ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠢᠯᠢᠳᠡᠭᠵᠢᠬᠦᠯᠵᠦ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠬᠦᠯᠦᠨ᠎ᠡ
ᠨᠡᠶᠢᠲᠡᠯᠡᠭᠰᠡᠨ ᠴᠠᠭ᠄
2021/4/25
      ᠥᠪᠡᠷᠲᠡᠭᠡᠨ ᠵᠠᠰᠠᠬᠤ ᠣᠷᠣᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠤᠭᠰᠠᠨ ᠤ ᠳᠠᠷᠠᠭ᠎ᠠ᠂ ᠠᠯᠠᠱᠠ ᠠᠶᠢᠮᠠᠭ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠡᠷᠴᠢᠮᠳᠡᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠵᠡᠩᠨᠡᠨ ᠠᠷᠠᠯᠵᠢᠶᠠᠯᠠᠬᠤ ᠰᠢᠯᠢᠳᠡᠭ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠪᠠ᠃ ᠰᠤᠷᠪᠤᠯᠵᠢᠯᠠᠭᠴᠢ ᠠᠴᠠ ᠠᠯᠠᠱᠠ ᠠᠶᠢᠮᠠᠭ ᠬᠡᠷᠬᠢᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠦ ᠪᠠᠶᠢᠬᠤ ᠲᠤᠬᠠᠶ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠳᠠᠶᠢᠴᠢᠨ ᠢ ᠰᠤᠷᠪᠤᠯᠵᠢᠯᠠᠪᠠ᠃       ᠳᠠᠶᠢᠴᠢᠨ ᠠᠴᠠ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠤᠭᠰᠠᠨ ᠤ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠥᠬᠦ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠪᠠᠶᠢᠷᠢᠯᠠᠭᠤᠯᠤᠨ ᠠᠬᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠡᠮᠬᠢ ᠵᠠᠮᠪᠠᠷᠠᠭ᠎ᠠ ᠦᠬᠡᠢ ᠪᠠᠶᠢᠬᠤ ᠦᠵᠡᠭᠳᠡᠯ ᠢ ᠶᠡᠭᠡ ᠪᠠᠷ ᠴᠡᠭᠴᠡᠯᠡᠨ ᠵᠠᠰᠠᠵᠤ᠂ ᠠᠷᠬᠠᠭ ᠬᠡᠮ ᠢ ᠠᠷᠢᠯᠭᠠᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ  ᠣᠷᠴᠢᠨ ᠳᠣᠭᠤᠭᠷᠢᠨ ᠤ ᠪᠦᠬᠦᠯᠢ ᠴᠣᠭᠴᠠ ᠶᠢ ᠴᠡᠪᠡᠷᠰᠢᠭᠦᠯᠬᠦ ᠪᠣᠭᠤᠮᠲᠠ ᠰᠢᠪᠲᠤᠯᠬᠤ ᠰᠢᠪᠳᠣᠯᠣᠯᠳᠠ ᠶᠢ ᠰᠠᠶᠢᠳᠣᠷ ᠬᠢᠬᠦ ᠡᠷᠡᠰ ᠪᠠᠲᠤ ᠵᠣᠷᠢᠭ ᠢ ᠬᠦᠢᠴᠡᠳ ᠢᠯᠡᠷᠡᠭᠦᠯᠵᠦ᠂ ᠪᠥᠬᠦ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠠᠯᠠᠱᠠ ᠠᠶᠢᠮᠠᠭ ᠤᠨ ᠬᠢᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ  ᠳᠣᠣᠱᠯᠠᠭᠤᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠪᠥᠬᠦ ᠠᠶᠢᠮᠠᠭ ᠤᠨ ᠠᠮᠢ ᠠᠬᠤᠶ ᠶᠢ ᠳᠡᠷᠢᠬᠦᠨ ᠳᠤ ᠳᠠᠯᠪᠢᠵᠦ᠂ ᠪᠣᠬᠢᠷᠲᠤᠯ ᠥᠬᠡᠶ  ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠵᠠᠮᠨᠠᠬᠤ ᠴᠢᠬᠤᠯᠠ ᠰᠠᠭᠤᠷᠢ ᠮᠥᠨ᠂ ᠨᠠᠩ ᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠬᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ ᠭᠡᠳᠡᠭ ᠢ  ᠬᠦᠢᠴᠡᠳ ᠲᠠᠨᠢᠬᠤ ᠬᠡᠷᠡᠭᠲᠡᠶ ᠭᠡᠪᠡ᠃
       ᠳᠠᠶᠢᠴᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠬᠠᠢ ᠬᠤᠷᠢᠭ ᠳᠠᠯᠪᠢᠭᠰᠠᠨ ᠪᠠᠶᠢᠳᠠᠯ ᠢ ᠪᠠᠶᠢᠴᠠᠭᠠᠵᠦ ᠪᠠᠶᠢᠭ᠎ᠠ ᠨᠢ᠃       ᠳᠠᠶᠢᠴᠢᠨ ᠠᠴᠠ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠠᠯ᠎ᠠ ᠪᠠᠷ᠂ ᠠᠯᠠᠱᠠ ᠠᠶᠢᠮᠠᠭ ᠨᠢ ︽ᠭᠤᠷᠪᠠᠨ ᠠᠯᠬᠤᠮ ᠢᠶᠠᠷ ᠶᠠᠪᠤᠬᠤ︾ ᠠᠵᠢᠯ ᠤᠨ ᠠᠷᠭ᠎ᠠ ᠬᠡᠮᠵᠢᠶ᠎ᠡ ᠶᠢ ᠠᠪᠬᠤ ᠬᠡᠷᠡᠭᠳᠡᠢ ᠬᠡᠪᠡ᠃       ᠨᠢᠭᠡᠳᠦᠭᠡᠷ ᠠᠯᠬᠤᠮ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠠᠯᠬᠤᠮ ᠨᠢᠭᠡᠲᠡᠶ ᠪᠠᠶᠢᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠦᠷᠢᠯᠳᠦᠬᠦ ᠶᠢ ᠠᠬᠢᠭᠤᠯᠤᠨ᠎ᠠ᠃ ᠨᠢᠬᠡᠳᠡᠬᠢ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯ ᠳᠠᠷᠣᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ  ᠣᠣᠯ ᠠᠴᠠ ᠪᠠᠨ ᠣᠷᠣᠰᠢᠵᠦ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠪᠠᠨ ᠢᠯᠠᠨ ᠳᠠᠪᠠᠭ᠋ᠣ ᠴᠣᠷᠢ ᠶᠢᠨ ᠭᠠᠭᠴᠠ ᠰᠣᠩᠭᠤᠯᠲᠠ ᠪᠣᠯᠤᠨ᠎ᠠ᠃ ᠠᠯᠠᠱᠠ ᠠᠶᠢᠮᠠᠭ ᠤᠨ ᠠᠵᠤ ᠠᠬᠤᠶ ᠶᠢᠨ ᠴᠣᠭᠴᠠ ᠬᠡᠮᠵᠢᠶ᠎ᠡ ᠨᠢ ᠪᠠᠭ᠎ᠠ᠂ ᠬᠥᠭᠵᠢᠯᠲᠡ ᠶᠢᠨ ᠰᠠᠭᠤᠷᠢ ᠨᠢ ᠨᠡᠯᠢᠶᠡᠳ ᠪᠠᠭᠤᠷᠠᠶ ᠪᠠᠶᠢᠵᠤ᠂ ᠣᠳᠣᠬᠠᠨ ᠤ ᠬᠥᠭᠵᠢᠯᠲᠡ ᠶᠢᠨ ᠱᠠᠲᠤᠨ ᠳᠤ ᠲᠥᠷᠥᠯ ᠵᠦᠢᠯ ᠪᠠ ᠪᠠᠯᠠ ᠣᠷᠣᠭᠤᠯᠤᠯᠲᠠ ᠶᠢᠨ ᠳᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠲᠦᠢᠯ ᠤᠨ ᠶᠡᠭᠡ ᠪᠠᠶᠢᠵᠤ᠂ ᠲᠥᠷᠥᠯ ᠵᠦᠢᠯ ᠢ ᠣᠷᠣᠭᠤᠯᠬᠤ᠂ ᠪᠠᠯᠠ ᠣᠷᠣᠭᠤᠯᠤᠯᠲᠠ ᠶᠢ ᠥᠷᠭᠡᠳᠬᠡᠬᠦ ᠶᠢ ᠦᠷᠬᠦᠯᠵᠢᠯᠡᠨ ᠴᠢᠩᠭᠠᠳᠬᠠᠬᠤ ᠪᠣᠯ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠡᠷᠬᠡᠪᠰᠢ ᠰᠣᠩᠭᠤᠬᠤ ᠵᠦᠢᠯ ᠪᠣᠯᠤᠨ᠎ᠠ᠃ ᠭᠡᠪᠡᠴᠦ ᠨᠡᠯᠢᠶᠡᠳ ᠬᠥᠭᠵᠢᠭᠰᠡᠨ ᠭᠠᠵᠠᠷ ᠣᠷᠣᠨ ᠪᠠ ᠬᠥᠭᠵᠢᠯᠲᠡ ᠪᠠᠷ ᠨᠡᠯᠢᠶᠡᠳ ᠲᠦᠷᠭᠡᠨ ᠭᠠᠵᠠᠷ ᠣᠷᠣᠨ ᠲᠠᠢ ᠬᠠᠷᠢᠴᠠᠭᠤᠯᠪᠠᠯ᠂ ᠠᠯᠠᠱᠠ ᠠᠶᠢᠮᠠᠭ ᠤᠨ ᠠᠵᠤ ᠦᠢᠯᠡᠰ ᠤᠨ ᠬᠡᠪᠴᠢᠶ᠎ᠡ ᠪᠠ ᠵᠠᠬ᠎ᠠ ᠳᠡᠯᠭᠡᠭᠦᠷ ᠤᠨ ᠬᠡᠪᠴᠢᠶ᠎ᠡ ᠨᠢ ᠨᠡᠯᠢᠶᠡᠳ ᠪᠠᠭ᠎ᠠ᠂ ᠪᠠᠯᠠ ᠣᠷᠣᠭᠤᠯᠤᠯᠲᠠ ᠶᠢᠨ ᠲᠠᠲᠠᠬᠤ ᠬᠦᠴᠦᠨ ᠨᠢ ᠶᠡᠭᠡ ᠪᠢᠰᠢ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠣᠣᠯ ᠠᠴᠠ ᠪᠠᠨ ᠬᠦᠷᠦᠯᠴᠡᠬᠦ ᠥᠬᠡᠶ᠂ ᠳᠤᠲᠠᠭᠤᠳᠠᠯ ᠪᠠ ᠪᠠᠭᠤᠷᠠᠶ ᠲᠠᠯ᠎ᠠ ᠨᠢ ᠨᠡᠯᠢᠶᠡᠳ ᠢᠯᠡᠷᠬᠡᠶ ᠪᠠᠶᠢᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠷ ᠳᠤᠲᠠᠮᠠᠭ ᠪᠠᠶᠢᠨ᠎ᠠ᠂ ᠡᠶᠢᠮᠦᠷᠬᠦ ᠪᠣᠳᠠᠲᠤ ᠪᠠᠶᠢᠳᠠᠯ ᠳᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ︽ᠵᠥᠭᠡᠯᠡᠨ ᠪᠣᠳᠠᠲᠤ ᠬᠦᠴᠦᠨ︾ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠤᠨ ᠳᠠᠪᠠᠭᠤᠯᠢᠭ ᠢ ᠪᠣᠶ ᠪᠣᠯᠭᠠᠪᠠᠯ ᠰᠠᠶ᠋ᠢ ᠲᠣᠮᠣ ᠠᠵᠤ ᠠᠬᠤᠶᠢᠯᠠᠯ᠂ ᠰᠢᠯᠢᠳᠡᠭ ᠲᠥᠷᠥᠯ  ᠵᠦᠢᠯ ᠢ ᠣᠷᠣᠭᠤᠯᠤᠨ ᠠᠪᠴᠢᠷᠠᠵᠤ᠂ ᠳᠤᠲᠠᠭᠤᠳᠠᠯ ᠢ ᠨᠥᠬᠦᠪᠥᠷᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠳᠦᠷᠭᠡᠳᠬᠡᠨ ᠠᠬᠢᠭᠤᠯᠵᠤ ᠴᠢᠳᠠᠨ᠎ᠠ︔  ᠬᠤᠶᠠᠳᠡᠬᠢ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯ ᠳᠠᠷᠣᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠨᠡᠶᠢᠭᠡᠮ ᠤᠨ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠯᠠᠱᠠ ᠠᠶᠢᠮᠠᠭ ᠤᠨ ᠠᠵᠤ ᠦᠢᠯᠡᠰ ᠤᠨ ᠪᠦᠲᠦᠴᠡ ᠲᠡᠩᠴᠡᠭᠦᠷᠢ ᠦᠭᠡᠶ ᠪᠠᠶᠢᠬᠤ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠨᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠣᠷ᠎ᠠ᠂ ᠠᠵᠤ ᠦᠢᠯᠡᠳᠪᠦᠷᠢ ᠶᠢᠨ ᠶᠡᠷᠦᠩᠬᠡᠶ ᠬᠡᠪᠴᠢᠶ᠎ᠡ ᠨᠢ ᠨᠡᠯᠢᠶᠡᠳ ᠪᠠᠭ᠎ᠠ᠂ ᠮᠡᠷᠭᠡᠵᠢᠯ ᠤᠨ ᠰᠢᠨ᠎ᠡ ᠶᠢ ᠡᠭᠦᠳᠬᠦ ᠠᠭᠤᠯᠤᠭᠳᠠᠴᠠ ᠪᠠᠷ ᠥᠨᠳᠥᠷ ᠪᠤᠰᠤ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠳᠤᠲᠠᠭᠳᠠᠵᠤ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠡᠬᠢᠯᠡᠯᠲᠡ ᠨᠢ ᠨᠡᠯᠢᠶᠡᠳ ᠣᠷᠣᠶ᠂ ᠠᠮᠢᠵᠢᠷᠠᠯ ᠤᠨ ᠬᠦᠴᠦᠨ ᠢᠶᠠᠷ ᠠᠨᠠᠢ ᠪᠠᠶᠢᠨ᠎ᠠ᠃ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠩ ᠨᠡᠶᠢᠴᠡᠬᠦ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠮᠡᠷᠭᠡᠵᠢᠯ᠂ ᠠᠵᠤ ᠦᠢᠯᠡᠰᠵᠢᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠪᠠᠴᠢᠮ ᠱᠠᠭᠠᠷᠳᠠᠵᠤ᠂ ᠤᠯᠠᠮᠵᠢᠯᠠᠯᠲᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ᠂ ᠮᠡᠷᠭᠡᠵᠢᠯ ᠤᠨ ᠲᠡᠰ ᠳᠡᠪᠰᠢᠬᠦ ᠶᠢ ᠲᠦᠷᠭᠡᠳᠬᠡᠬᠦ᠂ ᠰᠢᠨ᠎ᠡ ᠶᠢ ᠡᠭᠦᠳᠬᠦ ᠦᠢᠯᠡᠳᠬᠦᠨ ᠤ ᠦᠷᠳᠡᠭ ᠢ ᠨᠡᠮᠡᠭᠳᠡᠭᠦᠯᠬᠦ ᠶᠢ ᠪᠠᠴᠢᠮ ᠱᠠᠭᠠᠷᠳᠠᠵᠤ᠂ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠬᠦ ᠶᠢ ᠪᠠᠴᠢᠮ ᠱᠠᠭᠠᠷᠳᠠᠵᠤ ᠪᠠᠶᠢᠨ᠎ᠠ᠂ ᠡᠳᠡᠭᠡᠷ ᠢ ᠪᠡᠶᠡᠯᠡᠭᠦᠯᠬᠦ ᠳᠤ᠂ ᠡᠷᠬᠡᠪᠰᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠭᠠᠨ ᠳᠤ ᠨᠡᠶᠢᠴᠡᠭᠰᠡᠨ᠂ ᠠᠷᠠᠳ ᠤᠯᠠᠨ ᠳᠤ ᠲᠠᠭᠠᠰᠢᠶᠠᠭᠳᠠᠭᠰᠠᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠪᠦᠬᠦ ᠨᠡᠶᠢᠭᠡᠮ ᠤᠨ ᠬᠦᠴᠦᠨ ᠢ ᠨᠡᠩ ᠰᠠᠶᠢᠲᠤᠷ ᠳᠠᠶᠢᠴᠢᠯᠠᠵᠦ ᠪᠠᠶᠢᠭᠠᠳ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠣᠷᠣᠯᠴᠠᠭᠤᠯᠬᠤ ᠬᠡᠷᠡᠭᠲᠡᠢ︔ ᠭᠤᠷᠪᠠᠳᠡᠬᠢ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯ ᠳᠠᠷᠣᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠠᠵᠢᠯ ᠬᠢᠵᠦ ᠦᠢᠯᠡᠰ ᠪᠦᠳᠦᠭᠡᠬᠦ ᠠᠭᠤᠷ ᠠᠮᠢᠰᠬᠤᠯ ᠢ ᠪᠦᠷᠢᠯᠳᠦᠭᠦᠯᠬᠦ ᠬᠦᠴᠦᠷᠬᠡᠭ ᠶᠡᠭᠡ ᠪᠠᠲᠤᠯᠠᠭ᠎ᠠ ᠮᠥᠨ᠃ ᠠᠯᠠᠱᠠ ᠠᠶᠢᠮᠠᠭ ᠪᠣᠯ ᠨᠡᠶᠢᠲᠡᠯᠢᠭ ᠵᠢᠵᠢᠭ ᠬᠤᠲᠠ ᠪᠠᠯᠭᠠᠰᠤ ᠮᠥᠨ᠂ ︽ᠨᠠᠶᠢᠷ ᠲᠠᠯ᠎ᠠ ᠶᠢ ᠬᠠᠷᠠᠬᠤ︾ ᠨᠢ ᠨᠡᠯᠢᠶᠡᠳ ᠲᠣᠪᠤᠶᠢᠮ᠎ᠠ ᠪᠠᠶᠢᠳᠠᠭ᠂ ᠦᠵᠡᠯᠲᠡ ᠪᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠡᠯ᠎ᠡ ᠱᠠᠲᠤᠨ ᠤ ᠺᠠᠳ᠋ᠷᠴᠤᠳ ᠲᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠵᠥᠪᠬᠡᠨ ᠠᠵᠤ ᠠᠬᠤᠶᠢᠯᠠᠯ ᠳᠤ  ᠦᠢᠯᠡᠴᠢᠯᠡᠬᠦ᠂ ᠵᠠᠬ᠎ᠠ ᠳᠡᠯᠭᠡᠭᠦᠷ ᠲᠤ ᠦᠢᠯᠡᠴᠢᠯᠡᠬᠦ ᠶᠢᠨ ᠲᠥᠯᠥᠭᠡ ᠪᠢᠰᠢ᠂ ᠨᠠᠩ ᠴᠢᠨᠠᠭᠰᠢᠳᠠ ᠪᠥᠬᠦ ᠨᠡᠶᠢᠭᠡᠮ ᠤᠨ ᠪᠣᠶ ᠪᠥᠬᠦᠶ ᠬᠥᠮᠦᠰ ᠤᠨ ᠬᠠᠮᠲᠤ ᠶᠢᠨ ᠬᠥᠭᠵᠢᠯᠲᠡ ᠶᠢᠨ ᠲᠥᠯᠥᠭᠡ ᠶᠤᠮ ᠭᠡᠳᠡᠭ ᠢ ᠲᠠᠨᠢᠭᠤᠯᠬᠤ ᠬᠡᠷᠡᠭᠲᠡᠶ᠃ ᠡᠵᠡᠩᠨᠡᠨ ᠠᠷᠠᠯᠵᠢᠶᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠨᠢ ᠠᠵᠤ ᠠᠬᠤᠶᠢᠯᠠᠯ ᠤᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠠᠮᠢᠵᠢᠷᠠᠯ ᠲᠠᠢ ᠪᠣᠯᠭᠠᠵᠤ᠂ ᠲᠦᠷᠢᠮ ᠨᠢ ᠲᠣᠳᠣᠷᠬᠠᠢ᠂ ᠲᠡᠰ ᠳᠠᠷᠠᠭᠠᠯᠠᠯ ᠨᠢ ᠢᠯᠡ᠂ ᠡᠷᠬᠡ ᠲᠡᠭᠰᠢ ᠲᠥᠪ ᠭᠤᠣᠯᠴᠢ ᠣᠷᠴᠢᠨ ᠲᠣᠭᠤᠷᠢᠨ ᠢ ᠪᠤᠢ ᠪᠣᠯᠭᠠᠵᠤ ᠴᠢᠳᠠᠨ᠎ᠠ᠂ ᠡᠨᠡ ᠨᠢ ᠡᠯ᠎ᠡ ᠱᠠᠲᠤᠨ ᠤ ᠺᠠᠳ᠋ᠷ ᠤᠨ ᠠᠵᠢᠯ ᠬᠢᠵᠦ ᠦᠢᠯᠡᠰ ᠪᠦᠳᠦᠭᠡᠬᠦ ᠳᠤ ᠨᠡᠩ ᠶᠡᠭᠡ ᠣᠷᠣᠨ ᠵᠠᠢ ᠪᠣᠯᠤᠨ ᠨᠡᠩ ᠶᠡᠭᠡ ᠪᠣᠯᠤᠮᠵᠢ ᠶᠢ ᠪᠦᠷᠢᠯᠳᠦᠭᠦᠯᠵᠦ ᠴᠢᠳᠠᠨ᠎ᠠ᠃
       ᠳᠠᠶᠢᠴᠢᠨ ᠭᠤᠣᠯᠳᠠᠯᠭᠠᠳᠣ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠣᠳᠣᠯᠵᠦ ᠪᠠᠶᠢᠭ᠎ᠠ ᠨᠢ᠃       ᠬᠤᠶᠠᠳᠤᠭᠠᠷ ᠠᠯᠬᠤᠮ ᠳᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠤᠨ  ᠳᠦᠯᠦᠪᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ ᠨᠢᠭᠡ ᠳᠤ᠂ ︽ᠭᠤᠷᠪᠠᠨ ᠱᠤᠭᠤᠮ ᠤᠨ ᠪᠠᠶᠢᠭᠤᠯᠤᠯᠲᠠ︾ ᠪᠠᠷ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ  ᠦᠢᠯᠡᠴᠢᠯᠡᠬᠡᠨ ᠤ ᠲᠠᠪᠴᠠᠩ ᠢ ᠪᠥᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠬᠢᠨᠠᠮᠠᠭᠠᠢ ᠨᠠᠶᠢᠳᠠᠪᠣᠷᠢᠵᠢᠭᠤᠯᠵᠦ᠂ ᠠᠶᠢᠮᠠᠭ ᠤᠨ ᠱᠠᠲᠤ᠂ ᠭᠤᠷᠪᠠᠨ ᠬᠤᠰᠢᠭᠤ ᠬᠤᠶᠠᠷ ᠨᠡᠭᠡᠭᠡᠯᠳᠡ ᠶᠢᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠪᠣᠳᠠᠲᠤ ᠴᠣᠭᠴᠠ ᠶᠢᠨ ᠬᠢᠨ ᠤ ᠲᠢᠩᠬᠢᠮ ᠢ ᠪᠦᠷᠢᠨ ᠬᠠᠮᠣᠷᠬᠤ ᠶᠢ ᠪᠡᠶᠡᠯᠡᠭᠦᠯᠵᠦ᠂ ᠣᠳᠣᠬᠠᠨ ᠳᠤ ᠠᠶᠢᠮᠠᠭ ᠬᠤᠰᠢᠭᠤ      ︵ᠨᠡᠭᠡᠭᠡᠯᠳᠡ ᠶᠢᠨ ᠣᠷᠣᠨ︶ ᠶᠢᠨ 133 ᠰᠠᠯᠠᠭ᠎ᠠ ᠮᠥᠴᠢᠷ ᠤᠨ 2964 ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠷᠣᠭᠤᠯᠵᠤ᠂ ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ ᠶᠢ ᠪᠡᠶᠡᠯᠡᠭᠦᠯᠪᠡ᠃ ︽ᠰᠦᠯᠵᠢᠶᠡᠨ ᠠᠴᠠ ᠭᠠᠳᠠᠭᠤᠷᠬᠢ︾ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠬᠦ ᠶᠢᠨ ᠬᠠᠮᠲᠤ᠂ ︽ᠰᠦᠯᠵᠢᠶᠡᠨ ᠳᠠᠬᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠵᠡᠷᠭᠡᠪᠡᠷ ᠠᠬᠢᠭᠤᠯᠵᠤ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ︽ᠰᠠᠶᠢᠨ ᠮᠠᠭᠤ ᠦᠨᠡᠯᠡᠯᠲᠡ︾᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾᠂ ︽ᠢᠨᠲ᠋ᠧᠷ ᠰᠦᠯᠵᠢᠶ᠎ᠡ + ᠬᠢᠨᠠᠠ ᠬᠠᠮᠢᠶᠠᠷᠤᠯᠲᠠ︾ ᠵᠡᠷᠭᠡ ᠲᠠᠪᠴᠠᠩ ᠪᠠ ᠮᠥᠩᠬᠡ ᠰᠤᠪᠠᠭ ᠢᠶᠠᠷ ᠭᠦᠢᠴᠡᠳᠬᠡᠬᠦ App᠂ 3322 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶᠡᠨ ᠳᠤ ᠪᠦᠬᠦ ᠶᠠᠪᠤᠴᠠ ᠪᠠᠷ ᠭᠦᠢᠴᠡᠳᠬᠡᠬᠦ ᠶᠢ ᠪᠡᠶᠡᠯᠡᠭᠦᠯᠵᠦ᠂ ᠰᠦᠯᠵᠢᠶ᠎ᠡ ᠪᠠᠷ ᠠᠵᠢᠯ ᠭᠦᠢᠴᠡᠳᠬᠡᠬᠦ ᠨᠣᠷᠮ᠎ᠠ ᠨᠢ 90 % ᠶᠢ ᠳᠠᠪᠠᠪᠠ᠃ ︽ᠰᠦᠯᠵᠢᠶᠡᠨ ᠳᠤ︾ ︽ᠰᠦᠯᠵᠢᠶᠡᠨ ᠭᠠᠳᠠᠨ᠎ᠠ︾ ᠠᠴᠠ ᠴᠠᠭᠠᠨ᠎ᠠ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠬᠦᠢᠴᠡᠳ ᠰᠢᠯᠣᠭᠤᠳᠬᠠᠵᠦ᠂ ᠣᠯᠠᠨ ᠰᠠᠯᠠᠭ᠎ᠠ ᠮᠥᠴᠢᠷ ᠤᠨ ᠤᠲᠠᠰᠤ ᠶᠢ ᠡᠮᠬᠢᠯᠡᠨ ᠨᠡᠶᠢᠯᠡᠭᠦᠯᠵᠦ ︽12345 ᠳᠣᠰᠬᠠᠢ ᠤᠲᠠᠰᠤ︾ ᠶᠢᠨ ᠲᠠᠪᠴᠠᠩ ᠢ ᠨᠡᠪᠳᠡᠷᠡᠬᠦᠯᠵᠦ᠂ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠶᠢᠨ 4 ᠲᠠᠰ ᠢ ᠬᠠᠮᠣᠷᠣᠭᠰᠠᠨ ᠬᠤᠯᠪᠣᠭᠠᠯᠠᠨ ᠰᠢᠢᠳᠪᠦᠷᠢᠯᠡᠬᠦ ᠵᠠᠭᠪᠤᠷ ᠢ ᠪᠦᠷᠢᠯᠳᠦᠬᠦᠯᠵᠦ᠂ ︽7 × 24︾ ᠴᠠᠭ ᠤᠨ ᠮᠣᠩᠭᠤᠯ ᠬᠢᠲᠠᠳ ᠬᠤᠤᠰ ᠬᠡᠯᠡᠨ ᠤ ᠪᠦᠬᠦᠯᠢ ᠡᠳᠦᠷ ᠤᠨ ᠠᠵᠢᠯᠳᠠᠨ ᠤ ᠦᠢᠯᠡᠴᠢᠯᠡᠭᠡ ᠬᠠᠩᠭᠠᠵᠦ᠂ ᠡᠯ᠎ᠡ ᠲᠥᠷᠥᠯ ᠤᠨ ᠪᠠᠴᠢᠮ ᠪᠤᠰᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠵᠦ᠂ ᠠᠵᠤ ᠠᠬᠤᠶ ᠶᠢᠨ ᠲᠣᠬᠢᠷᠠᠭᠤᠯᠭ᠎ᠠ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠯᠭ᠎ᠠ᠂ ᠲᠤᠰᠠᠯᠠᠮᠵᠢ ᠭᠤᠶᠤᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠪᠠᠭᠳᠠᠵᠦ᠂ ᠣᠯᠠᠨ ᠲᠦᠮᠡᠨ ᠤ ᠢᠷᠡᠭᠦᠯᠦᠭᠰᠡᠨ ᠣᠳᠠᠰᠣ ᠶᠢ ᠳᠣᠰᠴᠦ᠂ ︽ᠰᠡᠳᠬᠢᠯ ᠳᠡᠭᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠣᠳᠠᠰᠣᠳᠠᠭᠠᠳ ᠰᠢᠢᠳᠪᠦᠷᠢᠯᠡᠬᠦ︾ ᠶᠢ ᠪᠡᠶᠡᠯᠡᠬᠦᠯᠪᠡ︔ ᠬᠤᠶᠠᠷ ᠲᠤ᠂ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠪᠠᠷ ᠬᠠᠷᠠᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠯᠠᠱᠠ ᠠᠶᠢᠮᠠᠭ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ︽32 ᠵᠤᠷᠪᠤᠰ︾ ᠢ ᠨᠡᠶᠢᠲᠡᠯᠡᠵᠦ᠂ ᠴᠠᠭ ᠢ ᠪᠣᠭᠤᠨᠢᠰᠬᠠᠬᠤ᠂ ᠮᠠᠲ᠋ᠧᠷᠢᠶᠠᠯ ᠢ ᠪᠠᠭᠠᠰᠬᠠᠬᠤ ︽ᠴᠢᠩᠭ᠎ᠠ ᠪᠠᠷᠢᠮᠵᠢᠶ᠎ᠠ︾ ᠶᠢ ᠲᠣᠳᠣᠷᠬᠠᠶᠢᠯᠠᠵᠤ᠂ 5 ᠲᠠᠯ᠎ᠠ ᠶᠢᠨ 32 ᠵᠤᠷᠪᠤᠰ ᠪᠦᠬᠦᠢ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠠᠬᠢᠭᠤᠯᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠲᠤ ᠠᠵᠤ ᠠᠬᠤᠶᠢᠯᠠᠯ ᠢ 1 ᠡᠳᠦᠷ ᠤᠨ ᠳᠣᠳᠣᠷ᠎ᠠ ᠡᠬᠢᠯᠡᠨ  ᠡᠷᠬᠢᠯᠡᠵᠦ ᠪᠣᠯᠬᠤ ᠶᠢ ᠪᠡᠶᠡᠯᠡᠭᠦᠯᠵᠦ᠂ ᠪᠠᠷᠢᠯᠭ᠎ᠠ ᠶᠢᠨ ᠵᠥᠪᠰᠢᠶᠡᠷᠡᠯ ᠤᠨ ᠴᠠᠭ ᠤᠨ ᠬᠢᠵᠠᠭᠠᠷ ᠢ 65 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠨ ᠬᠠᠰᠤᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠨᠢ ︽ᠨᠢᠭᠡ ᠢᠵᠢ ᠮᠠᠲ᠋ᠧᠷᠢᠶᠠᠯ᠂ ᠨᠢᠭᠡ ᠲᠢᠩᠬᠢᠮ ᠳᠤ ᠬᠠᠮᠲᠤᠷᠠᠨ ᠬᠦᠢᠴᠡᠳᠬᠡᠬᠦ︾ ᠶᠢ ᠪᠡᠶᠡᠯᠡᠭᠦᠯᠵᠦ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠰᠢᠲᠠᠮᠠᠬᠠᠶ ᠬᠡᠶ ᠬᠡᠷᠡᠭᠯᠡᠬᠦ᠂ ᠲᠤᠤᠷ ᠰᠦᠯᠵᠢᠶ᠎ᠡ ᠠᠰᠢᠭᠯᠠᠬᠤ ᠬᠤᠷᠳᠤᠴᠠ ᠶᠢ ᠪᠥᠬᠦ ᠲᠠᠯ᠎ᠠ ᠪᠠᠷ ᠲᠦᠷᠭᠡᠳᠬᠡᠵᠦ᠂ ᠬᠢᠯᠢ ᠠᠯᠤᠰᠯᠠᠭᠰᠠᠨ ᠠᠷᠠᠯᠵᠢᠶ᠎ᠠ ᠨᠠᠩ ᠳᠥᠭᠦᠮ ᠳᠥᠲᠡ ᠪᠣᠯᠵᠣ᠂ ᠪᠣᠭᠤᠮᠲᠠ ᠥᠩᠭᠡᠷᠡᠬᠦ ᠴᠠᠭ ᠢ 50 % ᠠᠴᠠ ᠳᠡᠭᠡᠭᠰᠢ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠬᠡᠬᠦ  ᠦᠢᠯᠡᠴᠢᠯᠡᠬᠡᠨ ᠤ ᠵᠠᠭᠪᠤᠷ ᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ 24 ᠭᠤᠤᠯ ᠲᠥᠷᠥᠯ ᠵᠦᠢᠯ ᠤᠨ 134 ᠬᠤᠪᠢᠶᠠᠷᠢ ᠲᠥᠷᠥᠯ ᠵᠦᠢᠯ ᠢ ᠤᠨᠳᠤᠤ ᠭᠠᠵᠠᠷ ᠲᠤ  ᠬᠦᠢᠴᠡᠳᠬᠡᠵᠦ᠂ ᠣᠶᠢᠷ᠎ᠠ ᠬᠠᠪᠢ  ᠳᠠᠭᠠᠨ ᠬᠦᠢᠴᠡᠳᠬᠡᠵᠦ ᠳᠡᠶᠢᠯᠬᠦ ᠪᠣᠯᠪᠠ᠃
      ᠳᠠᠶᠢᠴᠢᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ ᠢ ᠪᠠᠶᠢᠴᠠᠭᠠᠨ ᠰᠣᠳᠣᠯᠵᠦ ᠪᠠᠶᠢᠭ᠎ᠠ ᠨᠢ᠃       ᠭᠤᠷᠪᠠᠳᠤᠭᠠᠷ ᠠᠯᠬᠤᠮ ᠳᠤ᠂ ᠳᠦᠷᠢᠮ ᠲᠣᠭᠲᠠᠭᠠᠯ ᠲᠣᠭᠲᠠᠭᠠᠬᠤ ᠶᠢ ᠭᠦᠨᠵᠡᠭᠡᠶᠢᠷᠡᠭᠦᠯᠵᠦ᠂ ᠴᠥᠬᠦᠷᠡᠰᠢ ᠦᠭᠡᠢ ᠪᠠᠶᠢᠩᠭᠤ ᠠᠳᠬᠤᠬᠤ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢᠮᠠᠭᠲᠠ ᠵᠤᠬᠰᠤᠰᠢ ᠦᠭᠡᠢ ᠶᠠᠪᠤᠭᠳᠠᠵᠤ ᠪᠠᠶᠢᠬᠤ ᠶᠢ ᠪᠢᠳᠡ ᠭᠦᠨᠵᠡᠭᠡᠢ ᠲᠠᠨᠢᠵᠤ ᠤᠯᠪᠠ᠃ ᠢᠯᠠᠩᠭᠤᠶ᠎ᠠ ᠲᠥᠪ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠬᠥᠭᠵᠢᠭᠰᠡᠨ ᠭᠠᠵᠠᠷ ᠣᠷᠣᠨ᠂ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠵᠤ᠂ ᠠᠯᠠᠱᠠ ᠠᠶᠢᠮᠠᠭ ᠨᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠪᠠᠰᠠ ᠮᠠᠰᠢ ᠣᠯᠠᠨ ᠰᠠᠶᠢᠵᠢᠷᠠᠭᠤᠯᠬᠤ ᠪᠠ ᠴᠢᠩᠭᠠᠳᠬᠠᠬᠤ ᠴᠢᠬᠤᠯᠠᠲᠠᠶ ᠲᠠᠯ᠎ᠠ ᠪᠠᠶᠢᠨ᠎ᠠ᠃ ᠣᠳᠣᠬᠠᠨ ᠳᠤ᠂ ᠠᠯᠠᠱᠠ ᠠᠶᠢᠮᠠᠭ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠢ ᠪᠠᠶᠢᠭᠤᠯᠵᠦ᠂ ᠠᠵᠢᠯ ᠤᠨ ᠲᠤᠰᠬᠠᠶ ᠠᠩᠭᠢ ᠶᠢ ᠪᠠᠶᠢᠭᠤᠯᠣᠨ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠪᠠ ᠲᠤᠰᠬᠠᠶ ᠠᠩᠭᠢ ᠬᠠᠷᠢᠭᠤᠴᠠᠬᠤ ᠲᠣᠭᠲᠠᠴᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠶᠢᠩᠭᠤ ᠠᠳᠬᠤᠵᠦ᠂ ︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ ︵ᠵᠠᠰᠠᠪᠤᠷᠢ ᠣᠷᠣᠭᠤᠯᠤᠭᠰᠠᠨ︶︾ ᠪᠠ ︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠨᠡᠶᠢᠳᠡᠯᠡᠬᠦ ᠶᠢᠨ ᠬᠠᠮᠳᠣ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠢᠷᠡᠬᠦ ᠳᠠᠪᠣᠨ ᠵᠢᠯ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠠᠯᠲᠠ ᠪᠠ ᠴᠢᠭᠯᠡᠯ ᠢ ᠳᠣᠳᠣᠷᠬᠠᠶᠢᠯᠠᠵᠦ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠳᠤ ᠡᠭᠦᠷᠭᠡ᠂ ᠴᠠᠭ ᠤᠨ ᠬᠦᠰᠦᠨᠦᠭᠲᠦ᠂  ᠠᠵᠢᠯᠯᠠᠭᠠᠨ ᠤ ᠳᠦᠯᠦᠪᠯᠡᠭᠡ ᠶᠢ ᠳᠣᠳᠣᠷᠬᠠᠶᠢᠯᠠᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠡᠴᠦᠰ ᠲᠤᠨᠢ ᠲᠤᠯᠲᠠᠯ᠎ᠠ ᠠᠳᠬᠤᠵᠦ᠂ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠬᠦᠯᠦᠨ᠎ᠡ᠃
 
ᠢᠷᠡᠯᠲᠡ᠄ ᠦᠨᠦᠳᠦᠷ ᠤᠨ ᠠᠯᠠᠱᠠ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号