ᠠᠯᠠᠱᠠ ᠠᠶᠢᠮᠠᠭ ᠤᠨ ᠡᠯ᠎ᠠ ᠲᠤᠮᠳᠠᠲᠦ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠠᠯ︾ ᠢᠶᠠᠨ ᠬᠠᠮᠳᠤ ᠪᠠᠷ ᠤᠷᠤᠵᠠᠢ
ᠨᠡᠶᠢᠲᠡᠯᠡᠭᠰᠡᠨ ᠴᠠᠭ᠄
2021/3/4
           ᠵᠢᠷᠤᠭ ᠪᠤᠯ᠂ ᠪᠠᠭᠰᠢ ᠰᠤᠷᠤᠭᠴᠢᠳ ᠬᠠᠮᠲᠦ ᠳᠠᠭᠠᠨ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠠᠯ︾ ᠢ ᠰᠤᠨᠤᠰᠴᠦ ᠪᠠᠶᠢᠭ᠎ᠠ ᠨᠢ᠃ ︵ᠳ᠋ᠤᠸᠠᠨ ᠰᠢᠶᠤᠤ ᠢᠤᠢ ᠰᠡᠬᠦᠳᠡᠷᠯᠡᠪᠡ︶          3 ᠰᠠᠷ᠎ᠠ ᠶᠢᠨ 1 ᠤ ᠡᠳᠦᠷ ᠤᠨ ᠣᠷᠣᠢ ᠶᠢᠨ 8 ᠴᠠᠭ ᠲᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠵᠦ ᠴᠠᠭ ᠦᠶ᠎ᠡ ᠶᠢᠨ ᠰᠢᠨ᠎ᠡ ᠬᠥᠮᠦᠨ ᠪᠣᠯᠬᠤ︾ ᠰᠡᠳᠦᠪ ᠢᠶᠠᠷ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠰᠤᠷᠤᠭᠴᠢ ᠠᠵᠢᠯᠲᠠᠳ ᠲᠤ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠤᠷᠤᠵᠠᠢ᠃ ᠮᠠᠨ ᠤ ᠠᠶᠢᠮᠠᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠪᠠᠭᠰᠢ ᠰᠤᠷᠤᠭᠴᠢ᠂ ᠭᠡᠷ ᠤᠨ ᠠᠬᠠᠮᠠᠳ ᠢ ᠵᠣᠬᠢᠶᠠᠨ ᠪᠠᠶᠢᠭᠤᠯᠵᠤ ᠬᠠᠮᠳᠤ ᠳᠠᠭᠠᠨ ᠡᠨᠡᠬᠦ ᠬᠢᠴᠢᠶᠠᠯ ᠤᠨ ᠠᠭᠤᠯᠭ᠎ᠠ ᠶᠢ ᠰᠤᠨᠤᠰᠤᠭᠰᠠᠨ ᠪᠠᠶᠢᠨ᠎ᠠ᠃          ᠲᠤᠰ ᠡᠳᠦᠷ ᠤᠨ ᠣᠷᠣᠢ ᠶᠢᠨ 8 ᠴᠠᠭ ᠲᠤ᠂ ᠠᠯᠠᠱᠠ ᠵᠡᠭᠦᠨ ᠬᠤᠰᠢᠭᠤᠨ ᠤ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠡᠯ᠎ᠡ ᠬᠢᠴᠢᠶᠡᠯ ᠤᠨ ᠭᠡᠷ ᠲᠤ ᠳ᠋ᠧᠩ ᠤᠨ ᠭᠡᠷᠡᠯ ᠳᠤᠸᠠᠯᠠᠵᠤ᠂ ᠰᠤᠷᠤᠭᠴᠢᠳ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ︾ ᠢ ᠤᠷᠤᠵᠤ ᠪᠠᠶᠢᠯ᠎ᠠ᠃ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ ᠳ᠋ᠦ᠋ ᠰᠢᠤᠸᠠᠨ ᠢ ᠰᠤᠷᠪᠤᠯᠵᠢᠯᠠᠭᠴᠢ ᠳᠤ᠂ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠡᠬᠢᠯᠡᠯᠲᠡ᠂ ᠰᠢᠨ᠎ᠡ ᠬᠦᠰᠡᠯ ᠡᠷᠡᠮᠡᠯᠵᠡᠯ ᠤᠨ ᠠᠭᠤᠯᠭ᠎ᠠ ᠶᠢ ᠬᠡᠦᠬᠡᠳ ᠤᠳ ᠲᠤ ᠶᠠᠷᠢᠵᠤ ᠥᠭᠬᠦ ᠪᠠᠷ ᠲᠠᠮᠵᠢᠨ ᠬᠡᠦᠬᠡᠳ ᠲᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠠᠢ᠃ ᠬᠤᠶᠢᠰᠢᠳᠠ ᠶᠢᠨ ᠠᠵᠢᠯ ᠳᠠᠭᠠᠨ ᠪᠢᠳᠡ ᠦᠨᠳᠦᠰᠦᠲᠡᠨ ᠤ ᠪᠦᠯᠬᠦᠮᠳᠡᠯ ᠤᠨ ᠠᠭᠤᠯᠭ᠎ᠠ ᠶᠢ ᠬᠢᠴᠢᠶᠠᠯ ᠤᠨ ᠠᠭᠤᠯᠭ᠎ᠠ ᠳᠠᠭᠠᠨ ᠤᠷᠤᠭᠤᠯᠵᠦ᠂ ᠪᠠᠭᠰᠢ ᠰᠤᠷᠤᠭᠴᠢᠳ ᠤᠨ ᠬᠠᠮᠲᠦ ᠶᠢᠨ ᠲᠠᠨᠢᠯᠳᠠ ᠶᠢ ᠨᠡᠮᠡᠭᠳᠡᠬᠦᠯᠦᠨ᠎ᠠ ᠬᠡᠵᠦ ᠪᠠᠶᠢᠪᠠ᠃          ᠠᠯᠠᠱᠠ ᠵᠡᠭᠦᠨ ᠬᠤᠰᠢᠭᠤᠨ ᠤ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠰᠤᠷᠤᠭᠴᠢ ᠶᠠᠩ ᠵᠢᠶᠦ᠋ᠨ ᠴᠧᠩ ᠠᠪᠤ ᠲᠠᠢ ᠪᠠᠨ ᠬᠠᠮᠲᠦ ᠸᠢᠴᠠᠲ ᠲᠠᠪᠴᠠᠩ ᠢᠶᠠᠷ ᠲᠠᠮᠵᠢᠨ ︽ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠠᠯ︾ ᠢ ᠦᠵᠡᠵᠦ ᠪᠠᠶᠢᠯ᠎ᠠ᠃ ︽︿ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠠᠯ﹀  ᠢ ᠦᠵᠡᠬᠦ ᠪᠠᠷ ᠳᠠᠮᠵᠢᠨ᠂ ᠬᠡᠤᠬᠡᠳ ᠤᠨ ᠦᠨᠳᠦᠰᠦᠲᠡᠨ ᠤ ᠪᠦᠯᠬᠦᠮᠳᠡᠯ᠂ ᠳᠤᠮᠳᠠᠳᠤ ᠤᠯᠤᠰ ᠤᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ ᠵᠡᠷᠭᠡ ᠲᠠᠯ᠎ᠠ ᠪᠠᠷ ᠠᠩᠬ᠎ᠠ ᠠᠯᠬᠤᠮ ᠤᠨ ᠲᠠᠨᠢᠯᠲᠠ ᠶᠢ ᠨᠡᠮᠡᠭᠳᠡᠬᠦᠯᠵᠦ᠂ ᠬᠡᠤᠬᠡᠳ ᠤᠨ ᠬᠠᠷᠢᠭᠤᠴᠠᠯᠭᠠᠲᠤ ᠰᠡᠳᠬᠢᠯᠭᠡ ᠶᠢ ᠬᠥᠮᠦᠵᠢᠭᠦᠯᠬᠦ ᠳᠤ ᠠᠰᠢᠭᠳᠠᠢ ᠮᠦᠷᠳᠡᠬᠡᠨ᠂ ᠬᠡᠤᠬᠡᠳ ᠪᠠᠭᠠᠴᠤᠳ ᠤᠨ ᠨᠤᠲᠤᠭ ᠤᠰᠤ ᠪᠠᠨ ᠬᠠᠶᠢᠷᠠᠯᠠᠬᠤ᠂ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠬᠦ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ︾ ᠬᠡᠮᠡᠨ ᠶᠠᠩ ᠵᠢᠶᠦ᠋ᠨ ᠴᠸᠡᠭ ᠤᠨ ᠠᠪᠤ ᠰᠤᠷᠪᠤᠯᠵᠢᠯᠠᠭᠴᠢ ᠳᠤ ᠶᠡᠷᠢᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号