᠴᠤ ᠳᠡᠯᠭᠡᠷᠡᠭᠦᠯᠬᠦ ᠦᠭᠡᠢ᠂ | ᠣᠭᠳᠣᠬᠠᠨ ᠴᠤ ᠳᠠᠮᠵᠢᠨ ᠬᠠᠯᠳᠠᠪᠣᠷᠢᠯᠠᠭᠤᠯᠬᠤ ᠦᠭᠡᠢ ᠪᠠᠶᠢᠬᠤ ᠨᠠᠩ ᠰᠠᠶᠢᠨ ᠪᠠᠶᠢᠳᠠᠯ ᠢ ᠪᠦᠬᠦ ᠬᠦᠴᠦᠨ ᠢᠶᠠᠷ | ᠢᠶᠠᠨ ᠪᠠᠲᠤᠯᠠᠨ᠎ᠠ᠃ ᠡᠮ ᠡᠮᠨᠡᠯᠭᠡ ᠶᠢᠨ ᠰᠡᠷᠭᠡᠶᠢᠯᠠᠯᠳᠠ ᠶᠢ ᠴᠢᠩᠭᠠᠳᠬᠠᠵᠦ᠂ ᠪᠦᠬᠦ ᠠᠷᠠᠳ ᠤᠨ ᠪᠦᠭᠡᠮ ᠬᠦᠴᠢᠯ | ᠤᠨ ᠪᠠᠶᠢᠴᠠᠭᠠᠯᠳᠠ ᠪᠠ ᠸᠠᠺᠼᠢᠨ ᠤ ᠲᠠᠷᠢᠯᠭ᠎ᠠ ᠶᠢᠨ ᠠᠵᠢᠯ ᠢ ᠬᠠᠮᠤᠭ ᠤᠨ ᠶᠡᠭᠡ ᠬᠦᠴᠦᠨ ᠢᠶᠠᠷ ᠰᠠᠶᠢᠲᠤᠷ ᠬᠢᠵᠦ᠂ | ᠲᠦᠪ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠬᠤ ᠴᠢᠨᠠᠷᠲᠡᠢ ᠬᠢᠵᠢᠭ ᠡᠪᠠᠳᠴᠢᠨ ᠤ ᠰᠠᠯᠠᠭ᠎ᠠ ᠶᠢᠨ ᠪᠠᠶᠢᠭᠤᠯᠤᠯᠳᠠ | ᠶᠢ ᠲᠦᠷᠭᠡᠳᠭᠡᠨ᠎ᠠ᠃ ᠨᠠᠶᠢᠭᠡᠮ ᠤᠨ ᠬᠠᠮᠢᠶᠠᠷᠤᠯᠳᠠ ᠡᠵᠠᠮᠳᠠᠯ ᠢ ᠴᠢᠩᠭᠠᠳᠬᠠᠵᠦ᠂ ︽ᠬᠦᠮᠦᠨ᠂ ᠪᠤᠳᠠᠰ᠂ ᠤᠷᠴᠢᠨ | ᠲᠤᠭᠤᠷᠢᠨ︾ ᠢ ᠬᠠᠮᠲᠤ ᠳᠤᠨᠢ ᠰᠡᠷᠭᠡᠶᠢᠯᠠᠬᠦ ᠠᠷᠭ᠎ᠠ ᠪᠠᠷᠢᠯ ᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ | ᠵᠠᠩᠬᠢᠯᠠᠭ᠎ᠠ ᠶᠢᠨ ᠴᠡᠭ ᠵᠢᠴᠢ ᠭᠤᠤᠯᠳᠠᠯᠭ᠎ᠠ ᠲᠠᠢ ᠲᠠᠯᠠᠪᠤᠷ ᠤᠨ ᠰᠡᠷᠭᠡᠶᠢᠯᠠᠨ ᠡᠵᠡᠮᠳᠡᠬᠦ ᠠᠵᠢᠯ ᠢ ᠤᠭᠲᠤᠬᠠᠨ ᠴᠤ | ᠰᠤᠯᠠᠷᠠᠭᠤᠯᠬᠤ ᠦᠭᠡᠢ ᠰᠠᠶᠢᠲᠤᠷ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠤᠨ | ᠰᠡᠷᠭᠡᠶᠢᠯᠠᠯᠳᠠ ᠶᠢ ᠡᠷᠡᠰ ᠴᠢᠩᠭ᠎ᠠ ᠰᠠᠶᠢᠲᠤᠷ ᠠᠳᠬᠤᠨ᠎ᠠ᠃ ᠭᠠᠳᠠᠭᠠᠲᠤ ᠲᠠᠢ ᠬᠤᠯᠪᠤᠭᠳᠠᠬᠤ ᠬᠢᠵᠢᠭ ᠤᠨ | ᠰᠡᠷᠭᠡᠶᠢᠯᠠᠯᠳᠠ ᠶᠢ ᠴᠢᠩᠭᠠᠳᠬᠠᠵᠦ᠂ ᠪᠤᠭᠤᠮᠳᠠ ᠪᠠᠷ ᠤᠷᠤᠵᠦ ᠭᠠᠷᠬᠤ ᠬᠢᠯᠢ ᠶᠢᠨ ᠬᠠᠮᠢᠶᠠᠷᠤᠯᠳᠠ ᠶᠢ | ᠴᠢᠩᠭᠠᠷᠠᠭᠤᠯᠵᠦ᠂ ᠪᠢᠳᠡᠬᠦᠮᠵᠢᠯᠡᠭᠰᠡᠨ ᠬᠠᠮᠢᠶᠠᠷᠤᠯᠳᠠ ᠶᠢᠨ ᠠᠷᠭ᠎ᠠ ᠪᠠᠷᠢᠯ ᠢ ᠴᠢᠩᠭᠠᠳᠬᠠᠵᠦ᠂ ᠬᠢᠯᠢ ᠠᠯᠤᠰᠯᠠᠭᠰᠠᠨ | ᠪᠠᠷᠠᠭᠠᠨ ᠤ ᠬᠢᠵᠢᠭ ᠢ ᠰᠢᠯᠭᠠᠨ ᠪᠠᠶᠢᠴᠠᠭᠠᠬᠤ ᠬᠦᠴᠦᠯᠠᠴᠠ ᠶᠢ ᠨᠠᠮᠡᠭᠳᠡᠬᠦᠯᠵᠦ᠂ ᠬᠢᠵᠢᠭ ᠤᠨ ᠬᠢᠯᠢ ᠶᠢᠨ ᠭᠠᠳᠠᠨ᠎ᠠ | ᠠᠴᠠ ᠳᠠᠮᠵᠢᠨ ᠬᠠᠯᠳᠠᠪᠣᠷᠢᠯᠠᠬᠤ ᠶᠢ ᠴᠢᠩᠭ᠎ᠠ ᠰᠡᠷᠭᠡᠶᠢᠯᠠᠨ᠎ᠠ᠃ ᠤᠬᠠᠭᠤᠯᠵᠦ ᠬᠦᠲᠤᠯᠤᠨ ᠵᠢᠯᠤᠭᠤᠳᠬᠤ ᠠᠵᠢᠯ ᠢ | ᠴᠢᠩᠭᠠᠳᠬᠠᠵᠦ᠂ ᠤᠯᠠᠨ ᠲᠦᠮᠠᠨ ᠤ ᠬᠤᠪᠢ ᠪᠠᠶ᠎ᠠ ᠶᠢᠨ ᠰᠡᠷᠭᠡᠶᠢᠯᠠᠯᠳᠠ ᠶᠢᠨ ᠦᠵᠠᠯ ᠤᠬᠠᠮᠰᠠᠷ ᠢ ᠴᠢᠩᠭᠠᠳᠬᠠᠵᠦ᠂ | ᠬᠤᠯᠪᠤᠭᠠᠯᠠᠨ ᠰᠡᠷᠭᠡᠶᠢᠯᠠᠵᠦ ᠬᠤᠯᠪᠤᠭᠠᠯᠠᠨ ᠬᠤᠷᠢᠭᠯᠠᠬᠤ ᠤᠯᠠᠨ ᠢᠶᠠᠷ ᠢᠶᠠᠨ ᠰᠡᠷᠭᠡᠶᠢᠯᠠᠵᠦ ᠤᠯᠠᠨ ᠢᠶᠠᠷ ᠢᠶᠠᠨ ᠵᠠᠰᠠᠬᠤ | ᠪᠠᠶᠢᠳᠠᠯ ᠢ ᠪᠤᠢ ᠪᠤᠯᠭᠠᠨ᠎ᠠ᠃ ᠡᠳ᠋ ᠬᠦᠷᠦᠩᠭᠡ ᠶᠢᠨ ᠪᠠᠲᠤᠯᠠᠭ᠎ᠠ ᠶᠢ ᠴᠢᠩᠭᠠᠳᠬᠠᠵᠦ᠂ ᠬᠦᠢᠯᠭᠡᠭᠡᠨ ᠤ ᠵᠠᠮ ᠮᠦᠷ ᠢ | ᠰᠢᠯᠤᠭᠤᠳᠬᠠᠵᠦ᠂ ᠡᠮ ᠡᠮᠨᠡᠯᠡᠭᠡ ᠶᠢᠨ ᠰᠡᠷᠭᠡᠶᠢᠯᠠᠨ ᠬᠠᠮᠠᠭᠠᠯᠠᠯᠳᠠ᠂ ᠠᠮᠢᠲᠤᠷᠠᠯ ᠤᠨ ᠴᠢᠬᠤᠯᠠ ᠭᠡᠷᠡᠭᠯᠡᠭᠡᠨ ᠤ ᠵᠦᠢᠯ | ᠵᠡᠷᠭᠡ ᠭᠤᠤᠯᠳᠠᠯᠭ᠎ᠠ ᠲᠠᠢ ᠡᠳ᠋ ᠬᠦᠷᠤᠩᠭᠡ ᠶᠢ ᠬᠠᠩᠭᠠᠬᠤ᠂ ᠬᠢᠨ᠋ᠨᠨ ᠡᠵᠡᠮᠳᠡᠬᠦ᠂ ᠲᠤᠬᠢᠷᠠᠭᠤᠯᠬᠤ ᠲᠤᠭᠳᠠᠴᠠ ᠶᠢ | ᠲᠡᠬᠦᠯᠳᠡᠷᠵᠢᠬᠦᠯᠵᠦ᠂ ᠭᠠᠳᠠᠷ ᠤᠷᠤᠨ ᠤ ᠬᠦᠮᠦᠰ ᠤᠨ ᠲᠤᠬᠠᠢ ᠶᠢᠨ ᠭᠠᠵᠠᠷ ᠲᠠᠭᠠᠨ ᠰᠢᠨᠠᠯᠠᠬᠦ ᠪᠠᠲᠤᠯᠠᠭ᠎ᠠ ᠶᠢ | ᠰᠠᠶᠢᠲᠤᠷ ᠬᠢᠨ᠎ᠠ᠃ | ᠬᠤᠶᠠᠷ᠂ ᠲᠤᠭᠳᠠᠯ ᠬᠦᠴᠦᠨ ᠢᠶᠠᠨ ᠪᠠᠲᠤᠯᠠᠵᠦ ᠠᠮᠢ ᠠᠬᠤᠢ ᠶᠢ ᠲᠡᠷᠢᠬᠦᠨ ᠳᠤ ᠳᠠᠯᠪᠢᠬᠤ ᠶᠢ | ᠪᠡᠶᠡᠯᠡᠬᠦᠯᠦᠨ᠎ᠡ | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠠᠶᠢᠮᠠᠭ ᠤᠨ ᠪᠠᠶᠢᠭᠠᠯᠢ ᠶᠢᠨ ᠠᠮᠢ ᠠᠬᠤᠢ ᠶᠢᠨ ᠨᠦᠬᠦᠴᠠᠯ ᠢ | ᠬᠦᠢᠴᠡᠳ ᠲᠠᠨᠢᠵᠦ᠂ ᠠᠭᠤᠯᠨ ᠤᠰᠤ ᠤᠢ ᠰᠢᠭᠤᠢ ᠲᠠᠷᠢᠶ᠎ᠠ ᠨᠠᠭᠤᠷ ᠡᠪᠠᠰᠤ ᠪᠠᠯᠴᠢᠭᠡᠷ ᠢ ᠨᠢᠭᠡ ᠴᠤᠭᠴᠠᠵᠢᠭᠤᠯᠤᠨ | ᠬᠠᠮᠠᠭᠠᠯᠠᠵᠦ ᠰᠡᠷᠬᠦᠭᠡᠨ ᠵᠠᠰᠠᠬᠤ ᠶᠢ ᠨᠢᠭᠡᠲᠤᠯᠲᠡᠢ ᠲᠦᠯᠦᠪᠯᠠᠨ ᠠᠬᠢᠭᠤᠯᠵᠦ᠂ ᠠᠮᠢ ᠠᠬᠤᠢ ᠶᠢᠨ ᠪᠠᠶᠢᠭᠤᠯᠤᠯᠳᠠ ᠶᠢᠨ | ᠰᠢᠰᠲ᠋ᠧᠮᠲᠤ ᠴᠢᠨᠠᠷ ᠬᠢᠭᠡᠳ ᠦᠷᠬᠦᠯᠵᠢᠯᠠᠯᠲᠤ ᠴᠢᠨᠠᠷ ᠢ ᠴᠢᠩᠭᠠᠳᠬᠠᠨ᠎ᠠ᠃ ᠤᠢ ᠰᠢᠭᠤᠢ ᠡᠪᠠᠰᠤ ᠪᠠᠯᠴᠢᠭᠡᠷ ᠤᠨ | ᠠᠮᠢ ᠠᠬᠤᠢ ᠶᠢ ᠰᠠᠶᠢᠲᠤᠷ ᠬᠠᠮᠠᠭᠠᠯᠠᠵᠦ᠂ ᠤᠢ ᠰᠢᠭᠤᠢ ᠡᠪᠠᠰᠤ ᠪᠠᠯᠴᠢᠭᠡᠷ ᠤᠨ ᠲᠠᠷᠤᠭ᠎ᠠ ᠶᠢᠨ ᠲᠦᠷᠢᠮ ᠢ ᠪᠦᠬᠦ | ᠲᠠᠯ᠎ᠠ ᠪᠠᠷ ᠶᠠᠪᠤᠭᠳᠠᠭᠤᠯᠵᠦ᠂ ᠠᠯᠠᠱᠨ ᠠᠭᠤᠯᠨ ᠶᠢᠨ ᠤᠯᠤᠰ ᠤᠨ ᠤᠢ ᠰᠢᠭᠤᠢ ᠶᠢᠨ ᠴᠡᠴᠡᠷᠯᠢᠭ ᠪᠤᠯᠤᠨ | ︽ᠤᠯᠠᠭᠠᠨᠪᠤᠬ᠎ᠠ — ᠠᠯᠠᠱᠨ ᠠᠭᠤᠯᠨ — ᠤᠷᠲᠤᠰ ᠤᠨ ᠦᠨᠲᠦᠷᠯᠢᠭ︾ ᠤᠨ ᠤᠯᠤᠰ ᠤᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢᠨ ᠲᠦᠷᠦᠯ ᠵᠦᠢᠯ ᠢ ᠲᠦᠷᠭᠡᠭᠡᠨ ᠭᠤᠶᠤᠴᠢᠯᠠᠨ ᠮᠡᠳᠡᠬᠦᠯᠵᠦ᠂ ᠵᠢᠯ ᠤᠨ | ᠲᠤᠲᠤᠷ᠎ᠠ 72 ᠲᠦᠮᠠᠨ ᠮᠤ᠋ ᠭᠠᠵᠠᠷ ᠤᠨ ᠣᠶᠢᠵᠢᠭᠤᠯᠣᠯᠳᠠ ᠪᠠ 1000 ᠲᠦᠮᠠᠨ ᠮᠤ᠋ ᠡᠪᠠᠰᠤ ᠪᠠᠯᠴᠢᠭᠡᠷ ᠢ | ᠬᠠᠮᠠᠭᠠᠯᠠᠨ ᠪᠠᠶᠢᠭᠤᠯᠬᠤ ᠠᠵᠢᠯ ᠢ ᠪᠠᠶᠠᠯᠡᠬᠦᠯᠤᠨᠠ᠃ ᠨᠠᠭᠤᠷ ᠭᠤᠤᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠦ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ | ᠡᠯ᠎ᠠ ᠲᠦᠷᠦᠯ ᠤᠨ ᠠᠷᠭ᠎ᠠ ᠪᠠᠷᠢᠯ ᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠲᠤᠨ ᠭᠤᠤᠯ ᠤᠨ | ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠪᠦᠲᠤᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠬᠠᠷ᠎ᠠ | ᠭᠤᠤᠯ ᠤᠨ ᠰᠠᠪᠠ ᠭᠠᠵᠠᠷ ᠵᠢᠴᠢ ᠰᠤᠪᠨᠠᠭᠤᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠠ | ᠵᠠᠰᠠᠨ ᠰᠡᠷᠬᠦᠭᠡᠬᠦ ᠠᠵᠢᠯ ᠢ ᠴᠢᠩᠭᠠᠳᠬᠠᠵᠦ᠂ ︽ᠤᠰᠤ ᠪᠠᠷ ᠲᠠᠷᠢᠶ᠎ᠠ ᠶᠢ ᠲᠤᠭᠳᠠᠭᠠᠬᠤ︾ ᠶᠢ ᠪᠠᠷᠢᠮᠳᠠᠯᠠᠵᠦ᠂ | ᠭᠠᠵᠠᠷ ᠲᠤᠤᠷᠠᠬᠢ ᠤᠰᠤ ᠶᠢ ᠠᠰᠢᠭᠯᠠᠵᠦ ᠨᠦᠬᠦᠪᠤᠷᠢᠯᠠᠬᠦ ᠲᠡᠩᠴᠡᠬᠦᠷᠢᠰᠢᠯ ᠢ ᠪᠠᠳᠣᠯᠠᠨ᠎ᠠ᠃ ᠡᠯᠡᠰᠤ ᠮᠠᠩᠬᠠᠨ ᠤ | ᠤᠷᠴᠢᠨ ᠲᠤᠭᠤᠷᠢᠨ ᠢ ᠰᠠᠶᠢᠲᠤᠷ ᠬᠠᠮᠠᠭᠠᠯᠠᠵᠦ᠂ ᠵᠦᠢ ᠵᠤᠬᠢᠰᠲᠡᠢ ᠨᠡᠭᠡᠭᠡᠨ ᠬᠦᠭᠵᠢᠬᠦᠯᠬᠦ᠂ ᠲᠤᠬᠢᠷᠠᠮᠵᠢᠲᠡᠢ | ᠠᠰᠢᠭᠯᠠᠬᠤ ᠶᠢ ᠪᠠᠷᠢᠮᠳᠠᠯᠠᠵᠦ᠂ ᠲᠤᠷ᠎ᠠ ᠲᠠᠪᠠ ᠪᠠᠷ ᠢᠶᠠᠨ ᠡᠪᠳᠡᠵᠦ ᠰᠦᠢᠳᠭᠡᠬᠦ ᠶᠢ ᠴᠢᠩᠭ᠎ᠠ ᠴᠠᠭᠠᠵᠠᠯᠠᠵᠦ᠂ ᠪᠠᠳᠠᠢ | ᠶᠢᠨ ᠵᠢᠷᠠᠨ ᠤ ᠡᠯᠡᠰᠤ ᠶᠢ ᠲᠡᠯᠡᠭᠡᠢ ᠶᠢᠨ ᠪᠠᠶᠢᠭᠠᠯᠢ ᠶᠢᠨ ᠦᠪ ᠢᠶᠠᠷ ᠭᠤᠶᠤᠴᠢᠯᠠᠨ ᠮᠡᠳᠡᠬᠦᠯᠬᠦ ᠠᠬᠢᠴᠠ ᠶᠢ | ᠲᠦᠷᠭᠡᠳᠭᠡᠨ᠎ᠠ᠃ ᠵᠠᠰᠠᠯᠳᠠ ᠶᠢᠨ ᠦᠷ᠎ᠠ ᠪᠦᠲᠤᠮᠵᠢ ᠶᠢ ᠰᠠᠶᠢᠲᠤᠷ ᠬᠠᠮᠠᠭᠠᠯᠠᠵᠦ᠂ ᠪᠤᠬᠢᠷᠲᠤᠯ ᠢ ᠰᠡᠷᠭᠡᠶᠢᠯᠠᠨ ᠵᠠᠰᠠᠬᠤ | ᠰᠢᠪᠲᠤᠯᠤᠯᠳᠠ ᠶᠢ ᠬᠦᠨᠵᠡᠭᠡᠢ ᠠᠬᠢᠭᠤᠯᠵᠦ᠂ ᠴᠡᠩᠭᠡᠷ ᠤᠭᠳᠠᠷᠭᠤᠢ᠂ ᠴᠡᠩᠭᠡᠭ ᠤᠰᠤ᠂ ᠴᠡᠪᠠᠷ ᠬᠦᠷᠦᠰᠤ ᠶᠢᠨ | ᠠᠵᠢᠯᠯᠠᠭ᠎ᠠ ᠶᠢᠨ ᠲᠦᠯᠦᠪᠯᠡᠭᠡ ᠶᠢ ᠦᠷᠬᠦᠯᠵᠢᠯᠠᠨ ᠭᠡᠷᠡᠭᠵᠢᠬᠦᠯᠵᠦ᠂ ᠦᠬᠠᠢ ᠵᠢᠴᠢ ᠤᠶᠢᠷ᠎ᠠ ᠬᠠᠪᠢ ᠶᠢᠨ ᠭᠠᠵᠠᠷ | ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠶᠠᠷᠤᠩᠭᠡᠶᠢᠯᠡᠨ ᠵᠠᠰᠠᠬᠤ ᠡᠬᠦᠷᠭᠡ ᠶᠢ ᠨᠠᠶᠢᠳᠠᠪᠤᠷᠢᠵᠢᠭᠤᠯᠵᠦ᠂ | ᠤᠰᠤᠨ ᠤ ᠪᠤᠬᠢᠷᠲᠤᠯ ᠢ ᠵᠠᠰᠠᠬᠤ ᠪᠠ ᠬᠠᠳᠠᠭᠤ ᠪᠠᠶᠠᠲᠤ ᠬᠠᠶᠠᠭᠳᠠᠮᠠᠯ ᠪᠤᠳᠠᠰ ᠤᠨ ᠬᠠᠮᠢᠶᠠᠷᠤᠯᠳᠠ ᠶᠢ ᠴᠢᠩᠭᠠᠳᠬᠠᠵᠦ᠂ | ᠠᠵᠤ ᠦᠢᠯᠡᠳᠪᠤᠷᠢ ᠠᠭᠤᠷᠬᠠᠢ ᠠᠵᠤ ᠠᠬᠤᠶᠢᠯᠠᠯ ᠤᠨ ᠬᠠᠤᠯᠢ ᠪᠤᠰᠤ ᠪᠠᠷ ᠪᠤᠬᠢᠷᠲᠤᠯ ᠢ ᠭᠠᠳᠠᠭᠰᠢᠯᠠᠭᠤᠯᠬᠤ ᠶᠢ | ᠴᠢᠩᠭ᠎ᠠ ᠪᠠᠶᠢᠴᠠᠭᠠᠵᠦ ᠰᠡᠷᠭᠡᠶᠢᠯᠠᠨ᠎ᠠ᠃ | ᠭᠤᠷᠪᠠ᠂ ᠣᠷᠣᠨ ᠪᠠᠶᠢᠷᠢ ᠪᠠᠨ ᠵᠦᠪ ᠳᠣᠭᠳᠠᠭᠠᠵᠦ ᠪᠤᠬᠢᠷᠲᠤᠯ ᠦᠭᠡᠢ ᠬᠦᠭᠵᠢᠯᠳᠡ ᠶᠢ ᠲᠦᠯᠬᠢᠨ | ᠠᠬᠢᠭᠤᠯᠤᠨ᠎ᠠ | ᠭᠤᠷᠪᠠᠨ ᠤᠷᠤᠨ ᠭᠤᠷᠪᠠᠨ ᠱᠤᠭᠤᠮ ᠤᠨ ᠲᠤᠭᠳᠠᠭᠠᠯᠳᠠ ᠲᠠᠢ ᠤᠶᠠᠯᠲᠤᠭᠤᠯᠵᠦ᠂ ︽ᠭᠤᠷᠪᠠᠨ ᠱᠤᠭᠤᠮ | ᠨᠢᠭᠡ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠬᠤᠳᠠ ᠪᠠᠯᠭᠠᠰᠤ᠂ ᠬᠦᠳᠡᠭᠡ | ᠲᠤᠰᠬᠤᠨ᠂ ᠨᠡᠭᠡᠭᠡᠨ ᠬᠦᠭᠵᠢᠬᠦᠯᠵᠦ ᠨᠡᠭᠡᠭᠡᠯᠳᠡ ᠬᠢᠬᠦ ᠤᠷᠤᠨ ᠤ ᠴᠢᠳᠠᠪᠬᠢ ᠶᠢᠨ ᠪᠠᠶᠢᠷᠢ ᠳᠣᠭᠳᠠᠭᠠᠯᠳᠠ ᠶᠢ | ᠡᠮᠬᠢᠯᠠᠵᠦ᠂ ᠪᠠᠶᠢᠷᠢᠯᠠᠭᠤᠯᠤᠯᠳᠠ ᠨᠢ ᠵᠦᠢ ᠵᠤᠬᠢᠰᠲᠡᠢ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠨ᠂ | ᠢᠯᠭᠠᠭ᠎ᠠ ᠵᠦᠷᠢᠶ᠎ᠡ ᠪᠠᠨ ᠦᠨᠳᠦᠰᠦᠯᠡᠨ ᠬᠦᠭᠵᠢᠭᠰᠡᠨ ᠤᠷᠤᠨ ᠪᠦᠰᠡ ᠶᠢᠨ ᠠᠵᠤ ᠠᠬᠤᠢ ᠶᠢᠨ ᠰᠢᠨ᠎ᠠ | ᠲᠦᠯᠦᠪᠰᠢᠯ ᠢ ᠪᠤᠢ ᠪᠤᠯᠭᠠᠨ᠎ᠠ᠃ ᠪᠤᠬᠢᠷᠲᠤᠯ ᠦᠭᠡᠢ ᠡᠷᠬᠢᠯᠳᠡᠲᠤ᠂ ᠲᠤᠤᠷ᠎ᠠ ᠨᠡᠬᠦᠷᠡᠰᠦᠳᠦ᠋ᠷᠤᠭ᠍ᠴᠢᠲᠤ ᠦᠨᠲᠤᠷ | ᠪᠦᠲᠤᠮᠵᠢᠲᠤ ᠠᠵᠤ ᠦᠢᠯᠡᠳᠪᠤᠷᠢ ᠶᠢᠨ ᠳᠦᠯᠦᠪᠰᠢᠯ ᠢ ᠪᠣᠢ ᠪᠣᠯᠭᠠᠨ᠎ᠠ᠃ ᠠᠯᠠᠱᠨ ᠠᠶᠢᠮᠠᠭ ᠤᠨ ᠲᠡᠭᠡᠲᠤ ᠰᠢᠨ᠎ᠠ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠢ ᠤᠯᠤᠰ ᠤᠨ ᠲᠡᠰ ᠤᠨ ᠲᠡᠭᠡᠲᠤ ᠰᠢᠨ᠎ᠠ ᠮᠡᠷᠭᠡᠵᠢᠯ | ᠤᠨ ᠨᠡᠭᠡᠭᠡᠯᠳᠡ ᠶᠢᠨ ᠤᠷᠤᠨ ᠪᠤᠯᠭᠠᠨ ᠡᠬᠦᠲᠤᠨ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠪᠤᠬᠢᠷᠲᠤᠯ ᠦᠭᠡᠢ | ᠤᠨᠴᠠᠯᠢᠭᠲᠤ ᠲᠠᠪᠠᠭᠤᠯᠢᠭ ᠤᠲᠤ ᠦᠶ᠎ᠠ ᠶᠢᠨ ᠠᠵᠤ ᠦᠢᠯᠡᠰ ᠤᠨ ᠰᠢᠰᠲ᠋ᠧᠮᠵᠢ ᠶᠢ ᠴᠤᠭᠴᠠᠯᠠᠨ ᠪᠠᠶᠢᠭᠤᠯᠬᠤ | ᠲᠤᠭᠤᠷᠢᠨ ᠳᠤ᠂ ᠠᠵᠤ ᠦᠢᠯᠡᠰ ᠤᠨ ᠪᠦᠬᠦ ᠬᠡᠯᠬᠢᠶᠡᠵᠢᠯᠳᠡ᠂ ᠲᠡᠭᠡᠲᠤ ᠳᠡᠰᠵᠢᠯᠳᠡ ᠪᠠ ᠡᠷᠬᠢᠯᠳᠡᠳᠦ ᠬᠦᠭᠵᠢᠯᠳᠡ | ᠶᠢ ᠲᠦᠷᠭᠡᠳᠭᠡᠨ ᠠᠬᠢᠭᠤᠯᠵᠦ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢ ᠲᠡᠰ ᠲᠡᠪᠰᠢᠬᠦᠯᠬᠦ᠂ ᠲᠠᠪᠤᠰᠤ ᠬᠢᠮᠢ | ᠶᠢᠨ ᠠᠵᠤ ᠦᠢᠯᠡᠳᠪᠤᠷᠢ ᠶᠢ ᠦᠷᠭᠡᠳᠭᠡᠬᠦ᠂ ᠨᠠᠷᠢᠯᠢᠭᠵᠢᠭᠤᠯᠤᠭᠰᠠᠨ ᠬᠢᠮᠢ ᠶᠢᠨ ᠠᠵᠤ ᠦᠢᠯᠡᠳᠪᠤᠷᠢ ᠶᠢ | ᠦᠷᠭᠡᠳᠬᠡᠬᠦ ᠪᠠ ᠰᠢᠨ᠎ᠠ ᠮᠠᠲ᠋ᠧᠷᠢᠶᠠᠯ ᠤᠨ ᠪᠣᠶᠢᠵᠢᠭᠤᠯᠣᠯᠳᠠ ᠶᠢ ᠭᠤᠤᠯᠳᠠᠯᠭ᠎ᠠ ᠲᠠᠢ ᠰᠠᠶᠢᠲᠤᠷ ᠠᠳᠬᠤᠵᠦ᠂ ᠤᠯᠤᠰ | ᠤᠨ ᠭᠤᠤᠯᠳᠠᠯᠭ᠎ᠠ ᠲᠠᠢ ᠪᠤᠬᠢᠷᠲᠤᠯ ᠦᠭᠡᠢ ᠬᠢᠮᠢ ᠶᠢᠨ ᠠᠵᠤ ᠦᠢᠯᠡᠳᠪᠤᠷᠢ ᠶᠢᠨ ᠵᠢᠱᠢᠶ᠎ᠠ ᠦᠵᠡᠬᠦᠯᠬᠦ ᠰᠠᠭᠤᠷᠢᠨ | ᠭᠠᠵᠠᠷ ᠪᠠ ᠰᠢᠨ᠎ᠠ ᠮᠠᠲ᠋ᠧᠷᠢᠶᠠᠯ ᠦᠢᠯᠡᠳᠪᠤᠷᠢᠯᠠᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠲᠡᠭᠷᠢ ᠠᠵᠤ ᠠᠬᠤᠢ ᠶᠢᠨ | ᠮᠡᠷᠭᠡᠵᠢᠯ ᠤᠨ ᠨᠡᠭᠡᠭᠡᠯᠳᠡ ᠶᠢᠨ ᠤᠷᠤᠨ ᠢ ᠤᠲᠤ ᠦᠶ᠎ᠠ ᠶᠢᠨ ᠨᠠᠷᠢᠯᠢᠭᠵᠢᠭᠤᠯᠤᠭᠰᠠᠨ ᠬᠢᠮᠢ ᠶᠢᠨ ᠠᠵᠤ ᠦᠢᠯᠡᠳᠪᠤᠷᠢ᠂ | ᠰᠢᠨ᠎ᠠ ᠮᠠᠲ᠋ᠧᠷᠢᠶᠠᠯ ᠢ ᠦᠢᠯᠡᠳᠬᠦ᠂ ᠤᠲᠤ ᠦᠶ᠎ᠠ ᠶᠢᠨ ᠡᠨᠧᠷᠬᠢ ᠶᠢᠨ ᠠᠵᠤ ᠦᠢᠯᠡᠰ ᠤᠨ ᠲᠤᠭᠤᠷᠢᠨ ᠳᠤ᠂ | ᠲᠦᠷᠦᠯ ᠵᠦᠢᠯ ᠢ ᠤᠷᠢᠨ ᠤᠷᠤᠭᠤᠯᠬᠤ᠂ ᠲᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠬᠤ᠂ ᠪᠦᠲᠤᠭᠡᠭᠳᠡᠬᠦᠨ | ᠢ ᠨᠡᠭᠡᠭᠡᠨ ᠬᠦᠭᠵᠢᠬᠦᠯᠬᠦ ᠬᠦᠴᠦᠯᠠᠴᠠ ᠪᠠᠨ ᠨᠡᠮᠡᠭᠳᠡᠬᠦᠯᠵᠦ᠂ ᠦᠪᠠᠷᠳᠡᠭᠡᠨ ᠵᠠᠰᠠᠬᠤ ᠤᠷᠤᠨ ᠤ ᠲᠡᠰ ᠤᠨ ᠲᠡᠭᠡᠲᠤ | ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠢ ᠲᠦᠷᠭᠡᠳᠭᠡᠨ ᠪᠠᠶᠢᠭᠤᠯᠬᠤ ᠶᠢ ᠨᠢ | ᠠᠬᠢᠭᠤᠯᠤᠨ᠎ᠠ᠃ ᠠᠯᠠᠱᠨ ᠵᠡᠬᠦᠨ ᠬᠤᠰᠢᠭᠤᠨ ᠤ ᠤᠯᠠᠨᠪᠤᠯᠠᠭ ᠤᠨ ᠠᠵᠤ ᠦᠢᠯᠡᠰ ᠤᠨ ᠴᠤᠭᠯᠠᠷᠠᠯ ᠤᠨ ᠤᠷᠤᠨ ᠢ | ᠬᠦᠭᠵᠢᠬᠦᠯᠵᠦ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ᠂ ᠨᠠᠷᠢᠯᠢᠭᠵᠢᠭᠤᠯᠤᠭᠰᠠᠨ ᠬᠢᠮᠢ ᠶᠢᠨ ᠠᠵᠤ | ᠦᠢᠯᠡᠳᠪᠤᠷᠢ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠤᠷᠢ᠂ ᠪᠠᠯ ᠴᠢᠯᠠᠭᠤ ᠪᠠ ᠭᠠᠳᠠᠭᠠᠲᠤ ᠠᠴᠠ | ᠤᠷᠤᠭᠤᠯᠤᠭᠰᠠᠨ ᠡᠬᠢ ᠪᠠᠶᠠᠯᠢᠭ ᠢ ᠨᠠᠷᠢᠯᠢᠭᠵᠢᠭᠤᠯᠣᠨ ᠪᠣᠯᠪᠠᠰᠣᠷᠠᠭᠤᠯᠬᠤ ᠠᠵᠤ ᠦᠢᠯᠡᠰ ᠢ ᠭᠤᠤᠯᠳᠠᠯᠭ᠎ᠠ ᠲᠠᠢ | ᠬᠦᠭᠵᠢᠬᠦᠯᠵᠦ᠂ ᠬᠢᠯᠢ ᠬᠢᠵᠠᠭᠠᠷ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠠ ᠪᠠᠷ ᠬᠦᠭᠵᠢᠵᠦ ᠪᠠᠶᠢᠭ᠎ᠠ | ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠶᠢ ᠨᠢ ᠲᠠᠮᠵᠢᠨ᠎ᠠ᠃ ᠠᠯᠠᠱᠨ ᠪᠠᠷᠠᠭᠤᠨ ᠬᠤᠰᠢᠭᠤᠨ ᠤ | ᠲᠠᠩᠰᠤᠭᠪᠤᠯᠠᠭ ᠤᠨ ᠠᠵᠤ ᠦᠢᠯᠡᠰ ᠤᠨ ᠴᠤᠭᠯᠠᠷᠠᠯ ᠤᠨ ᠤᠷᠤᠨ ᠢ ᠬᠦᠭᠵᠢᠬᠦᠯᠵᠦ᠂ ᠪᠠᠶᠢᠭᠠᠯᠢ ᠶᠢᠨ ᠬᠤᠵᠢᠷ ᠢ | ᠨᠠᠭᠡᠭᠡᠨ ᠠᠰᠢᠭᠯᠠᠬᠤ ᠪᠠ ᠲᠠᠪᠤᠰᠤ ᠬᠢᠮᠢ ᠶᠢᠨ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠵᠦ᠂ ᠬᠦᠴᠦᠷᠭᠡᠭ | ᠠᠵᠤ ᠦᠢᠯᠡᠰ ᠤᠨ ᠬᠠᠷᠢᠯᠴᠠᠨ ᠬᠤᠯᠪᠤᠭᠠᠯᠠᠬᠤ ᠶᠢ ᠠᠬᠢᠭᠤᠯᠵᠦ᠂ ᠪᠠᠶᠢᠭᠠᠯᠢ ᠶᠢᠨ ᠬᠤᠵᠢᠷ ᠢᠶᠠᠷ ᠤᠲᠤᠷᠢᠲᠤᠮᠵᠢ | ᠪᠤᠯᠭᠠᠭᠰᠠᠨ ᠡᠷᠬᠢᠯᠳᠡᠲᠤ ᠠᠵᠤ ᠠᠬᠤᠢ ᠶᠢᠨ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠭᠠᠳᠠᠨ᠎ᠠ | ᠲᠤᠲᠤᠨ᠎ᠠ ᠬᠤᠯᠪᠤᠭᠠᠯᠠᠨ ᠨᠠᠪᠳᠡᠷᠡᠯᠴᠡᠬᠦ᠂ ᠤᠯᠠᠨ ᠡᠰᠢᠵᠢᠨ ᠠᠭᠤᠰᠤᠯᠴᠠᠭᠰᠠᠨ ᠴᠢᠯᠤᠭᠡᠲᠤ ᠳᠦᠯᠦᠪᠰᠢᠯ ᠢ ᠪᠣᠢ | ᠪᠣᠯᠭᠠᠬᠤ ᠶᠢ ᠨᠢ ᠲᠠᠮᠵᠢᠨ᠎ᠠ᠃ ︽ᠬᠤᠶᠠᠷ ᠪᠤᠭᠤᠮᠳᠠ ᠬᠤᠶᠠᠷ ᠬᠢᠯᠢ ᠶᠢᠨ ᠪᠤᠭᠤᠮᠳᠠ︾ ᠳᠤ ᠲᠦᠰᠢᠭᠯᠡᠵᠦ | ᠦᠪᠠᠷᠳᠡᠭᠡᠨ ᠵᠠᠰᠠᠬᠤ ᠤᠷᠤᠨ ᠤ ᠪᠠᠷᠠᠭᠤᠨ ᠭᠡᠰᠡᠭ ᠤᠨ ᠣᠮᠠᠷ᠎ᠠ ᠲᠡᠰᠢ ᠨᠡᠭᠡᠭᠡᠨ ᠬᠦᠭᠵᠢᠬᠦᠯᠬᠦ ᠪᠠᠶᠢᠯᠲᠤᠬᠤ | ᠪᠤᠲᠤᠯᠭ᠎ᠠ ᠶᠢᠨ ᠲᠤᠯᠭᠠᠭᠤᠷᠢ ᠴᠡᠭ ᠢ ᠪᠠᠶᠢᠭᠤᠯᠵᠦ᠂ ᠴᠡᠭᠡ ᠪᠤᠭᠤᠮᠳᠠ ᠶᠢᠨ ᠬᠢᠯᠢ ᠠᠯᠤᠰᠯᠠᠭᠰᠠᠨ ᠠᠷᠠᠯᠵᠢᠶ᠎ᠠ ᠶᠢ | ᠦᠷᠭᠡᠳᠭᠡᠵᠦ᠂ ᠪᠤᠭᠤᠮᠳᠠ ᠶᠢᠨ ᠠᠵᠤ ᠠᠬᠤᠢ ᠶᠢ ᠬᠠᠶᠢᠨ ᠰᠦᠪᠡᠭᠴᠢᠯᠠᠨ ᠬᠦᠭᠵᠢᠬᠦᠯᠵᠦ᠂ ᠡᠵᠠᠨ᠎ᠠ ᠶᠢᠨ | ᠦᠪᠠᠷᠳᠡᠭᠡᠨ ᠵᠠᠰᠠᠬᠤ ᠤᠷᠤᠨ ᠤ ᠲᠡᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠵᠦ ᠨᠡᠭᠡᠭᠡᠯᠳᠡ ᠬᠢᠬᠦ | ᠲᠤᠷᠰᠢᠯᠳᠠ ᠶᠢᠨ ᠤᠷᠤᠨ ᠢ ᠲᠦᠷᠭᠡᠳᠭᠡᠨ ᠪᠠᠶᠢᠭᠤᠯᠤᠨ᠎ᠠ᠃ ᠦᠯᠵᠠᠢ ᠪᠤᠭᠤᠮᠳᠠ ᠶᠢᠨ ᠲᠤᠮᠳᠠᠲᠤ ᠮᠤᠩᠭᠤᠯ ᠤᠨ | ᠬᠤᠯᠪᠤᠭᠠᠯᠠᠨ ᠪᠠᠶᠢᠴᠠᠭᠠᠬᠤ ᠲᠦᠬᠦᠭᠡᠷᠤᠮᠵᠢ ᠶᠢᠨ ᠪᠠᠶᠢᠭᠤᠯᠤᠯᠳᠠ ᠶᠢ ᠨᠢᠭᠡᠲᠤᠯᠲᠡᠢ ᠲᠦᠯᠦᠪᠯᠠᠨ ᠠᠬᠢᠭᠤᠯᠵᠦ᠂ | ᠵᠢᠩᠬᠢᠨᠢ ᠪᠠᠷ ᠪᠤᠭᠤᠮᠳᠠ ᠨᠡᠪᠳᠡᠷᠡᠬᠦ ᠶᠢ ᠡᠷᠳᠡᠭᠡᠨ ᠪᠠᠶᠠᠯᠡᠬᠦᠯᠬᠦ ᠪᠠᠷ ᠴᠢᠷᠮᠠᠶᠢᠨ ᠲᠡᠮᠡᠴᠠᠨᠠ᠃ ᠠᠯᠠᠱᠨ ᠶᠢᠨ ᠡᠬᠡ | ᠬᠠᠭᠤᠷᠠᠢ ᠳᠤ ᠲᠤᠮᠳᠠᠲᠤ ᠡᠸᠦ᠋ᠷᠤᠫᠠ ᠶᠢᠨ ᠵᠢᠰᠢᠶᠠᠨ ᠤ ᠭᠠᠯᠲᠤ ᠲᠡᠷᠭᠡ ᠨᠡᠪᠳᠡᠷᠡᠬᠦ ᠶᠢ ᠲᠠᠮᠵᠢᠨ᠎ᠠ᠃ ᠵᠤᠬᠢᠴᠠᠭᠤᠯᠵᠦ | ᠬᠠᠷᠢᠯᠴᠠᠨ ᠨᠦᠬᠦᠪᠤᠷᠢᠯᠠᠬᠦ᠂ ᠲᠤᠰ ᠲᠤᠰ ᠤᠨ ᠤᠨᠴᠠᠯᠢᠭ ᠲᠠᠢ ᠬᠤᠳᠠ ᠬᠦᠳᠡᠭᠡ ᠶᠢᠨ ᠳᠦᠯᠦᠪᠰᠢᠯ ᠢ ᠪᠣᠢ | ᠪᠣᠯᠭᠠᠨ᠎ᠠ᠃ ︽ᠪᠤᠯᠪᠠᠰᠤᠨ ᠭᠤᠶᠣ ᠰᠠᠶᠢᠬᠠᠨ ᠨᠦᠬᠦᠷᠰᠡᠭ᠂ ᠤᠷᠤᠰᠢᠨ ᠰᠠᠭᠤᠷᠢᠰᠢᠬᠤ ᠳᠤ ᠲᠤᠬᠢᠷᠠᠮᠵᠢᠲᠡᠢ᠂ | ᠦᠢᠯᠡᠰ ᠡᠷᠬᠢᠯᠠᠬᠦ ᠳᠤ ᠲᠤᠬᠢᠷᠠᠮᠵᠢᠲᠡᠢ᠂ ᠵᠢᠭᠤᠯᠴᠢᠯᠠᠬᠤ ᠳᠤ ᠳᠠᠭᠠᠳᠠᠢ︾ ᠪᠠᠶᠢᠬᠤ ᠪᠠᠷ ᠬᠠᠷᠠᠯᠳᠠ ᠪᠤᠯᠭᠠᠵᠦ | ᠭᠤᠤᠯᠳᠠᠯᠭ᠎ᠠ ᠲᠠᠢ ᠬᠤᠳᠠ ᠪᠠᠯᠭᠠᠰᠤ ᠶᠢᠨ ᠪᠦᠲᠤᠭᠡᠨ ᠪᠠᠶᠢᠭᠤᠯᠤᠯᠳᠠ ᠶᠢ ᠴᠢᠩᠭᠠᠳᠬᠠᠵᠦ᠂ ᠴᠢᠳᠠᠪᠬᠢ ᠪᠠᠨ | ᠲᠡᠬᠦᠯᠳᠡᠷᠵᠢᠬᠦᠯᠵᠦ᠂ ᠲᠡᠰ ᠳᠦᠪᠰᠢᠨ ᠢᠶᠠᠨ ᠲᠡᠭᠡᠭᠰᠢᠯᠡᠬᠦᠯᠵᠦ᠂ ᠤᠨᠴᠠᠯᠢᠭ ᠢᠶᠠᠨ ᠢᠯᠡᠷᠡᠬᠦᠯᠵᠦ᠂ ᠭᠡᠪ ᠨᠠᠮᠪᠠ ᠨᠢ | ᠡᠳᠡᠭᠡᠳ ᠵᠢᠭᠤᠯᠴᠢᠯᠠᠯ ᠤᠨ ᠬᠠᠷᠠᠯᠳᠠᠲᠤ ᠣᠷᠣᠨ ᠪᠠ ᠳᠦᠪᠯᠡᠷᠡᠬᠦᠯᠦᠨ ᠳᠠᠷᠬᠠᠭᠠᠬᠤ ᠭᠠᠵᠠᠷ ᠢ ᠪᠠᠶᠢᠭᠤᠯᠵᠦ᠂ ᠤᠲᠤ | ᠦᠶ᠎ᠠ ᠶᠢᠨ ᠦᠢᠯᠡᠴᠢᠯᠡᠭᠡᠨ ᠤ ᠦᠢᠯᠡᠰ ᠢ ᠶᠡᠭᠡᠪᠠᠷ ᠬᠦᠭᠵᠢᠬᠦᠯᠵᠦ᠂ ᠤᠯᠠᠨ ᠡᠰᠢ ᠲᠤᠯᠭᠠᠭᠤᠷᠢᠯᠠᠭᠰᠠᠨ ᠬᠤᠳᠠ ᠶᠢᠨ | ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠠᠮᠢ ᠠᠬᠤᠢ ᠪᠠᠷ ᠠᠵᠤ ᠦᠢᠯᠡᠰ ᠢᠶᠠᠨ ᠬᠦᠭᠵᠢᠬᠦᠯᠬᠦ᠂ | ᠠᠷᠠᠳ ᠢ ᠴᠢᠨᠡᠭᠡᠯᠢᠭᠵᠢᠬᠦᠯᠵᠦ ᠤᠷᠤᠯᠭ᠎ᠠ ᠶᠢ ᠨᠡᠮᠡᠭᠳᠡᠬᠦᠯᠬᠦ︾ ᠪᠠᠷ ᠤᠲᠤᠷᠢᠲᠤᠮᠵᠢ ᠪᠣᠯᠭᠠᠨ ᠮᠠᠯᠵᠢᠬᠤ ᠲᠠᠷᠢᠶᠠᠯᠠᠬᠤ | ᠤᠷᠤᠨ ᠤ ᠦᠢᠯᠡᠳᠪᠤᠷᠢᠯᠠᠯ ᠠᠮᠢᠲᠤᠷᠠᠯ ᠤᠨ ᠠᠷᠭ᠎ᠠ ᠭᠡᠯᠪᠠᠷᠢ ᠶᠢ ᠬᠤᠪᠢᠷᠠᠭᠤᠯᠵᠦ᠂ ᠤᠷᠭᠠᠨᠢᠭ ᠲᠠᠷᠢᠮᠠᠯ᠂ ᠠᠮᠢ | ᠠᠬᠤᠢ ᠶᠢ ᠬᠠᠮᠠᠭᠠᠯᠠᠭᠰᠠᠨ ᠮᠠᠯᠵᠢᠨ ᠲᠡᠵᠢᠭᠡᠬᠦ ᠦᠢᠯᠡᠰ᠂ ᠰᠡᠯᠡᠬᠦᠴᠠᠯ ᠵᠢᠭᠤᠯᠴᠢᠯᠠᠯ᠂ ᠤᠨᠴᠠᠯᠢᠭᠲᠤ ᠡᠯᠡᠰᠤᠨ ᠤ | ᠠᠵᠤ ᠦᠢᠯᠡᠰ ᠤᠨ ᠠᠵᠤ ᠠᠬᠤᠢ ᠶᠢᠨ ᠦᠷ᠎ᠠ ᠠᠰᠢᠭ ᠢ ᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠡᠢ ᠦᠨᠲᠤᠷ ᠦᠷ᠎ᠠ ᠪᠦᠲᠤᠮᠵᠢᠲᠡᠢ ᠪᠠᠶᠢᠬᠤ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠰᠡᠳᠬᠢᠯ | ᠲᠡᠨᠢᠬᠦᠨ ᠪᠠᠶᠢᠬᠤ ᠶᠢ ᠠᠬᠢᠭᠤᠯᠤᠨ᠎ᠠ᠃ | ᠳᠦᠷᠪᠡ᠂ ᠤᠯᠠᠨ ᠵᠦᠢᠯ ᠤᠨ ᠠᠷᠭ᠎ᠠ ᠠᠪᠴᠠᠯ ᠢ ᠵᠡᠷᠭᠡ ᠪᠠᠷ ᠬᠡᠷᠡᠭᠯᠡᠵᠦ ᠠᠵᠦ ᠠᠬᠤᠢ ᠶᠢᠨ ᠦᠰᠦᠯᠲᠡ ᠶᠢ | ᠠᠬᠢᠭᠤᠯᠤᠨ᠎ᠠ | ᠪᠡᠯᠡ ᠤᠷᠤᠭᠤᠯᠤᠯᠲᠠ ᠶᠢᠨ ᠵᠠᠩᠬᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ ᠴᠢᠬᠤᠯᠠ ᠶᠡᠭᠡ ᠲᠦᠷᠦᠯ | ᠵᠦᠢᠯ ᠤᠨ ᠲᠠᠭᠠᠭᠠᠴᠢᠯᠠᠨ ᠬᠠᠷᠢᠯᠴᠠᠬᠤ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠬᠦᠯᠵᠦ᠂ ᠭᠤᠤᠯ ᠬᠦᠴᠦᠨ ᠤ | ᠪᠠᠲᠤᠯᠠᠭ᠎ᠠ ᠶᠢᠨ ᠬᠦᠴᠦᠯᠡᠴᠡ ᠪᠠᠨ ᠴᠢᠩᠭᠠᠳᠬᠠᠨ᠂ ᠭᠠᠵᠠᠷ ᠰᠢᠷᠤᠢ ᠶᠢᠨ ᠬᠠᠩᠭᠠᠯᠭ᠎ᠠ ᠶᠢᠨ ︽ᠤᠷᠢᠳᠠᠪᠠᠷ | ᠲᠦᠷᠢᠶᠡᠰᠦᠯᠡᠵᠦ ᠳᠠᠷᠠᠭ᠎ᠠ ᠨᠢ ᠰᠢᠯᠵᠢᠬᠦᠯᠦᠨ ᠬᠤᠳᠠᠯᠳᠤᠬᠤ᠂ ᠲᠦᠷᠢᠶᠡᠰᠦᠯᠡᠬᠦ ᠰᠢᠯᠵᠢᠬᠦᠯᠦᠨ ᠬᠤᠳᠠᠯᠳᠤᠬᠤ ᠶᠢ | ᠤᠶᠠᠯᠳᠤᠭᠤᠯᠬᠤ᠂ ᠠᠮᠢᠳᠤᠯᠢᠭ ᠢᠶᠠᠷ ᠰᠢᠯᠵᠢᠬᠦᠯᠦᠨ ᠬᠤᠳᠠᠯᠳᠤᠬᠤ︾ ᠶᠢ ᠬᠦᠨᠵᠡᠭᠡᠢ ᠠᠬᠢᠭᠤᠯᠵᠦ᠂ ᠦᠪᠡᠷᠲᠡᠭᠡᠨ | ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠠᠶᠢᠮᠠᠭ ᠬᠤᠲᠠ ᠠᠯᠤᠰᠯᠠᠭᠰᠠᠨ ᠤᠰᠤᠨ ᠤ ᠡᠷᠬᠡ ᠶᠢ | ᠰᠢᠯᠵᠢᠬᠦᠯᠦᠨ ᠦᠭᠬᠦ ᠤᠷᠤᠨ ᠲᠤᠭ᠎ᠠ ᠶᠢ ᠤᠯᠬᠤ ᠪᠠᠷ ᠬᠦᠴᠦᠯᠡᠨ ᠴᠢᠷᠮᠠᠶᠢᠵᠦ᠂ ᠦᠨᠳᠦᠷ ᠪᠦᠲᠦᠮᠵᠢᠲᠠᠢ | ᠦᠢᠯᠡᠴᠢᠯᠡᠭᠡ ᠪᠠᠷ ᠲᠦᠷᠦᠯ ᠵᠦᠢᠯ ᠢ ᠡᠷᠳᠡᠭᠡᠨ ᠠᠵᠢᠯ ᠡᠬᠢᠯᠡᠬᠦᠯᠵᠦ᠂ ᠪᠡᠯᠡ ᠤᠷᠤᠭᠤᠯᠤᠯᠲᠠ ᠶᠢ ᠡᠷᠳᠡᠬᠡᠨ ᠤᠷᠢᠨ | ᠠᠪᠴᠢᠷᠠᠬᠤ ᠶᠢ ᠪᠠᠲᠤᠯᠠᠨ᠎ᠠ᠃ ᠵᠢᠯ ᠤᠨ ᠳᠤᠳᠤᠷ᠎ᠠ 100 ᠴᠢᠬᠤᠯᠠ ᠲᠦᠷᠦᠯ ᠵᠦᠢᠯ ᠢ ᠲᠦᠰᠦᠪᠯᠡᠨ | ᠬᠡᠷᠡᠭᠵᠢᠭᠦᠯᠵᠦ᠂ 195 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠦᠨ᠎ᠡ᠃ | ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠰᠠᠶᠢᠳᠤᠷ ᠠᠳᠬᠤᠵᠦ᠂ ᠠᠯᠠᠱᠠ — ᠱᠠᠩᠬᠤ ᠶᠢᠨ | ᠰᠦᠮ᠎ᠡ ᠶᠢᠨ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠪᠦᠸᠧ ᠶᠤᠸᠠᠨ ᠪᠠᠶᠢᠭᠠᠯᠢᠯᠢᠭ | ᠬᠤᠵᠢᠷ᠂ ᠬᠤ᠋ ᠮᠧᠩ ᠡᠨᠧᠷᠭᠢ ᠶᠢᠨ ᠰᠢᠨ᠎ᠡ ᠮᠠᠲ᠋ᠧᠷᠢᠶᠠᠯ᠂ ᠲᠢᠶᠠᠨ ᠶᠤᠸᠠᠨ ᠬᠤᠣ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ 4 ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠢ ᠪᠥᠬᠦ ᠬᠦᠴᠦᠨ ᠢᠶᠠᠷ ᠠᠬᠢᠭᠤᠯᠵᠤ᠂ | ᠵᠢᠷᠠᠲᠠᠢ᠂ ᠡᠦ ᠲᠤᠬᠤᠢ᠂ ᠢᠩᠬᠡᠨ ᠡᠵᠡᠨ᠎ᠡ ᠶᠢᠨ ᠬᠤᠲᠣᠭᠤᠷ ᠵᠡᠷᠭᠡ ᠴᠢᠯᠠᠭᠤᠨ ᠲᠤᠰᠤ ᠪᠠᠶᠢᠭᠠᠯᠢ ᠶᠢᠨ ᠰᠢᠲᠠᠮᠠᠬᠠᠢ | ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠣᠯᠳᠠ ᠶᠢ | ᠲᠦᠷᠭᠡᠳᠭᠡᠨ᠎ᠡ᠃ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠢ ᠰᠠᠶᠢᠳᠤᠷ ᠠᠳᠬᠤᠵᠦ᠂ 19.8 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠯᠲᠠ ᠪᠠᠷ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ 17 ᠲᠥᠷᠥᠯ | ᠵᠦᠢᠯ ᠢ ᠬᠡᠷᠡᠭᠵᠢᠬᠦᠯᠵᠦ᠂ ᠪᠠᠶᠠᠨᠬᠤᠳᠳᠤᠭ ᠠᠴᠠ ᠪᠠᠶᠠᠨᠬᠤᠲᠠ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ᠂ | ᠬᠤᠶᠢᠲᠦ ᠢᠩᠭᠡᠨ ᠠᠴᠠ ᠵᠠᠮ ᠤᠨ ᠬᠤᠳᠳᠤᠭ ᠬᠦᠷᠬᠦ ᠵᠡᠷᠭᠡ ᠵᠠᠰᠠᠮᠠᠯ ᠵᠠᠮ ᠪᠠ 5G ᠰᠦᠯᠵᠢᠶ᠎ᠡ ᠶᠢᠨ | ᠲᠦᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠦᠷᠬᠦᠯᠵᠢᠯᠡᠨ ᠠᠬᠢᠭᠤᠯᠵᠦ᠂ ᠪᠠᠶᠠᠨᠬᠤᠲᠠ ᠠᠴᠠ ᠢᠷᠭᠠᠢ ᠬᠦᠷᠬᠦ | ᠦᠨᠳᠦᠷ ᠬᠤᠷᠳᠤᠴᠠᠲᠦ ᠲᠡᠮᠦᠷ ᠵᠠᠮ ᠪᠠ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠠᠵᠢᠯ ᠤᠨ | ᠬᠡᠷᠡᠭᠯᠡᠭᠡᠨ ᠤ ᠨᠢᠰᠭᠡᠯ ᠤᠨ ᠪᠠᠭᠤᠳᠠᠯ ᠠᠴᠠ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠤᠯᠭᠠᠨ ᠬᠤᠪᠢᠷᠠᠭᠤᠯᠬᠤ | ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠦ᠂ ᠬᠠᠲᠤᠨ ᠭᠤᠣᠯ ᠤᠨ ᠥᠪᠥᠷ ᠮᠣᠩᠭᠤᠯ ᠤᠨ | ᠠᠯᠠᠱᠠ ᠠᠶᠢᠮᠠᠭ ᠲᠠᠬᠢ ᠬᠡᠰᠡᠭ ᠤᠨ ᠪᠠᠴᠢᠮ ᠢ ᠠᠷᠭᠠᠴᠠᠭᠠᠨ ᠬᠠᠯᠢᠶ᠎ᠠ ︵ᠦᠶᠡᠷ︶ ᠶᠢ ᠰᠠᠯᠭᠠᠬᠤ ᠢᠨᠵᠧᠨᠧᠷᠢᠩ ᠤᠨ | ᠵᠦᠪᠰᠢᠶᠡᠷᠡᠯ ᠢ ᠤᠯᠬᠤ ᠪᠠᠷ ᠢᠲᠡᠪᠬᠢᠳᠠᠢ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ | ᠦᠷᠭᠦᠯᠵᠢᠯᠡᠨ ᠠᠬᠢᠭᠤᠯᠵᠤ᠂ ᠲᠥᠷᠥᠯ ᠵᠦᠢᠯ ᠢ ᠲᠦᠯᠦᠪᠯᠡᠨ ᠨᠦᠬᠡᠴᠡᠯᠡᠬᠦ ᠶᠢ ᠴᠢᠩᠭᠠᠳᠬᠠᠵᠦ᠂ ᠬᠦᠭᠵᠢᠯᠳᠡ ᠶᠢᠨ | ᠨᠥᠭᠡᠴᠡ ᠬᠦᠴᠦᠨ ᠢ ᠬᠤᠷᠠᠮᠳᠤᠭᠤᠯᠤᠨ᠎ᠠ᠃ | ᠬᠡᠯᠪᠡᠷᠢ ᠶᠢ ᠬᠤᠪᠢᠷᠠᠭᠤᠯᠤᠨ ᠬᠥᠲᠥᠯᠦᠨ ᠳᠠᠭᠠᠭᠤᠯᠬᠤ ᠦᠢᠯᠡᠳᠦᠯ ᠢ ᠳᠤᠪᠤᠶᠢᠯᠭᠠᠨ᠎ᠠ᠃ ᠬᠤᠴᠣᠷᠤᠩᠭᠤᠢ | ᠠᠵᠤ ᠦᠢᠯᠡᠰ ᠭᠡᠵᠦ ᠪᠠᠶᠢᠬᠤ ᠦᠭᠡᠢ᠂ ᠵᠥᠪᠬᠡᠨ ᠬᠤᠴᠣᠷᠤᠩᠭᠤᠢ ᠮᠡᠷᠭᠡᠵᠢᠯ ᠭᠡᠵᠦ ᠪᠤᠢ᠃ ᠪᠢᠳᠡ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ | ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠬᠢ ᠶᠢ ᠲᠠᠶᠠᠭᠳᠠᠬᠤ᠂ | ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ᠂ ᠵᠦᠪᠰᠢᠶᠡᠷᠡᠯᠳᠡ ᠶᠢ | ᠴᠢᠩᠳᠠᠯᠠᠬᠤ ᠵᠡᠷᠭᠡ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠦ᠂ ᠣᠳᠣ ᠶᠢᠨ | ᠪᠠᠶᠢᠭ᠎ᠠ ᠤᠯᠠᠮᠵᠢᠯᠠᠯᠲᠤ ᠠᠵᠤ ᠦᠢᠯᠡᠰ ᠤᠨ ᠤᠷ᠎ᠠ ᠮᠡᠷᠭᠡᠰᠢᠯ ᠢ ᠰᠠᠶᠢᠵᠢᠷᠠᠭᠤᠯᠤᠨ᠂ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠪᠦᠲᠦᠴᠡ ᠶᠢ ᠰᠢᠯᠢᠳᠡᠭᠵᠢᠬᠦᠯᠬᠦ ᠶᠢ ᠨᠢ ᠲᠦᠷᠭᠡᠳᠭᠡᠨ ᠵᠢᠯᠤᠭᠤᠳᠤᠨ᠎ᠠ᠃ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠬᠦᠭᠵᠢᠯᠲᠡ ᠶᠢᠨ | ᠬᠤᠷᠳᠤᠴᠠ ᠶᠢ ᠲᠦᠷᠭᠡᠳᠬᠡᠨ᠂ ᠠᠵᠤ ᠠᠬᠤᠶᠢᠯᠠᠯ ᠳᠤ ᠳᠠᠷᠤᠯᠲᠠ ᠦᠭᠴᠦ ᠭᠤᠣᠯ ᠥᠷᠢᠰᠦᠯᠳᠦᠬᠦ ᠬᠦᠴᠦᠨ ᠢ ᠨᠢ | ᠨᠡᠮᠡᠭᠳᠡᠭᠦᠯᠦᠨ᠂ ᠤᠯᠠᠮᠵᠢᠯᠠᠯᠲᠤ ᠳᠠᠪᠠᠭᠤᠯᠢᠭ ᠢ ᠦᠢᠯᠡᠳᠬᠦᠨ ᠤ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ | ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ | ᠠᠬᠢᠭᠤᠯᠵᠦ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ | ᠦᠷᠨᠢᠬᠦᠯᠦᠨ᠂ ︽ᠲᠡᠷᠢᠭᠦᠨ ᠤ ᠲᠡᠮᠦᠷᠯᠢᠭ ᠮᠠᠲ᠋ᠧᠷᠢᠶᠠᠯ ᠤᠨ ᠲᠤᠷᠰᠢᠯᠲᠡ ᠬᠢᠵᠦ ᠰᠤᠳᠤᠯᠤᠨ ᠨᠡᠭᠡᠭᠡᠬᠦ ᠰᠠᠭᠤᠷᠢᠨ | ᠭᠠᠵᠠᠷ︾᠂ ︽ᠹᠯᠣᠷ ᠤᠨ ᠬᠢᠮᠢ ᠵᠢᠴᠢ ᠡᠮ ᠤᠨ ᠵᠠᠪᠰᠠᠷ ᠤᠨ ᠪᠡᠶᠡᠲᠦ ᠶᠢ ᠰᠢᠨᠡᠴᠢᠯᠡᠨ ᠰᠤᠳᠤᠯᠤᠨ ᠨᠡᠬᠡᠬᠡᠵᠦ | ᠬᠠᠮᠲᠤᠪᠠᠷ ᠡᠳ᠋ᠯᠡᠬᠦ ᠪᠤᠶᠢᠵᠢᠭᠤᠯᠤᠯᠳᠠ ᠶᠢᠨ ᠲᠠᠪᠴᠠᠩ︾ ᠵᠡᠷᠭᠡ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠦ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ | ᠠᠬᠢᠭᠤᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ | ᠬᠡᠷᠡᠭᠯᠡᠭᠡᠨ ᠤ ᠳᠠᠶᠢᠴᠢᠯᠠᠬᠤ ᠦᠢᠯᠡᠳᠦᠯ ᠢ ᠦᠷᠭᠡᠳᠭᠡᠨ᠎ᠡ᠃ ︽ᠬᠤᠤᠰ ᠣᠷᠴᠢᠯ︾ ᠤᠨ ᠪᠠᠶᠢᠯᠳᠤᠬᠤ | ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠡᠵᠡᠮᠳᠡᠨ᠂ ᠮᠠᠨ ᠤ ᠠᠶᠢᠮᠠᠭ ᠤᠨ ᠭᠤᠣᠯ ᠠᠵᠤ ᠦᠢᠯᠡᠳᠪᠦᠷᠢ ᠶᠢᠨ | ᠪᠦᠲᠦᠭᠡᠭᠳᠡᠬᠦᠨ ᠤ ᠬᠠᠩᠭᠠᠨ ᠪᠣᠷᠣᠯᠠᠭᠤᠯᠬᠤ ᠵᠠᠮ ᠮᠥᠷ ᠢ ᠢᠳᠡᠪᠬᠢᠲᠡᠢ ᠥᠷᠭᠡᠳᠬᠡᠨ᠂ ᠲᠡᠮᠦᠷᠯᠢᠭ ᠨᠠᠲᠷᠢ᠂ | ᠢᠨᠳᠢᠭᠤ ᠬᠦᠬᠡ᠂ ᠨᠡᠬᠦᠷᠡᠰᠦᠳᠦ᠋ᠷᠦᠭᠴᠢᠲᠦ ᠮᠠᠲ᠋ᠧᠷᠢᠶᠠᠯ ᠵᠡᠷᠭᠡ ᠳᠠᠪᠠᠭᠤᠯᠢᠭ ᠦᠢᠯᠡᠳᠬᠦᠨ ᠤ ᠠᠵᠤ ᠦᠢᠯᠡᠰ ᠤᠨ | ᠬᠠᠮᠳᠤᠷᠠᠯ ᠬᠤᠯᠪᠣᠭ᠎ᠠ ᠶᠢ ᠰᠦᠪᠡᠭᠴᠢᠯᠡᠨ ᠪᠠᠶᠢᠭᠤᠯᠵᠦ᠂ ᠵᠠᠬ᠎ᠠ ᠳᠡᠯᠭᠡᠭᠦᠷ ᠲᠠᠬᠢ ᠦᠭᠡ ᠶᠠᠷᠢᠵᠦ ᠨᠦᠯᠦᠭᠡᠯᠡᠭᠦ | ᠡᠷᠬᠡ ᠶᠢ ᠨᠡᠮᠡᠭᠳᠡᠭᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ | ᠲᠦᠷᠭᠡᠳᠬᠡᠨ᠂ ᠪᠣᠭᠤᠮᠲᠠ ᠶᠢᠨ ᠠᠵᠤ ᠠᠬᠤᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠰᠠᠩ | ᠬᠥᠮᠥᠷᠭᠡ᠂ ᠪᠠᠷᠠᠭᠠᠨ ᠤ ᠭᠦᠢᠯᠭᠡᠭᠡ ᠵᠡᠷᠭᠡ ᠬᠠᠮᠢᠶ᠎ᠠ ᠪᠦᠬᠦᠢ ᠦᠢᠯᠡᠴᠢᠯᠡᠭᠡᠨ ᠤ ᠦᠢᠯᠡᠰ ᠢ ᠦᠳᠲᠡᠷ ᠲᠦᠷᠭᠡᠨ | ᠪᠠᠶᠢᠷᠢᠰᠢᠭᠤᠯᠵᠦ᠂ ᠳᠤᠮᠤ ᠬᠡᠯᠪᠡᠷᠢ ᠶᠢᠨ ᠬᠦᠢᠯᠭᠡᠭᠡᠨ ᠤ ᠠᠵᠦ ᠠᠬᠤᠶᠢᠯᠠᠯ ᠢ ᠢᠲᠡᠪᠬᠢᠳᠠᠢ ᠤᠷᠢᠨ ᠣᠷᠣᠭᠤᠯᠣᠨ᠎ᠠ᠃ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠢᠳᠡᠭᠡᠨ ᠤᠮᠳᠠᠭᠠᠨ᠂ ᠪᠠᠭᠤᠳᠠᠯ᠂ ᠶᠡᠷᠦᠩᠬᠡᠶᠢᠯᠡᠭᠰᠡᠨ ᠴᠢᠯᠥᠭᠡᠲᠦ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ | ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠶᠢᠨ ᠳᠦᠷᠢᠮᠵᠢᠯᠲᠡ᠂ ᠪᠠᠷᠢᠮᠵᠢᠶᠠᠵᠢᠯᠲᠠ ᠶᠢᠨ ᠬᠢᠷᠢ ᠲᠦᠪᠰᠢᠨ ᠢ | ᠳᠡᠭᠡᠭᠰᠢᠯᠡᠬᠦᠯᠵᠦ᠂ ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠬᠦᠭᠵᠢᠬᠦᠯᠵᠦ᠂ | ᠰᠦᠯᠵᠢᠶᠡᠨ ᠤ ᠪᠠ ᠰᠦᠯᠵᠢᠶᠡᠨ ᠤ ᠪᠤᠰᠤ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠦᠭᠵᠢᠯᠲᠡ ᠶᠢ ᠬᠦᠨᠵᠡᠭᠡᠶᠢᠷᠡᠬᠦᠯᠵᠦ᠂ ᠬᠠᠲᠤᠨ ᠭᠤᠣᠯ ᠤᠨ ︽几︾ | ᠦᠰᠦᠭ ᠤᠨ ᠲᠤᠬᠤᠢ ᠶᠢᠨ ᠰᠣᠶᠣᠯ ᠵᠢᠭᠤᠯᠴᠢᠯᠠᠯ ᠤᠨ ᠪᠦᠰᠡ ᠳᠤ ᠢᠳᠡᠪᠬᠢᠲᠡᠢ ᠠᠭᠤᠰᠤᠯᠴᠠᠵᠤ᠂ ᠤᠯᠤᠰ ᠤᠨ | ᠳᠡᠰ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠪᠠ ᠪᠠᠶᠠᠨᠬᠤᠲᠠ ᠶᠢᠨ | ᠦᠪᠡᠷᠲᠡᠭᠡᠨ ᠵᠠᠰᠠᠬᠤ ᠤᠷᠤᠨ ᠤ ᠳᠡᠰ ᠤᠨ ᠵᠢᠭᠤᠯᠴᠢᠯᠠᠨ ᠰᠡᠯᠡᠬᠦᠴᠡᠬᠦ ᠤᠷᠤᠨ ᠢ ᠲᠦᠷᠭᠡᠳᠭᠡᠨ ᠪᠠᠶᠢᠭᠤᠯᠤᠨ᠎ᠠ᠃ | ᠠᠵᠦ ᠠᠬᠤᠢ ᠶᠢᠨ ᠲᠤᠬᠢᠷᠠᠭᠤᠯᠤᠯᠲᠠ ᠶᠢᠨ ᠦᠢᠯᠡᠳᠦᠯ ᠢ ᠴᠢᠩᠭᠠᠳᠬᠠᠨ᠎ᠠ᠃ ᠨᠢᠭᠡ ᠳᠤ ᠨᠢᠭᠡ ᠂ ᠴᠡᠭ ᠠᠴᠠ | ᠴᠡᠭ ᠤᠨ ᠳᠠᠭᠠᠭᠠᠴᠢᠯᠠᠨ ᠬᠠᠷᠢᠯᠴᠠᠬᠤ ᠠᠵᠤ ᠠᠬᠤᠶᠢᠯᠠᠯ ᠤᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠴᠠᠭ | ᠲᠤᠬᠠᠢ ᠳᠤᠨᠢ ᠬᠢᠨᠠᠨ ᠪᠠᠶᠢᠴᠠᠭᠠᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠨ ᠵᠤᠬᠢᠴᠠᠭᠤᠯᠵᠦ᠂ | ᠨᠠᠷᠢᠯᠢᠭ ᠣᠨᠣᠪᠴᠢᠲᠠᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ | ᠲᠣᠭᠲᠠᠭᠤᠨ ᠡᠷᠭᠢᠯᠲᠡ ᠶᠢ ᠪᠠᠲᠤᠯᠠᠨ᠎ᠠ᠃ ᠬᠡᠪᠴᠢᠶᠠᠵᠢᠭ᠍ᠰᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ | 10% ᠠᠴᠠ ᠳᠡᠭᠡᠭᠰᠢ ᠨᠡᠮᠡᠭᠳᠡᠬᠦᠯᠬᠦ ᠶᠢ ᠪᠡᠶᠡᠯᠡᠬᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠴᠢᠯᠡᠭᠡ ᠶᠢ | ᠴᠢᠩᠭᠠᠳᠬᠠᠵᠤ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠪᠠᠭ᠎ᠠ ᠠᠵᠦ ᠠᠬᠤᠶᠢᠯᠠᠯ ᠤᠨ ᠪᠤᠶᠢᠵᠢᠭᠤᠯᠬᠤ | ᠢᠨᠵᠧᠨᠧᠷᠢᠩ ᠢ ᠬᠡᠷᠡᠭᠵᠢᠭᠦᠯᠵᠦ᠂ ︽ᠳᠠᠭᠠᠭᠠᠨ ᠪᠠᠲᠤᠯᠠᠬᠤ ᠳᠤ ᠳᠣᠰᠠᠯᠠᠬᠤ ᠮᠦᠩᠬᠦ︾ ᠶᠢᠨ ᠵᠢᠭᠡᠯᠡᠯᠭᠡ ᠶᠢᠨ | ᠬᠡᠮᠵᠢᠶ᠎ᠡ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠬᠡᠪᠴᠢᠶ᠎ᠡ ᠶᠢ ᠦᠷᠬᠦᠯᠵᠢᠯᠡᠨ ᠦᠷᠭᠡᠳᠭᠡᠵᠦ᠂ ᠳᠤᠮᠳᠠ | ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠮᠥᠩᠭᠦᠨ ᠭᠦᠢᠯᠭᠡᠭᠡᠨ ᠤ ᠲᠦᠭᠰᠢᠭᠦᠷᠢ ᠶᠢᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠦ᠂ ᠲᠠᠢ ᠰᠢ᠂ ᠴᠢᠩ | ᠬᠤᠸᠠ ᠵᠡᠷᠭᠡ ᠠᠵᠤ ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ ᠡᠶᠡᠳᠡᠬᠦᠯᠦᠨ ᠰᠢᠢᠳᠪᠦᠷᠢᠯᠡᠬᠦ ᠶᠢ ᠦᠷᠭᠦᠯᠵᠢᠯᠡᠨ | ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢᠨ ᠨᠠᠮᠳᠠᠯᠲᠠ ᠶᠢ | ᠲᠦᠯᠬᠢᠨ ᠠᠬᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠵᠢᠭᠡᠯᠡᠯᠭᠡ ᠬᠢᠬᠦ᠂ ᠮᠠᠯᠵᠢᠬᠤ | ᠲᠠᠷᠢᠶᠠᠯᠠᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ | ᠶᠣᠰᠣᠭᠠᠷ ᠡᠷᠡᠰ ᠰᠢᠢᠳᠪᠦᠷᠢᠯᠡᠨ᠎ᠡ᠃ | ᠲᠠᠪᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠭᠤᠶᠢᠪᠢᠰᠢ ᠦᠭᠡᠢ ᠠᠬᠢᠭᠤᠯᠤᠨ᠎ᠠ | ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠦᠷ᠎ᠠ ᠪᠦᠲᠦᠮᠵᠢ ᠪᠠ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ ᠠᠵᠢᠯ ᠤᠨ ᠪᠦᠲᠦᠮᠵᠢᠲᠠᠢ ᠠᠪᠴᠠᠯᠳᠣᠯ ᠢ ᠪᠠᠬᠢᠵᠢᠬᠦᠯᠦᠨ ᠦᠷᠭᠡᠳᠬᠡᠵᠦ᠂ ᠶᠠᠳᠠᠭᠤ | ᠠᠴᠠ ᠠᠩᠬᠢᠵᠢᠷᠠᠭᠤᠯᠬᠤ 5 ᠵᠢᠯ ᠤᠨ ᠬᠤᠭᠤᠴᠠᠭᠠᠨ ᠳᠤ ︽ᠲᠦᠷᠪᠠ ᠶᠢ ᠲᠠᠶᠠᠭᠳᠠᠬᠤ ᠦᠭᠡᠢ︾ ᠪᠠᠶᠢᠬᠤ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠦ᠂ ᠳᠠᠬᠢᠨ ᠶᠠᠳᠠᠭᠤᠷᠠᠬᠤ ᠦᠵᠡᠭᠳᠡᠯ ᠢ ᠡᠷᠡᠰ ᠬᠤᠷᠢᠭᠯᠠᠵᠦ᠂ ᠮᠠᠯᠵᠢᠬᠤ ᠲᠠᠷᠢᠶᠠᠯᠠᠬᠤ | ᠤᠷᠤᠨ ᠤ ᠬᠦᠭᠵᠢᠯᠳᠡ ᠶᠢᠨ ᠲᠤᠳᠠᠮᠠᠭ ᠲᠡᠯ᠎ᠠ ᠶᠢᠨ ᠨᠦᠬᠦᠪᠦᠷᠢᠯᠡᠯᠳᠡ ᠶᠢ ᠲᠦᠷᠭᠡᠳᠭᠡᠵᠦ᠂ ᠮᠠᠯᠵᠢᠬᠤ ᠲᠠᠷᠢᠶᠠᠯᠠᠬᠤ | ᠤᠷᠤᠨ ᠤ ᠦᠢᠯᠡᠳᠪᠤᠷᠢᠯᠠᠯ ᠤᠨ ᠦᠷ᠎ᠠ ᠪᠦᠳᠦᠮᠵᠢ᠂ ᠮᠠᠯᠵᠢᠬᠤ ᠲᠠᠷᠢᠶᠠᠯᠠᠬᠤ ᠤᠷᠤᠨ ᠤ ᠠᠮᠢᠲᠤᠷᠠᠯ ᠤᠨ ᠠᠷᠭ᠎ᠠ | ᠭᠡᠯᠪᠠᠷᠢ ᠶᠢᠨ ᠰᠢᠨ᠎ᠠ ᠠᠬᠢᠯᠳᠠ ᠶᠢ ᠬᠦᠴᠦᠯᠠᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠤᠷᠢᠯᠠᠯ ᠤᠨ ᠶᠠᠰᠤ ᠴᠢᠨᠠᠷ ᠢ ᠲᠡᠭᠡᠭᠰᠢᠯᠡᠬᠦᠯᠦᠨ ᠦᠷ᠎ᠠ ᠠᠰᠢᠭ ᠢ ᠨᠡᠮᠡᠭᠳᠡᠬᠦᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠤᠲᠤᠬᠢᠴᠢᠯᠠᠭᠰᠠᠨ ᠠᠵᠤ ᠦᠢᠯᠡᠰᠵᠢᠭᠰᠡᠨ ᠬᠦᠭᠵᠢᠯᠳᠡ ᠶᠢᠨ ᠬᠢᠷᠢ ᠲᠦᠪᠰᠢᠨ ᠪᠠ ᠦᠷᠢᠰᠦᠯᠲᠤᠭᠡᠨ ᠤ | ᠬᠦᠴᠦᠨ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠮᠠᠯᠵᠢᠯ ᠢᠶᠠᠷ ᠲᠡᠷᠢᠶᠠᠯᠠᠩ ᠢ ᠠᠬᠢᠭᠤᠯᠬᠤ᠂ ᠲᠠᠷᠢᠶᠠᠯᠠᠩ ᠮᠠᠯ ᠠᠵᠦ | ᠠᠬᠤᠢ ᠶᠢ ᠤᠶᠠᠯᠲᠤᠭᠤᠯᠬᠤ᠂ ᠤᠷᠴᠢᠯᠲᠤᠭᠤᠯᠤᠨ ᠬᠦᠭᠵᠢᠬᠦᠯᠬᠦ ᠦᠢᠯᠡᠳᠪᠤᠷᠢᠯᠠᠯ ᠤᠨ ᠰᠢᠰᠲ᠋ᠧᠮᠵᠢ ᠶᠢ | ᠲᠦᠷᠭᠡᠳᠭᠡᠨ ᠪᠠᠶᠢᠭᠤᠯᠵᠦ᠂ ᠢᠩᠭᠡ ᠦᠨᠢᠶᠠᠨ ᠰᠦᠨ ᠤ ᠠᠵᠤ ᠦᠢᠯᠡᠰ᠂ ᠮᠠᠯ ᠲᠡᠮᠡᠭᠡ ᠶᠢᠨ ᠨᠤᠯᠤᠤᠷ᠂ ᠴᠠᠭᠠᠨ | ᠭᠤᠶᠤᠤ ᠤᠯᠠᠭᠠᠨ ᠭᠤᠶᠤᠤ ᠵᠡᠷᠭᠡ ᠳ᠋ᠦᠩᠰᠢᠭᠤᠷ ᠲᠦᠬᠦᠷᠢᠭ ᠤᠨ ᠲᠡᠰ ᠪᠦᠬᠦᠢ ᠤᠷᠤᠨ ᠪᠦᠰᠡ ᠶᠢᠨ ᠴᠢᠨᠠᠷᠲᠡᠢ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ 11 ᠴᠤᠭᠯᠠᠷᠠᠯ ᠢ ᠰᠢᠯᠢᠳᠡᠭᠵᠢᠬᠦᠯᠦᠨ ᠪᠤᠵᠠᠭᠠᠶᠢᠷᠠᠭᠤᠯᠤᠨ᠎ᠠ᠃ | ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠲᠡᠵᠢᠭᠡᠯ ᠪᠤᠷᠲᠤᠭᠠᠨ ᠤ ᠲᠠᠷᠢᠮᠠᠯ ᠤᠨ ᠪᠦᠲᠤᠴᠠ ᠶᠢ | ᠲᠤᠬᠢᠷᠠᠭᠤᠯᠤᠨ ᠰᠢᠯᠢᠳᠡᠭᠵᠢᠬᠦᠯᠵᠦ᠂ ᠤᠷᠭᠠᠨᠢᠭ ᠪᠤᠭᠤᠲᠡᠢ᠂ ᠤᠷᠭᠠᠨᠢᠭ ᠨᠠᠷᠢᠮᠤ᠂ ᠴᠢᠨᠠᠷᠯᠢᠭ ᠴᠠᠷᠭᠠᠰᠤ ᠪᠠ | ᠨᠣᠳᠤᠭ ᠤᠨ ᠮᠤᠩᠭᠤᠯ ᠬᠢᠳᠠᠳ ᠡᠮ ᠤᠨ ᠮᠠᠲ᠋ᠧᠷᠢᠶᠠᠯ ᠢ ᠦᠷᠭᠡᠨ ᠢᠶᠠᠷ ᠲᠡᠯᠭᠡᠷᠡᠬᠦᠯᠵᠦ᠂ ᠤᠷᠭᠠᠨᠢᠭ ᠲᠠᠷᠢᠶᠠᠯᠠᠩ ᠤᠨ | ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠬᠦᠴᠦᠯᠠᠨ ᠪᠠᠶᠢᠭᠤᠯᠵᠦ᠂ ᠠᠮᠤ ᠪᠤᠳᠠᠭᠠᠨ ᠤ ᠲᠡᠷᠢᠮᠠᠯ ᠤᠨ ᠲᠠᠯᠠᠪᠠᠢ ᠶᠢ | 25 ᠲᠦᠮᠠᠨ ᠮᠤ᠋ ᠶᠢᠨ ᠲᠤᠲᠤᠷ᠎ᠠ ᠲᠤᠭᠳᠠᠪᠤᠷᠢᠵᠢᠭᠤᠯᠬᠤ ᠶᠢ ᠦᠨ᠋ᠨᠨᠬᠦ ᠪᠠᠲᠤᠯᠠᠨ᠎ᠠ᠃ ᠶᠠᠰᠤ ᠴᠢᠨᠠᠷ᠂ ᠲᠦᠷᠦᠯ | ᠲᠡᠮᠳᠡᠭ᠂ ᠦᠷ᠎ᠠ ᠠᠰᠢᠭ ᠭᠤᠷᠪᠠ ᠶᠢ ᠨᠢᠭᠡ ᠴᠤᠭᠴᠠᠵᠢᠭᠤᠯᠤᠭᠰᠠᠨ ᠮᠠᠯ ᠠᠵᠤ ᠠᠬᠤᠢ ᠶᠢᠨ ᠬᠦᠭᠵᠢᠯᠳᠡ ᠶᠢᠨ | ᠰᠢᠰᠲ᠋ᠧᠮᠵᠢ ᠶᠢ ᠪᠠᠶᠢᠭᠤᠯᠵᠦ᠂ ᠤᠷᠤᠨ ᠨᠤᠲᠤᠭ ᠤᠨ ᠲᠠᠪᠠᠭᠤᠯᠢᠭ ᠲᠠᠢ ᠮᠠᠯ ᠤᠨ ᠡᠬᠦᠯᠳᠡᠷ ᠢ ᠬᠠᠮᠠᠭᠠᠯᠠᠬᠤ ᠶᠢ | ᠴᠢᠩᠭᠠᠳᠬᠠᠵᠦ᠂ ᠴᠢᠨᠠᠷᠯᠢᠭ ᠴᠠᠭᠠᠨ ᠨᠤᠯᠤᠤᠷᠲᠤ ᠢᠮᠠᠭᠠᠨ ᠤ ᠭᠤᠷᠪᠠᠨ ᠲᠡᠰ ᠤᠨ ᠦᠷᠡᠵᠢᠬᠦᠯᠬᠦ ᠰᠢᠰᠲ᠋ᠧᠮᠵᠢ ᠶᠢᠨ | ᠪᠠᠶᠢᠭᠤᠯᠤᠯᠳᠠ ᠶᠢ ᠦᠷᠬᠦᠯᠵᠢᠯᠠᠨ ᠠᠬᠢᠭᠤᠯᠵᠦ᠂ ᠪᠦᠬᠦ ᠤᠯᠤᠰ ᠤᠨ ᠬᠠᠮᠤᠭ ᠤᠨ ᠶᠡᠭᠡ ᠲᠡᠮᠡᠭᠡᠨ ᠤ ᠰᠢᠨᠵᠢᠯᠠᠬᠦ | ᠤᠬᠠᠭᠠᠨ ᠤ ᠰᠤᠲᠤᠯᠭᠠᠨ ᠪᠠ ᠠᠵᠤ ᠦᠢᠯᠡᠰ ᠤᠨ ᠬᠦᠭᠵᠢᠯᠳᠡ ᠶᠢᠨ ᠰᠢᠨ᠎ᠠ ᠶᠢ ᠡᠬᠦᠳᠬᠦ ᠰᠠᠭᠤᠷᠢᠨ ᠭᠠᠵᠠᠷ ᠢ | ᠬᠦᠴᠦᠯᠠᠨ ᠪᠠᠶᠢᠭᠤᠯᠤᠨ᠎ᠠ᠃ ᠮᠠᠯᠵᠢᠬᠤ ᠲᠡᠷᠢᠶᠠᠯᠠᠬᠤ ᠤᠷᠤᠨ ᠤ ᠲᠦᠷᠢ ᠲᠦᠷᠬᠦ ᠶᠢ ᠦᠭᠡᠷᠡᠴᠢᠯᠠᠨ ᠰᠠᠶᠢᠵᠢᠷᠠᠭᠤᠯᠬᠤ | ᠳᠤ ᠭᠤᠤᠯ ᠬᠦᠴᠦ ᠪᠠᠨ ᠲᠠᠯᠪᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠰᠤᠨ ᠤ ᠬᠠᠩᠭᠠᠯᠳᠠ ᠶᠢᠨ ᠪᠠᠲᠤᠯᠠᠭ᠎ᠠ | ᠶᠢᠨ ᠢᠨᠵᠧᠨᠧᠷᠢᠩ ᠢ ᠭᠡᠷᠡᠭᠵᠢᠬᠦᠯᠵᠦ᠂ ︽ᠲᠦᠷᠪᠠᠨ ᠰᠠᠶᠢᠨᠳᠠᠢ ᠬᠦᠳᠡᠭᠡ ᠲᠤᠰᠬᠤᠨ ᠤ ᠵᠠᠮ︾ ᠤᠨ ᠪᠦᠲᠤᠭᠡᠨ | ᠪᠠᠶᠢᠭᠤᠯᠤᠯᠳᠠ ᠪᠠ ᠮᠠᠯᠵᠢᠬᠤ ᠲᠡᠷᠢᠶᠠᠯᠠᠬᠤ ᠤᠷᠤᠨ ᠤ ᠴᠠᠬᠢᠯᠭᠠᠨ ᠲᠤᠤᠷ ᠤᠨ ᠦᠭᠡᠷᠡᠴᠢᠯᠠᠯᠳᠠ ᠶᠢ ᠲᠦᠷᠭᠡᠳᠭᠡᠵᠦ᠂ | ᠳᠣᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠵᠦ ᠵᠤᠷᠯᠤᠩ ᠢ ᠰᠢᠨᠡᠳᠭᠡᠬᠦ ᠪᠠ ᠬᠤᠭ ᠨᠤᠪᠰᠢ ᠶᠢ ᠬᠠᠶᠠᠬᠤ᠂ | ᠪᠤᠬᠢᠷ ᠤᠰᠤ ᠶᠢ ᠰᠢᠢᠳᠪᠤᠷᠢᠯᠠᠬᠦ ᠠᠵᠢᠯ ᠢ ᠲᠦᠯᠬᠢᠨ ᠠᠬᠢᠭᠤᠯᠵᠦ᠂ ᠬᠠᠮᠢᠶᠠᠷᠴᠦ ᠬᠠᠮᠠᠭᠠᠯᠠᠬᠤ ᠤᠷᠲᠤ | ᠬᠤᠭᠤᠴᠠᠭᠠᠨ ᠤ ᠪᠦᠲᠤᠮᠵᠢᠲᠤ ᠲᠤᠭᠳᠠᠴᠠ ᠶᠢ ᠲᠡᠬᠦᠯᠳᠡᠷᠵᠢᠬᠦᠯᠵᠦ᠂ ᠪᠦᠬᠦ ᠲᠠᠯ᠎ᠠ ᠪᠠᠷ ᠴᠢᠨᠠᠭᠡᠯᠢᠭᠵᠢᠬᠦᠯᠬᠦ ᠲᠠᠢ | ᠬᠠᠷᠢᠯᠴᠠᠨ ᠲᠤᠬᠢᠷᠠᠯᠴᠠᠭᠰᠠᠨ ᠬᠦᠳᠡᠭᠡ ᠲᠤᠰᠬᠤᠨ ᠤ ᠤᠷᠴᠢᠨ ᠲᠤᠭᠤᠷᠢᠨ ᠢ ᠬᠦᠴᠦᠯᠠᠨ ᠪᠣᠢ ᠪᠣᠯᠭᠠᠨ᠎ᠠ᠃ | ᠵᠢᠷᠭᠤᠭ᠎ᠠ᠂ ᠨᠢᠭᠡᠲᠤᠯᠲᠡᠢ ᠲᠦᠯᠦᠪᠯᠠᠨ ᠨᠠᠶᠢᠳᠠᠮ ᠳᠤᠨᠢ ᠬᠠᠷᠠᠭᠠᠯᠵᠠᠵᠦ ᠠᠷᠠᠳ ᠤᠨ ᠠᠮᠢᠲᠤᠷᠠᠯ ᠢ | ᠰᠠᠶᠢᠵᠢᠷᠠᠭᠤᠯᠣᠨ᠎ᠠ | ᠠᠷᠠᠳ ᠲᠦᠮᠠᠨ ᠢ ᠲᠡᠭᠡᠲᠤᠯᠠᠬᠦ ᠶᠢ ᠪᠠᠷᠢᠮᠳᠠᠯᠠᠵᠦ᠂ ᠠᠷᠠᠳ ᠤᠨ ᠠᠮᠢᠲᠤᠷᠠᠯ ᠤᠨ ᠲᠦᠷᠦᠯ ᠵᠦᠢᠯ᠂ ᠠᠷᠠᠳ | ᠤᠨ ᠠᠮᠢᠲᠤᠷᠠᠯ ᠤᠨ ᠠᠵᠢᠯ ᠦᠢᠯᠡᠰ ᠤᠨ ᠰᠢᠨ᠎ᠠ ᠱᠠᠲᠤᠨ ᠳᠤ ᠤᠷᠤᠬᠤ ᠶᠢ ᠠᠬᠢᠭᠤᠯᠵᠦ᠂ ᠬᠠᠮᠳᠣ ᠪᠠᠷ ᠡᠳ᠋ᠯᠡᠬᠦ | ᠬᠦᠭᠵᠢᠯᠳᠡ ᠶᠢ ᠪᠣᠳᠠᠳᠠᠶᠢᠵᠢᠭᠤᠯᠣᠨ ᠨᠠᠶᠢᠳᠠᠪᠤᠷᠢᠵᠢᠭᠤᠯᠤᠨ᠎ᠠ᠃ ᠰᠤᠷᠭᠠᠨ ᠬᠦᠮᠦᠵᠢᠯ ᠢ ᠡᠩ ᠲᠡᠷᠢᠬᠦᠨ ᠳᠤ | ᠬᠦᠭᠵᠢᠬᠦᠯᠬᠦ ᠶᠢ ᠬᠦᠴᠦᠯᠠᠨ ᠠᠬᠢᠭᠤᠯᠵᠦ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠲᠤᠨ ᠤ ᠨᠢᠭᠡᠲᠤᠯᠲᠡᠢ ᠪᠠᠶᠢᠷᠢᠯᠠᠭᠤᠯᠤᠯᠳᠠ ᠶᠤᠰᠤᠭᠠᠷ᠂ ᠦᠨᠲᠤᠰᠤᠳᠠᠨ ᠤ ᠭᠡᠯᠨ ᠪᠠᠷ ᠬᠢᠴᠢᠶᠠᠯᠯᠠᠬᠦ ᠰᠤᠷᠭᠠᠭᠤᠯᠢ | ᠳᠤ ᠤᠯᠤᠰ ᠤᠨ ᠨᠢᠭᠡᠲᠤᠯᠲᠡᠢ ᠨᠠᠶᠢᠷᠠᠭᠤᠯᠤᠭᠰᠠᠨ ᠭᠤᠷᠪᠠᠨ ᠬᠢᠴᠢᠶᠠᠯ ᠲᠦᠷᠦᠯ ᠤᠨ ᠵᠢᠭᠠᠬᠤ ᠮᠠᠲ᠋ᠧᠷᠢᠶᠠᠯ ᠢ ᠭᠡᠷᠡᠭᠯᠡᠬᠦ | ᠶᠢ ᠡᠷᠡᠰ ᠶᠠᠪᠤᠭᠳᠠᠭᠤᠯᠵᠦ᠂ ᠡᠯ᠎ᠠ ᠱᠠᠲᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠢ ᠴᠢᠨᠠᠷᠯᠢᠭ | ᠲᠡᠩᠴᠡᠬᠦᠷᠢᠲᠡᠢ ᠪᠠᠷ ᠬᠦᠭᠵᠢᠬᠦᠯᠬᠦ ᠶᠢ ᠨᠢᠭᠡᠲᠤᠯᠲᠡᠢ ᠲᠦᠯᠦᠪᠯᠡᠵᠦ ᠠᠬᠢᠭᠤᠯᠤᠨ᠎ᠠ᠃ ᠠᠶᠢᠮᠠᠭ ᠤᠨ ᠨᠢᠭᠡᠲᠤᠭᠡᠷ | ᠲᠤᠮᠳᠠᠲᠤ ᠰᠤᠷᠭᠠᠭᠤᠯᠢ ᠶᠢᠨ ᠰᠢᠨ᠎ᠠ ᠲᠤᠭᠤᠷᠢᠭ ᠢ 9 ᠰᠠᠷ᠎ᠠ ᠶᠢᠨ 1 ᠤ ᠡᠲᠤᠷ ᠠᠰᠢᠭᠯᠠᠯᠳᠠ ᠳᠤ ᠤᠷᠤᠭᠤᠯᠬᠤ ᠶᠢ | ᠦᠨ᠋ᠨᠨᠬᠦ ᠪᠠᠲᠤᠯᠠᠵᠦ᠂ ᠠᠯᠠᠱᠨ ᠵᠡᠬᠦᠨ ᠬᠤᠰᠢᠭᠤᠨ ᠤ ᠲᠠᠪᠤᠲᠤᠭᠠᠷ ᠪᠠᠭ᠎ᠠ ᠰᠤᠷᠭᠠᠭᠤᠯᠢ ᠪᠠ ᠠᠯᠠᠱᠨ ᠶᠢᠨ ᠲᠡᠭᠡᠲᠤ | ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠤ ᠬᠤᠶᠠᠲᠤᠭᠠᠷ ᠪᠠᠭ᠎ᠠ ᠰᠤᠷᠭᠠᠭᠤᠯᠢ ᠶᠢᠨ | ᠪᠦᠲᠤᠭᠡᠨ ᠪᠠᠶᠢᠭᠤᠯᠤᠯᠳᠠ ᠶᠢ ᠲᠦᠷᠭᠡᠳᠭᠡᠵᠦ᠂ 5 ᠴᠡᠴᠡᠷᠯᠢᠭ ᠢ ᠰᠢᠨ᠎ᠠ ᠪᠠᠷ ᠪᠠᠶᠢᠭᠤᠯᠬᠤ ᠪᠠ ᠦᠭᠡᠷᠡᠴᠢᠯᠠᠨ | ᠪᠠᠶᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠪᠠᠭ᠎ᠠ ᠭᠡᠪᠴᠢᠶᠠᠨ ᠤ ᠰᠤᠷᠭᠠᠭᠤᠯᠢ ᠪᠠ ᠰᠤᠮᠤ ᠪᠠᠯᠭᠠᠰᠤᠨ ᠤ | ᠪᠠᠶᠢᠷᠢ ᠳᠤ ᠰᠠᠭᠤᠬᠤ ᠲᠦᠷᠢᠮᠲᠤ ᠰᠤᠷᠭᠠᠭᠤᠯᠢ ᠶᠢᠨ ᠰᠤᠷᠭᠠᠭᠤᠯᠢ ᠡᠷᠬᠢᠯᠠᠬᠦ ᠶᠠᠰᠤ ᠴᠢᠨᠠᠷ ᠢ ᠲᠡᠭᠡᠭᠰᠢᠯᠡᠬᠦᠯᠦᠨ᠎ᠠ᠃ | ᠬᠦᠳᠡᠯᠮᠤᠷᠢ ᠠᠵᠢᠯ ᠤᠯᠭᠤᠯᠳᠠ ᠶᠢᠨ ᠶᠠᠰᠤ ᠴᠢᠨᠠᠷ ᠢ ᠬᠦᠴᠦᠯᠠᠨ ᠲᠡᠭᠡᠭᠰᠢᠯᠡᠬᠦᠯᠵᠦ᠂ ︽ᠠᠵᠢᠯ ᠳᠦᠷᠦᠯ ᠤᠨ | ᠮᠡᠷᠭᠡᠵᠢᠯ ᠴᠢᠳᠠᠪᠤᠷᠢ ᠶᠢ ᠲᠡᠭᠡᠭᠰᠢᠯᠡᠬᠦᠯᠬᠦ ᠠᠵᠢᠯᠯᠠᠭ᠎ᠠ︾ ᠶᠢ ᠭᠡᠷᠡᠭᠵᠢᠬᠦᠯᠵᠦ᠂ ᠠᠵᠤ ᠠᠬᠤᠶᠢᠯᠠᠯ ᠤᠨ ︽ᠠᠵᠢᠯᠳᠠᠨ | ᠡᠯᠰᠡᠬᠦ ᠳᠤ ᠬᠦᠴᠢᠷ︾ ᠪᠠᠶᠢᠬᠤ ᠪᠠ ᠬᠦᠳᠡᠯᠮᠤᠷᠢᠯᠡᠭᠴᠢᠳ ᠤᠨ ︽ᠠᠵᠢᠯ ᠤᠯᠬᠤ ᠳᠤ ᠬᠦᠴᠢᠷ︾ ᠪᠠᠶᠢᠬᠤ | ᠪᠦᠲᠤᠴᠠ ᠶᠢᠨ ᠴᠢᠨᠠᠷᠲᠡᠢ ᠵᠦᠷᠢᠴᠠᠯ ᠢ ᠴᠢᠷᠮᠠᠶᠢᠨ ᠡᠶᠡᠳᠡᠬᠦᠯᠵᠦ᠂ ᠶᠡᠭᠡ ᠲᠡᠭᠡᠲᠤ ᠰᠤᠷᠭᠠᠭᠤᠯᠢ ᠠᠴᠠ ᠲᠡᠬᠦᠰᠦᠭᠰᠡᠨ | ᠰᠤᠷᠤᠭᠴᠢ᠂ ᠬᠦᠯᠦᠰᠤᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠳᠡᠢ ᠬᠦᠮᠦᠰ | ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠳᠠ ᠶᠢ ᠲᠤᠪᠤᠶᠢᠮ᠎ᠠ ᠰᠠᠶᠢᠲᠤᠷ ᠠᠳᠬᠤᠵᠦ᠂ ᠴᠠᠯᠢᠩ | ᠬᠦᠯᠦᠰᠤ ᠦᠷᠢᠲᠤᠬᠦ ᠶᠢ ᠦᠨᠲᠤᠰᠤᠨ ᠠᠴᠠ ᠨᠢ ᠵᠠᠰᠠᠬᠤ ᠠᠵᠢᠯ ᠢ ᠦᠷᠬᠦᠯᠵᠢᠯᠠᠨ ᠦᠷᠨᠢᠬᠦᠯᠵᠦ᠂ | ᠬᠦᠳᠡᠯᠮᠤᠷᠢᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠨᠠᠶᠢᠭᠡᠮ ᠤᠨ ᠪᠠᠲᠤᠯᠠᠭ᠎ᠠ ᠶᠢᠨ ᠬᠢᠷᠢ | ᠲᠦᠪᠰᠢᠨ ᠢ ᠬᠦᠴᠦᠯᠠᠨ ᠲᠡᠭᠡᠭᠰᠢᠯᠡᠬᠦᠯᠵᠦ᠂ ︽ᠪᠠᠲᠤᠯᠠᠬᠤ ᠶᠤᠰᠤᠲᠡᠢ ᠶᠢ ᠨᠢ ᠪᠦᠬᠦᠨ ᠢ ᠪᠠᠲᠤᠯᠠᠬᠤ︾ ᠶᠢ | ᠦᠷᠬᠦᠯᠵᠢᠯᠠᠨ ᠪᠠᠬᠢᠵᠢᠬᠦᠯᠵᠦ᠂ ᠪᠠᠲᠤᠯᠠᠭ᠎ᠠ ᠶᠢᠨ ᠬᠠᠷᠠᠭᠠᠯᠵᠠᠯ ᠢ ᠲᠤᠭᠳᠠᠭᠤᠨ ᠢᠶᠠᠷ ᠲᠡᠭᠡᠭᠰᠢᠯᠡᠬᠦᠯᠵᠦ᠂ ᠨᠠᠰᠤᠵᠢᠯ | ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠠᠶᠢᠵᠢᠷᠠᠭᠤᠯᠵᠦ᠂ ᠤᠨᠴᠠ ᠬᠦᠴᠢᠷᠳᠡᠯᠲᠡᠢ ᠬᠦᠮᠦᠰ ᠢ | ᠦᠨᠲᠤᠰᠤᠨ ᠠᠴᠠ ᠨᠢ ᠪᠠᠲᠤᠯᠠᠬᠤ ᠶᠢ ᠯᠠᠪᠳᠠᠭᠤᠨ ᠪᠠᠲᠤᠲᠡᠢ ᠰᠠᠶᠢᠲᠤᠷ ᠬᠢᠵᠦ᠂ ᠬᠤᠳᠠ ᠪᠠᠯᠭᠠᠰᠤ ᠶᠢᠨ ᠲᠦᠬᠦᠮ | ᠪᠦᠲᠤᠴᠠᠲᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠳᠡ ᠪᠠ ᠡᠩ ᠤᠨ ᠭᠡᠷ ᠪᠠᠶᠢᠰᠢᠩ ᠤᠨ | ᠲᠤᠭᠤᠷᠢᠭ ᠤᠨ ᠤᠷᠤᠨ ᠰᠠᠭᠤᠴᠠ ᠶᠢ ᠦᠭᠡᠷᠡᠴᠢᠯᠠᠨ ᠪᠠᠶᠢᠭᠤᠯᠬᠤ ᠠᠯᠬᠤᠴᠠ ᠶᠢ ᠲᠤᠭᠳᠠᠭᠤᠨ ᠢᠶᠠᠷ ᠠᠬᠢᠭᠤᠯᠵᠦ᠂ | ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠠᠨ ᠰᠢᠨᠡᠳᠭᠡᠬᠦ ᠶᠢ ᠦᠷᠬᠦᠯᠵᠢᠯᠠᠨ ᠠᠬᠢᠭᠤᠯᠤᠨ᠎ᠠ᠃ ᠡᠮ ᠡᠮᠨᠡᠯᠭᠡ | ᠡᠷᠡᠬᠦᠯ ᠬᠠᠮᠠᠭᠠᠯᠠᠯ ᠤᠨ ᠰᠢᠰᠲ᠋ᠧᠮᠵᠢ ᠶᠢ ᠬᠦᠴᠦᠯᠠᠨ ᠲᠡᠬᠦᠯᠳᠡᠷᠵᠢᠬᠦᠯᠵᠦ᠂ ︽ᠡᠷᠡᠬᠦᠯ ᠡᠩᠭᠡ ᠠᠯᠠᠱᠨ︾ ᠶᠢᠨ | ᠮᠡᠳᠡᠭᠡ ᠵᠠᠩᠬᠢ ᠶᠢᠨ ᠲᠠᠪᠴᠠᠩ ᠢ ᠲᠦᠷᠭᠡᠳᠭᠡᠨ ᠪᠠᠶᠢᠭᠤᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ | ᠪᠠ ᠪᠦᠬᠦ ᠠᠷᠠᠳ ᠤᠨ ᠡᠷᠡᠬᠦᠯ ᠴᠢᠬᠢᠷᠠᠭ ᠢ ᠬᠦᠨᠵᠡᠭᠡᠢ ᠠᠭᠤᠰᠤᠯᠴᠠᠭᠤᠯᠬᠤ ᠶᠢ ᠠᠬᠢᠭᠤᠯᠵᠦ᠂ ᠡᠯ᠎ᠠ ᠱᠠᠲᠤᠨ ᠤ ᠡᠮ | ᠡᠮᠨᠡᠯᠭᠡ ᠶᠢᠨ ᠪᠠᠶᠢᠭᠤᠯᠤᠮᠵᠢ᠂ ᠡᠪᠠᠳᠴᠢᠨ ᠡᠮᠭᠡᠭ ᠢ ᠰᠡᠷᠭᠡᠶᠢᠯᠡᠬᠦ ᠪᠠᠶᠢᠭᠤᠯᠤᠮᠵᠢ ᠶᠢᠨ ᠪᠠᠶᠢᠭᠤᠯᠤᠯᠳᠠ ᠶᠢᠨ | ᠬᠦᠴᠦᠯᠠᠴᠠ ᠶᠢ ᠨᠡᠮᠡᠭᠳᠡᠬᠦᠯᠵᠦ᠂ ᠡᠮ ᠡᠮᠨᠡᠯᠭᠡ ᠶᠢᠨ ᠡᠳ᠋ ᠪᠤᠳᠠᠰ ᠤᠨ ᠨᠦᠭᠡᠴᠡᠯᠡᠯᠳᠡ ᠶᠢᠨ ᠲᠦᠷᠢᠮ ᠢ | ᠪᠦᠷᠢᠨᠰᠢᠬᠦᠯᠦᠨ᠎ᠠ᠃ ᠠᠮᠤᠷ ᠲᠦᠪᠰᠢᠨ ᠲᠤᠭᠳᠠᠭᠤᠨ ᠪᠠᠶᠢᠬᠤ ᠪᠠᠲᠤᠯᠠᠭ᠎ᠠ ᠶᠢ ᠬᠦᠴᠦᠯᠠᠨ ᠴᠢᠩᠭᠠᠷᠠᠭᠤᠯᠵᠦ᠂ ᠠᠶᠣᠯ | ᠦᠬᠡᠢ ᠦᠢᠯᠡᠳᠪᠤᠷᠢᠯᠠᠯ ᠤᠨ ᠲᠤᠰᠬᠠᠢ ᠲᠦᠷᠦᠯ ᠤᠨ ᠵᠠᠰᠠᠨ ᠴᠡᠴᠡᠭᠯᠡᠯᠳᠡ ᠶᠢᠨ ᠭᠤᠷᠪᠠᠨ ᠵᠢᠯ ᠤᠨ ᠳᠦᠪᠯᠡᠷᠡᠬᠦᠯᠦᠨ | ᠰᠢᠪᠳᠣᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠦᠨ᠂ ᠪᠦᠬᠦ ᠤᠯᠤᠰ ᠤᠨ ᠪᠠᠶᠢᠭᠠᠯᠢ ᠶᠢᠨ ᠭᠠᠢ ᠭᠠᠮᠰᠢᠭ ᠤᠨ | ᠶᠠᠷᠤᠩᠭᠡᠶᠢᠯᠡᠭᠰᠡᠨ ᠠᠶᠤᠯ ᠲᠦᠭᠰᠢᠬᠦᠷᠢ ᠶᠢᠨ ᠨᠠᠶᠢᠳᠡᠮ ᠪᠠᠶᠢᠴᠠᠭᠠᠯᠳᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ | ᠠᠷᠭᠠᠴᠠᠭᠠᠨ ᠰᠡᠷᠡᠮᠵᠢᠯᠠᠬᠦᠯᠬᠦ ᠲᠤᠭᠳᠠᠴᠠ ᠶᠢ ᠲᠡᠬᠦᠯᠳᠡᠷᠵᠢᠬᠦᠯᠵᠦ᠂ ᠵᠦᠷᠢᠴᠠᠯ ᠵᠢᠭᠤᠷᠠᠯᠲᠤᠭᠠᠨ ᠢ ᠴᠠᠭ ᠲᠤᠬᠠᠢ | ᠳᠤᠨᠢ ᠪᠠᠶᠢᠴᠠᠭᠠᠨ ᠡᠶᠡᠳᠡᠬᠦᠯᠵᠦ᠂ ᠵᠠᠬ᠎ᠠ ᠲᠡᠯᠭᠡᠬᠦᠷ ᠤᠨ ᠡᠮᠬᠢ ᠲᠢᠭᠯᠢᠮ ᠢ ᠪᠦᠬᠦ ᠬᠦᠴᠦᠨ ᠢᠶᠠᠷ ᠬᠠᠮᠠᠭᠠᠯᠠᠵᠦ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨ᠋ᠨᠨ ᠬᠠᠮᠢᠶᠠᠷᠤᠯᠳᠠ ᠶᠢ ᠴᠢᠩᠭᠠᠳᠬᠠᠵᠦ᠂ ᠲᠤᠮᠳᠠᠲᠤ ᠶᠢᠨ | ᠦᠨᠲᠤᠰᠦᠳᠠᠨ ᠤ ᠬᠠᠮᠲᠤ ᠶᠢᠨ ᠴᠤᠭᠴᠠ ᠶᠢᠨ ᠣᠬᠠᠮᠰᠠᠷ ᠢ ᠪᠠᠳᠣᠳᠬᠠᠬᠤ ᠬᠦᠮᠦᠵᠢᠯ ᠢ ᠬᠦᠨᠵᠡᠭᠡᠶᠢᠷᠡᠬᠦᠯᠵᠦ᠂ | ᠦᠨᠲᠤᠰᠦᠳᠠᠨ ᠤ ᠪᠦᠯᠬᠦᠮᠳᠠᠯ ᠲᠠᠪᠰᠢᠯᠳᠠ ᠶᠢᠨ ᠡᠭᠦᠳᠦᠯᠳᠡ ᠶᠢ ᠤᠳᠠᠭᠠᠨ ᠲᠠᠭᠠᠭᠠᠮᠠᠭᠠᠢ ᠦᠷᠨᠢᠬᠦᠯᠵᠦ᠂ ᠰᠢᠨ᠎ᠠ | ᠴᠠᠭ ᠦᠶ᠎ᠠ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠠᠮᠲᠤ ᠶᠢᠨ ᠬᠦᠴᠦᠨ ᠢᠶᠠᠷ ᠬᠢᠯᠢ ᠬᠢᠵᠠᠭᠠᠷ ᠢᠶᠠᠨ | ᠬᠦᠴᠦᠷᠭᠡᠭᠵᠢᠬᠦᠯᠦᠨ ᠪᠠᠬᠢᠵᠢᠬᠦᠯᠬᠦ ᠶᠢ ᠦᠷᠬᠦᠯᠵᠢᠯᠠᠨ ᠴᠢᠩᠭᠠᠳᠬᠠᠵᠦ᠂ ᠡᠭᠡ ᠤᠯᠤᠰ ᠤᠨ ᠬᠢᠯᠢ ᠬᠢᠵᠠᠭᠠᠷ ᠢ ᠪᠦᠬᠦ | ᠬᠦᠴᠦᠨ ᠢᠶᠠᠷ ᠰᠠᠶᠢᠲᠤᠷ ᠰᠠᠬᠢᠨ ᠬᠠᠮᠠᠭᠠᠯᠠᠵᠦ᠂ ᠨᠠᠶᠢᠭᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠲᠤᠭᠳᠠᠭᠤᠨ ᠢ | ᠪᠠᠲᠤᠯᠠᠨ᠎ᠠ᠃ | ᠲᠤᠯᠤᠭ᠎ᠠ᠂ ᠵᠠᠰᠠᠭ ᠤᠨ ᠤᠷᠲᠤᠨ ᠤ ᠡᠬᠦᠷᠭᠡ ᠴᠢᠳᠠᠪᠬᠢ ᠶᠢ ᠡᠷᠡᠰ ᠭᠤᠶᠢᠪᠢᠰᠢ ᠦᠭᠡᠢ ᠬᠤᠪᠢᠷᠠᠭᠤᠯᠤᠨ᠎ᠠ | ᠠᠵᠢᠯ ᠤᠨ ᠰᠤᠷᠳᠠᠯ ᠢᠶᠠᠨ ᠬᠤᠪᠢᠷᠠᠭᠤᠯᠵᠦ᠂ ᠦᠷ᠎ᠠ ᠪᠦᠳᠦᠮᠵᠢ ᠪᠠᠨ ᠲᠡᠭᠡᠭᠰᠢᠯᠡᠬᠦᠯᠬᠦ ᠪᠠ ᠦᠢᠯᠡᠴᠢᠯᠡᠭᠡ | ᠪᠠᠨ ᠰᠢᠯᠢᠳᠡᠭᠵᠢᠬᠦᠯᠬᠦ ᠶᠢ ᠪᠠᠷᠢᠮᠳᠠᠯᠠᠵᠦ᠂ ᠨᠠᠮ ᠤᠨ ᠬᠤᠷᠢᠶ᠎ᠠ ᠰᠡᠳᠬᠢᠯ ᠠᠮᠤᠷ᠂ ᠠᠷᠠᠳ ᠲᠦᠮᠠᠨ ᠰᠡᠳᠬᠢᠯ | ᠬᠠᠨᠤᠮᠵᠢᠲᠡᠢ᠂ ᠨᠠᠶᠢᠭᠡᠮ ᠨᠠᠶᠢᠳᠠ ᠳᠤ ᠲᠠᠭᠠᠰᠢᠶᠠᠭᠳᠠᠭᠰᠠᠨ ᠦᠢᠯᠠᠴᠢᠯᠡᠭᠡᠨ ᠤ ᠭᠡᠯᠪᠠᠷᠢ ᠶᠢᠨ ᠵᠠᠰᠠᠭ ᠤᠨ ᠤᠷᠲᠤᠨ ᠢ | ᠬᠦᠴᠦᠯᠠᠨ ᠪᠠᠶᠢᠭᠤᠯᠤᠨ᠎ᠠ᠃ ᠡᠵᠡᠩᠨᠡᠨ ᠠᠷᠠᠯᠵᠢᠶᠠᠯᠠᠬᠤ ᠤᠷᠴᠢᠨ ᠲᠤᠭᠤᠷᠢᠨ ᠢ ᠦᠷᠬᠦᠯᠵᠢᠯᠠᠨ ᠰᠢᠯᠢᠳᠡᠭᠵᠢᠬᠦᠯᠦᠨ᠎ᠠ᠃ | ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠵᠡᠩᠨᠡᠨ ᠠᠷᠠᠯᠵᠢᠶᠠᠯᠠᠬᠤ ᠤᠷᠴᠢᠨ ᠲᠤᠭᠤᠷᠢᠨ ᠢ | ᠰᠢᠯᠢᠳᠡᠭᠵᠢᠬᠦᠯᠬᠦ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠳᠠ ᠠᠴᠠ ᠲᠤᠷᠠᠲᠤᠭᠰᠠᠨ ᠠᠰᠠᠭᠤᠳᠠᠯ ᠢ ᠴᠡᠭᠴᠡᠯᠠᠨ | ᠰᠠᠶᠢᠵᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠳᠠ ᠶᠢ ᠪᠦᠬᠦ ᠬᠦᠴᠦᠨ ᠢᠶᠠᠷ ᠰᠠᠶᠢᠲᠤᠷ ᠬᠢᠵᠦ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ︽ᠢᠨᠲ᠋ᠧᠷᠨᠧᠲ ᠰᠦᠯᠵᠢᠶ᠎ᠠ + ᠵᠠᠰᠠᠭ | ᠤᠨ ᠤᠷᠲᠤᠨ ᠤ ᠦᠢᠯᠠᠴᠢᠯᠡᠭᠡ︾ ᠶᠢᠨ ᠪᠠᠶᠢᠭᠤᠯᠤᠯᠳᠠ ᠶᠢ ᠲᠦᠷᠭᠡᠳᠭᠡᠵᠦ᠂ ᠨᠢᠭᠡ ᠴᠤᠭᠴᠠᠵᠢᠭᠤᠯᠤᠭᠰᠠᠨ ᠵᠠᠰᠠᠭ | ᠤᠨ ᠤᠷᠲᠤᠨ ᠤ ᠦᠢᠯᠠᠴᠢᠯᠡᠭᠡᠨ ᠤ ᠲᠠᠪᠴᠠᠩ ᠢ ᠪᠦᠬᠦ ᠲᠠᠯ᠎ᠠ ᠪᠠᠷ ᠡᠬᠢᠯᠠᠨ ᠭᠡᠷᠡᠭᠯᠡᠵᠦ᠂ ︽ᠨᠢᠭᠡ ᠰᠦᠯᠵᠢᠶ᠎ᠠ ᠪᠠᠷ | ᠨᠠᠶᠢᠳᠠᠮ ᠳᠤᠨᠢ ᠬᠦᠢᠴᠡᠳᠭᠡᠬᠦ︾ ᠶᠢ ᠪᠠᠶᠠᠯᠡᠬᠦᠯᠦᠨ᠎ᠠ︔ ᠵᠠᠰᠠᠭ ᠤᠨ ᠶᠠᠪᠤᠳᠠᠯ ᠤᠨ ᠦᠢᠯᠠᠴᠢᠯᠡᠭᠡᠨ ᠤ ᠲᠢᠩᠬᠢᠮ ᠤᠨ | ᠴᠢᠳᠠᠪᠬᠢ ᠪᠠ ᠦᠢᠯᠠᠴᠢᠯᠡᠭᠡᠨ ᠤ ᠲᠦᠬᠦᠭᠡᠷᠤᠮᠵᠢ ᠶᠢ ᠲᠡᠬᠦᠯᠳᠡᠷᠵᠢᠬᠦᠯᠵᠦ᠂ ︽ᠵᠦᠪᠭᠡᠨ ᠨᠢᠭᠡ ᠡᠬᠦᠳᠡ ᠪᠠᠷ | ᠤᠷᠤᠬᠤ︾ ᠶᠢ ᠪᠡᠶᠠᠯᠡᠬᠦᠯᠦᠨᠠ︔ ᠵᠠᠰᠠᠭ ᠤᠨ ᠤᠷᠲᠤᠨ ᠤ ᠦᠢᠯᠠᠴᠢᠯᠡᠭᠡᠨ ᠤ ᠤᠳᠠᠰᠤ ︽12345︾ ᠶᠢᠨ | ᠤᠶᠤᠨᠴᠢᠯᠠᠭᠰᠠᠨ ᠬᠢᠷᠢ ᠲᠦᠪᠰᠢᠨ ᠢ ᠲᠡᠭᠡᠭᠰᠢᠯᠠᠬᠦᠯᠵᠦ᠂ ︽ᠣᠳᠠᠰᠣ ᠶᠢ ᠳᠡᠷᠡ ᠳᠠᠷᠣᠢ ᠳᠤᠨᠢ ᠳᠣᠰᠬᠤ︾ ᠶᠢ | ᠪᠠᠶᠠᠯᠡᠬᠦᠯᠦᠨ᠎ᠠ᠃ ᠭᠠᠶᠢᠯᠢ ᠶᠢ ᠬᠠᠰᠤᠵᠦ ᠰᠦᠢᠳᠭᠡᠯ ᠢ ᠪᠠᠭᠤᠷᠠᠭᠤᠯᠬᠤ ᠶᠢ ᠦᠷᠬᠦᠯᠵᠢᠯᠠᠨ ᠠᠬᠢᠭᠤᠯᠵᠦ᠂ ᠠᠵᠤ | ᠠᠬᠤᠶᠢᠯᠠᠯ ᠤᠨ ᠠᠵᠢᠯᠯᠠᠭᠠᠨ ᠤ ᠦᠪᠠᠷ ᠤᠨ ᠦᠷᠳᠡᠭ ᠢ ᠪᠠᠭᠤᠷᠠᠭᠤᠯᠤᠨ᠎ᠠ᠃ ᠭᠤᠷᠪᠠᠲᠤᠭᠠᠷ ᠲᠠᠯ᠎ᠠ ᠶᠢ ᠤᠷᠢᠨ | ᠤᠷᠤᠭᠤᠯᠵᠦ ᠮᠠᠨ ᠤ ᠠᠶᠢᠮᠠᠭ ᠤᠨ ᠡᠵᠡᠩᠨᠡᠨ ᠠᠷᠠᠯᠵᠢᠶᠠᠯᠠᠬᠤ ᠤᠷᠴᠢᠨ ᠲᠤᠭᠤᠷᠢᠨ ᠢ ᠰᠢᠯᠢᠳᠡᠭᠵᠢᠬᠦᠯᠬᠦ ᠲᠤᠰᠬᠠᠢ | ᠲᠦᠷᠦᠯ ᠤᠨ ᠦᠨᠠᠯᠠᠯᠳᠠ ᠶᠢᠨ ᠠᠵᠢᠯ ᠢ ᠦᠷᠨᠢᠬᠦᠯᠦᠨ᠎ᠠ᠃ ᠬᠠᠤᠯᠢ ᠪᠠᠷ ᠵᠠᠰᠠᠬᠤ ᠪᠠᠶᠢᠭᠤᠯᠤᠯᠳᠠ ᠶᠢ ᠦᠷᠬᠦᠯᠵᠢᠯᠠᠨ | ᠲᠦᠯᠬᠢᠨ ᠠᠬᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠠᠯ ᠰᠠᠨᠠᠭ᠎ᠠ ᠶᠢ ᠬᠦᠨᠵᠡᠭᠡᠢ ᠰᠤᠷᠤᠯᠴᠠᠨ | ᠲᠤᠤᠱᠯᠠᠭᠤᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠲᠤᠨ ᠤ ᠪᠠᠶᠢᠭᠤᠯᠤᠯᠳᠠ ᠶᠢ ᠲᠦᠯᠬᠢᠨ ᠠᠬᠢᠭᠤᠯᠬᠤ | ᠲᠤᠭᠳᠠᠴᠠ ᠶᠢ ᠲᠡᠬᠦᠯᠳᠡᠷᠵᠢᠬᠦᠯᠵᠦ᠂ ᠬᠠᠤᠯᠢ ᠶᠤᠰᠤᠭᠠᠷ ᠵᠠᠰᠠᠭ ᠶᠠᠪᠣᠭᠤᠯᠬᠤ ᠶᠢ ᠬᠦᠨᠵᠡᠭᠡᠶᠢᠷᠡᠬᠦᠯᠵᠦ᠂ ᠰᠢᠨᠵᠢᠯᠠᠬᠦ | ᠤᠬᠠᠭᠠᠨᠴᠢ ᠪᠠᠷ ᠠᠷᠠᠳᠴᠢᠯᠠᠯ ᠲᠠᠢ ᠪᠠᠷ ᠬᠠᠤᠯᠢ ᠶᠤᠰᠤᠭᠠᠷ ᠰᠢᠢᠳᠪᠤᠷᠢᠲᠤ ᠪᠤᠲᠤᠯᠭ᠎ᠠ ᠲᠤᠭᠳᠠᠭᠠᠬᠤ ᠶᠢ ᠲᠦᠯᠬᠢᠨ | ᠠᠬᠢᠭᠤᠯᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠯ ᠲᠤᠭᠳᠠᠴᠠ ᠶᠢ ᠰᠢᠯᠢᠳᠡᠭᠵᠢᠬᠦᠯᠦᠨ᠎ᠠ᠃ | ᠲᠦᠷᠢᠮ ᠤᠨ ᠪᠠᠶᠢᠭᠤᠯᠤᠯᠳᠠ ᠪᠠ ᠲᠦᠷᠢᠮ ᠢ ᠭᠡᠷᠡᠭᠵᠢᠬᠦᠯᠬᠦ ᠴᠢᠳᠠᠪᠤᠷᠢ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ | ︽ᠵᠠᠰᠠᠭ ᠤᠨ ᠤᠷᠲᠤᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠪᠠᠳᠠᠢ ᠶᠢᠨ ᠵᠢᠷᠠᠨ ᠤ ᠡᠯᠡᠰᠤ ᠮᠠᠩᠬ᠎ᠠ ᠴᠤᠬᠢᠶᠠᠳ ᠨᠠᠭᠤᠷ ᠭᠤᠤᠯ ᠢ ᠬᠠᠮᠠᠭᠠᠯᠠᠬᠤ ᠲᠦᠷᠢᠮ | ᠤᠨ ᠲᠤᠬᠠᠢ ᠬᠠᠤᠯᠢ ᠲᠤᠭᠳᠠᠭᠠᠬᠤ ᠶᠢ ᠲᠦᠷᠭᠡᠳᠭᠡᠨ ᠠᠬᠢᠭᠤᠯᠤᠨ᠎ᠠ᠃ ᠡᠯ᠎ᠠ ᠱᠠᠲᠤᠨ ᠤ ᠡᠯ᠎ᠠ ᠰᠠᠯᠠᠭ᠎ᠠ ᠮᠦᠴᠢᠷ | ᠲᠤᠯᠤᠭᠠᠶᠢᠯᠠᠨ ᠬᠠᠤᠯᠢ ᠶᠢ ᠰᠤᠷᠤᠯᠴᠠᠬᠤ ᠬᠠᠤᠯᠢ ᠶᠢ ᠣᠶᠢᠯᠠᠭᠠᠬᠤ ᠬᠠᠤᠯᠢ ᠶᠢ ᠭᠡᠷᠡᠭᠯᠡᠬᠦ ᠶᠢ ᠬᠦᠲᠤᠯᠤᠨ | ᠵᠢᠯᠤᠭᠤᠳᠴᠦ᠂ ︽ᠢᠷᠭᠡᠨ ᠤ ᠬᠠᠤᠯᠢ ᠶᠢᠨ ᠪᠢᠴᠢᠭ︾ ᠢ ᠪᠦᠬᠦ ᠲᠠᠯ᠎ᠠ ᠪᠠᠷ ᠲᠤᠤᠱᠯᠠᠭᠤᠯᠤᠨ ᠶᠠᠪᠤᠭᠳᠠᠭᠤᠯᠤᠨ᠎ᠠ᠃ | ᠵᠠᠰᠠᠭ ᠤᠨ ᠤᠷᠲᠤᠨ ᠤ ᠴᠢᠳᠠᠪᠬᠢ ᠶᠢ ᠦᠷᠬᠦᠯᠵᠢᠯᠠᠨ ᠲᠡᠭᠡᠭᠰᠢᠯᠡᠬᠦᠯᠦᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠪᠠᠷᠢᠮᠳᠠᠯᠠᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠭᠡᠯᠪᠠᠷᠢ ᠶᠢᠨ ᠦᠵᠠᠯ᠂ ᠨᠤᠶᠠᠨᠴᠢ ᠦᠵᠠᠯ ᠢ ᠦᠷᠬᠦᠯᠵᠢᠯᠠᠨ | ᠵᠠᠯᠠᠷᠠᠭᠤᠯᠣᠨ᠎ᠠ᠃ ᠠᠵᠢᠯ ᠤᠨ ᠬᠠᠮᠲᠤᠷᠠᠯᠴᠠᠭ᠎ᠠ ᠪᠠ ᠠᠵᠢᠯ ᠤᠨ ᠵᠤᠬᠢᠴᠠᠭᠤᠯᠬᠤ ᠲᠤᠭᠳᠠᠴᠠ ᠶᠢ ᠪᠠᠶᠢᠭᠤᠯᠤᠨ | ᠲᠡᠬᠦᠯᠳᠡᠷᠵᠢᠬᠦᠯᠵᠦ᠂ ᠲᠤᠤᠱᠯᠠᠭᠤᠯᠬᠤ ᠬᠦᠴᠦᠨ᠂ ᠭᠡᠷᠡᠭᠵᠢᠬᠦᠯᠬᠦ ᠬᠦᠴᠦᠨ᠂ ᠨᠠᠶᠢᠳᠠᠪᠤᠷᠢᠵᠢᠭᠤᠯᠬᠤ ᠬᠦᠴᠦᠨ ᠢ | ᠪᠦᠬᠦ ᠲᠠᠯ᠎ᠠ ᠪᠠᠷ ᠲᠡᠭᠡᠭᠰᠢᠯᠡᠬᠦᠯᠦᠨ᠎ᠠ᠃ ︽ᠠᠷᠪᠢᠴᠢ ᠭᠠᠮᠳᠠᠢ ᠪᠠᠶᠢᠬᠤ︾ ᠶᠢ ᠪᠠᠷᠢᠮᠳᠠᠯᠠᠵᠦ᠂ ᠵᠠᠰᠠᠭ ᠤᠨ ᠤᠷᠲᠤᠨ | ᠤ ᠦᠷᠢ ᠦᠭᠴᠡᠭᠡ ᠶᠢ ᠨᠠᠮᠳᠠᠭᠤᠯᠬᠤ ᠶᠢ ᠴᠢᠩᠭᠠᠳᠬᠠᠵᠦ᠂ ᠲᠤᠤᠷ᠎ᠠ ᠪᠦᠲᠤᠮᠵᠢᠲᠤ᠂ ᠪᠦᠲᠤᠮᠵᠢ ᠦᠭᠡᠢ ᠵᠠᠷᠤᠯᠭ᠎ᠠ | ᠶᠢ ᠡᠷᠡᠰ ᠦᠭᠡᠶᠢᠰᠭᠡᠨ᠎ᠠ᠃ ᠵᠠᠰᠠᠭ ᠤᠨ ᠶᠠᠪᠤᠳᠠᠯ ᠢ ᠢᠯᠨ ᠪᠠᠶᠢᠯᠭᠠᠬᠤ ᠶᠢ ᠴᠢᠩᠭᠠᠳᠬᠠᠵᠦ᠂ ᠬᠢᠨᠠᠯᠳᠠ ᠶᠢ ᠤᠬᠠᠮᠰᠠᠷ | ᠠᠴᠠ ᠪᠠᠨ ᠬᠦᠯᠢᠶᠠᠨ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠲᠦᠷᠢᠮᠵᠢᠬᠦᠯᠦᠨ᠎ᠠ᠃ | ᠨᠦᠬᠦᠳ ᠡ᠂ ᠦᠢᠯᠡᠰ ᠤᠨ ᠠᠶᠠᠨ ᠬᠤᠯᠨ ᠪᠦᠬᠡᠳ ᠪᠠᠷᠳᠠᠭ᠎ᠠ ᠲᠠᠢ ᠪᠠᠶᠢᠨ᠎ᠠ᠂ ᠡᠷᠡᠯᠭᠡᠭᠯᠠᠨ | ᠤᠷᠤᠭᠰᠢᠯᠠᠬᠤ ᠨᠢ ᠴᠤᠷᠢ ᠶᠢᠨ ᠭᠠᠭᠴᠠ ᠰᠤᠩᠭᠤᠯᠳᠠ ᠶᠤᠮ᠃ ᠪᠢᠳᠡ ᠡᠷᠭᠡᠪᠰᠢ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠠᠩ ᠨᠢᠭᠳᠠᠷᠠᠨ ᠪᠦᠯᠬᠦᠮᠳᠡᠵᠦ᠂ ᠭᠦᠭᠵᠢᠯᠳᠡ | ᠶᠢ ᠨᠢᠭᠡᠲᠤᠭᠡᠷ ᠴᠢᠬᠤᠯᠨ ᠡᠬᠦᠷᠭᠡ ᠪᠠᠨ ᠪᠤᠯᠭᠠᠬᠤ ᠶᠢ ᠪᠠᠷᠢᠮᠳᠠᠯᠠᠵᠦ᠂ ᠬᠦᠭᠵᠢᠯᠳᠡ ᠶᠢ ᠠᠯᠢᠪᠠ ᠠᠰᠠᠭᠤᠳᠠᠯ ᠢ | ᠰᠢᠢᠳᠪᠤᠷᠢᠯᠠᠬᠦ ᠰᠠᠭᠤᠷᠢ ᠴᠢᠨᠠᠷᠲᠡᠢ ᠠᠵᠢᠯ ᠪᠤᠯᠭᠠᠨ᠂ ᠠᠮᠢ ᠠᠬᠤᠢ ᠶᠢ ᠲᠡᠷᠢᠬᠦᠨ ᠳᠤ ᠳᠠᠯᠪᠢᠨ᠂ ᠪᠤᠬᠢᠷᠲᠤᠯ ᠦᠭᠡᠢ | ᠬᠦᠭᠵᠢᠯᠳᠡ ᠪᠠᠷ ᠤᠲᠤᠷᠢᠲᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢ ᠬᠦᠴᠦᠯᠠᠨ ᠠᠬᠢᠭᠤᠯᠵᠦ᠂ ᠰᠡᠳᠬᠢᠯ | ᠨᠢᠭᠡᠲᠤᠨ ᠬᠦᠴᠦ ᠪᠠᠨ ᠬᠠᠮᠲᠤᠳᠬᠠᠵᠦ᠂ ᠵᠤᠷᠢᠭᠲᠡᠢ ᠡᠬᠦᠷᠭᠡᠯᠠᠨ ᠬᠤᠪᠢ ᠨᠠᠮᠠᠷᠢ ᠦᠵᠡᠬᠦᠯᠵᠦ᠂ ᠡᠷᠡᠰ ᠰᠢᠭᠤᠷᠬᠠᠢ | ᠴᠢᠷᠮᠠᠶᠢᠨ ᠣᠷᠣᠭᠰᠢᠯᠠᠵᠦ᠂ ᠠᠯᠠᠱᠨ ᠶᠢᠨ ᠨᠡᠶᠢᠭᠡᠮ ᠵᠢᠷᠣᠮᠳᠣ ᠣᠳᠣᠬᠢᠴᠢᠯᠠᠯᠳᠠ ᠶᠢᠨ ᠪᠦᠲᠤᠭᠡᠨ ᠪᠠᠶᠢᠭᠤᠯᠤᠯᠳᠠ ᠶᠢᠨ | ᠰᠢᠨ᠎ᠠ ᠠᠶᠠᠨ ᠢᠶᠠᠨ ᠡᠬᠢᠯᠠᠬᠦᠯᠬᠦ ᠶᠢᠨ ᠲᠤᠯᠠᠳᠠ ᠴᠢᠷᠮᠠᠶᠢᠨ ᠲᠡᠮᠡᠴᠡᠵᠡᠭᠡᠶ᠎ᠠ᠃ | | |