ᠠᠯᠠᠱᠠ ᠠᠶᠢᠮᠠᠭ ᠤᠨ ᠡᠯ᠎ᠡ ᠤᠯᠠᠭᠠᠨᠮᠥ᠋ᠴᠢᠷ ᠤᠨ ᠬᠢᠨ ︽ᠤᠯᠤᠰ ᠤᠨ ᠠᠮᠤᠷ ᠲᠦᠪᠰᠢᠨ ᠪᠢᠳᠡᠨ ᠤ ᠲᠡᠷᠭᠡᠳᠡ ᠦᠨᠳᠤᠰᠤᠠ ᠱᠠᠳᠤᠠ ᠳᠠᠬᠢ ᠳᠤᠭᠯᠠᠯᠳᠠ ᠶᠢᠨ ᠤᠮᠠᠷᠠᠲᠤ ᠶᠢᠨ ᠠᠶᠠᠯᠠᠯ︾ ᠤᠬᠠᠭᠤᠯᠭ᠎ᠠ ᠲᠣᠭᠯᠠᠯᠲᠠ ᠶᠢᠨ ᠠᠵᠢᠯᠯᠠᠭ᠎ᠠ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2021/4/19
      4 ᠰᠠᠷ᠎ᠠ ᠶᠢᠨ 15 ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠮᠠᠨ ᠤ ᠠᠶᠢᠮᠠᠭ ᠤᠨ ᠡᠯ᠎ᠡ ᠤᠯᠠᠭᠠᠨᠮᠥ᠋ᠴᠢᠷ ᠤᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ ︽ᠤᠯᠤᠰ ᠤᠨ ᠠᠮᠤᠷ ᠲᠦᠪᠰᠢᠨ ᠪᠢᠳᠡᠨ ᠤ ᠲᠡᠷᠭᠡᠳᠡ᠂ ᠦᠨᠳᠤᠰᠤᠠ ᠱᠠᠳᠤᠠ ᠳᠠᠬᠢ ᠳᠤᠭᠯᠠᠯᠳᠠ ᠶᠢᠨ ᠤᠮᠠᠷᠠᠲᠤ ᠶᠢᠨ ᠠᠶᠠᠯᠠᠯ︾ ᠢᠶᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠡᠢ᠃       ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠤᠯᠠᠭᠠᠨᠮᠥ᠋ᠴᠢᠷ ᠲᠤᠰ ᠲᠤᠰ ᠪᠠᠶᠠᠨᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠢ᠂ ᠪᠠᠳᠠᠢ ᠶᠢᠨ ᠵᠢᠷᠠᠨ ᠪᠠᠯᠭᠠᠰᠤᠨ ᠤ ᠪᠦᠯᠬᠦᠮᠳᠠᠯ ᠬᠤᠷᠢᠶᠠᠯᠠᠯ᠂ ᠳᠠᠯᠠᠶᠢᠬᠦ᠋ᠪ ᠪᠠᠯᠭᠠᠰᠤᠨ ᠤ ᠴᠡᠷᠢᠭ ᠢᠶᠠᠨ ᠬᠦᠷᠢᠶᠡᠯᠡᠬᠦ ᠠᠭᠤᠳᠠᠮ ᠲᠠᠯᠠᠪᠠᠢ ᠳᠤ ᠤᠬᠠᠭᠤᠯᠭ᠎ᠠ ᠶᠢᠨ ᠲᠣᠭᠯᠠᠯᠲᠠ ᠥᠷᠨᠢᠭᠦᠯᠵᠦ᠂ 300 ᠭᠠᠷᠤᠶ ᠬᠥᠮᠦᠨ ︵ᠤᠳᠠᠭ᠎ᠠ︶ ᠳᠤᠭᠯᠠᠯᠳᠠ ᠰᠤᠨᠢᠷᠬᠠᠪᠠ᠃ ᠲᠣᠭᠯᠠᠯᠲᠠ ᠶᠢᠨ ᠵᠠᠪᠰᠠᠷᠯᠠᠭ᠎ᠠ ᠪᠠᠷ ᠲᠣᠭᠯᠠᠭᠴᠢᠳ ᠣᠯᠠᠨ ᠲᠦᠮᠡᠨ ᠳᠤ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠲᠦᠪᠰᠢᠨ ᠤ ᠬᠠᠤᠯᠢ︾ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠷᠳᠡᠬᠦᠯᠦᠯ ᠢ ᠡᠰᠡᠷᠭᠦᠴᠡᠬᠦ ᠬᠠᠤᠯᠢ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠳᠠᠷᠬᠠᠭᠠᠬᠰᠠᠠ ᠪᠠᠶᠢᠨ᠎ᠠ᠃       ᠡᠯ᠎ᠠ ᠤᠯᠠᠭᠠᠨᠮᠥ᠋ᠴᠢᠷ ᠤᠨ ᠬᠢᠨ ᠤᠯᠤᠰ ᠤᠨ ᠠᠮᠤᠷ ᠲᠦᠪᠰᠢᠨ ᠤ ᠬᠠᠤᠯᠢ ᠶᠢᠨ ᠠᠭᠤᠯᠭ᠎ᠠ ᠶᠢ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠳᠠᠭᠤᠤ᠂ ᠪᠥᠵᠢᠭ᠂ ᠨᠠᠶᠢᠷᠠᠯ ᠬᠥᠭᠵᠢᠮ ᠵᠡᠷᠭᠡ ᠤᠷᠠᠯᠢᠭ ᠤᠨ ᠬᠡᠯᠪᠡᠷᠢ ᠲᠠᠢ ᠤᠶᠠᠯᠳᠤᠭᠤᠯᠵᠤ᠂ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠨᠠᠶᠢᠷᠠᠭᠤᠯᠤᠨ ᠳᠤᠭᠯᠠᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠳᠣᠯᠠᠬᠤ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠨᠢ ᠳᠠᠶᠢᠴᠢᠯᠠᠬᠰᠠᠠ ᠪᠠᠶᠢᠨ᠎ᠠ᠃ ︽ᠪᠢᠳᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠶᠢ ᠲᠣᠭᠯᠠᠯᠲᠠ ᠳᠤ ᠠᠭᠤᠰᠬᠠᠨ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︿ᠤᠬᠠᠭᠤᠯᠬᠤ ᠠᠩᠭᠢ﹀᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠴᠢᠩᠭᠠᠷᠠᠭᠤᠯᠬᠤ ︿ᠤᠳᠬ᠎ᠠ ᠤᠷᠠᠯᠢᠭ ᠤᠨ ᠠᠩᠭᠢ﹀ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢᠶᠠᠷ ᠣᠯᠠᠨ ᠲᠦᠮᠡᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠡᠷᠡᠭᠦᠯ ᠪᠤᠰᠤ ᠠᠮᠢᠳᠤᠷᠠᠯ ᠤᠨ ᠵᠠᠩ ᠳᠠᠳᠬᠠᠯ ᠢ ᠴᠡᠭᠡᠷᠯᠡᠬᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠣᠷᠢᠶᠠᠯᠠᠪᠠ᠃ ᠳᠠᠷᠠᠭ᠎ᠠ ᠪᠠᠷ ᠪᠠᠰᠠ ᠰᠤᠮᠤ ᠭᠠᠴᠠᠭ᠎ᠠ ᠳᠤ ᠭᠦᠨᠵᠡᠭᠡᠶᠢᠷᠡᠨ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ᠂ ᠬᠠᠷᠢᠯᠴᠠᠨ ᠪᠦᠯᠬᠦᠮᠳᠡᠬᠦ᠂ ᠬᠠᠷᠢᠯᠴᠠᠨ ᠬᠠᠪᠰᠤᠷᠤᠯᠴᠠᠬᠤ ᠤᠬᠠᠭᠤᠯᠭ᠎ᠠ ᠰᠤᠷᠳᠠᠯᠴᠢᠯᠠᠭ᠎ᠠ ᠶᠢ ᠦᠷᠨᠢᠬᠦᠯᠦᠨ᠎ᠠ︾ ᠭᠡᠵᠤ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠶᠢᠨ ᠳᠡᠳ᠋ ᠳᠠᠷᠤᠭ᠎ᠠ ᠮᠠᠨᠳᠠᠷᠠᠸ᠎ᠠ ᠶᠠᠷᠢᠵᠤ ᠪᠠᠶᠢᠯ᠎ᠠ᠃                                                       ︵ᠵᠣᠬᠢᠶᠠᠭᠴᠢ᠄ ᠡᠷᠳᠡᠨᠢᠴᠢᠮᠡᠭ︶
 
ᠢᠷᠡᠯᠲᠡ᠄ ᠠᠯᠠᠱᠠ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号