ᠠᠯᠠᠱᠨ ᠠᠶᠢᠮᠠᠭ ᠤᠨ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠬᠦᠯ ᠮᠠᠨᠲᠤ ᠶᠢᠨ ᠬᠦᠨᠵᠡᠬᠡᠢ ᠠᠭᠤᠰᠣᠯᠴᠠᠯ ᠢ ᠲᠦᠯᠬᠢᠨ ᠠᠬᠢᠭᠤᠯᠬᠤ ᠲᠤᠬᠠᠢ ᠭᠡᠷᠡᠭᠵᠢᠬᠦᠯᠬᠦ ᠲᠦᠰᠦᠯ
ᠨᠡᠶᠢᠲᠡᠯᠡᠭᠰᠡᠨ ᠴᠠᠭ᠄
2021/4/27
     ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠤᠯᠤᠰ ᠤᠨ ᠪᠠᠶᠢᠯᠲᠤᠬᠤ ᠪᠤᠲᠤᠯᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠠᠶᠢᠮᠠᠭ ᠤᠨ ᠡᠯ᠎ᠠ ᠦᠨᠲᠤᠰᠦᠳᠠᠨ ᠤ ᠤᠯᠠᠨ ᠲᠦᠮᠠᠨ ᠤ ᠪᠠᠶ᠎ᠠ ᠰᠡᠳᠬᠢᠯ ᠤᠨ ᠡᠷᠡᠬᠦᠯ ᠮᠠᠨᠲᠤ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ︽ᠡᠷᠡᠬᠦᠯ ᠡᠩᠭᠡ ᠠᠯᠠᠱᠨ︾ ᠶᠢᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠶᠢᠨ ᠲᠤᠰᠠᠳᠠ᠂ ︽ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠬᠦᠯ ᠮᠠᠨᠲᠤ ᠶᠢᠨ ᠬᠦᠨᠵᠡᠬᠡᠢ ᠠᠭᠤᠰᠣᠯᠴᠠᠯ ᠢ ᠲᠦᠯᠬᠢᠨ ᠠᠬᠢᠭᠤᠯᠬᠤ ᠲᠤᠬᠠᠢ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ ᠤᠨ ᠭᠡᠷᠡᠭᠵᠢᠬᠦᠯᠬᠦ ᠰᠠᠨᠠᠯ︾ ︵ᠦᠪᠤᠷ ᠵᠠᠰᠠᠭ ᠠᠯᠪᠠᠨ ᠲᠠᠷᠬᠠᠭᠠᠭᠰᠠᠨ ﹇2019﹈ 32 ᠳ᠋ᠤᠭᠠᠷ ᠲᠤᠭᠠᠲᠤ︶ ᠤᠨ ᠱᠠᠭᠠᠷᠳᠠᠯᠭ᠎ᠠ ᠶᠢ ᠦᠨᠲᠤᠰᠦᠯᠠᠵᠦ᠂ ᠮᠠᠨ ᠤ ᠠᠶᠢᠮᠠᠭ ᠤᠨ ᠪᠤᠳᠠᠲᠠᠢ ᠲᠠᠢ ᠤᠶᠠᠯᠲᠤᠭᠤᠯᠵᠦ᠂ ᠲᠤᠰ ᠭᠡᠷᠡᠭᠵᠢᠬᠦᠯᠬᠦ ᠲᠦᠰᠦᠯ ᠢ ᠲᠤᠭᠳᠠᠭᠠᠪᠠ᠃      ᠨᠢᠭᠡ᠂ ᠵᠢᠯᠤᠭᠤᠳᠬᠤ ᠦᠵᠠᠯ ᠰᠠᠨᠠᠭ᠎ᠠ      ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠦ᠂ ︽ᠪᠠᠶ᠎ᠠ ᠶᠢᠨ ᠲᠠᠮᠢᠷ ᠢᠶᠠᠷ ᠤᠯᠤᠰ ᠢᠶᠠᠨ ᠬᠦᠴᠦᠷᠭᠡᠭᠵᠢᠬᠦᠯᠬᠦ ᠪᠠᠶᠢᠭᠤᠯᠤᠯᠳᠠ ᠶᠢᠨ ᠬᠦᠲᠤᠯᠪᠤᠷᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠲᠦᠮᠠᠨ ᠤ ᠡᠷᠡᠬᠦᠯ ᠮᠠᠨᠲᠤ ᠶᠢ ᠡᠩ ᠲᠡᠷᠢᠬᠦᠨ ᠳᠤ ᠬᠦᠭᠵᠢᠬᠦᠯᠬᠦ ᠪᠠᠶᠢᠯᠲᠤᠬᠤ ᠪᠤᠲᠤᠯᠭ᠎ᠠ ᠶᠢᠨ ᠪᠠᠶᠢᠷᠢ ᠰᠠᠭᠤᠷᠢ ᠶᠢ ᠪᠠᠷᠢᠮᠳᠠᠯᠠᠵᠦ᠂    ︽ᠶᠡᠭᠡ ᠡᠷᠡᠬᠦᠯ ᠡᠩᠭᠡ︾ ᠶᠢᠨ ᠣᠶᠢᠯᠠᠭᠠᠭᠳᠠᠬᠤᠨ ᠢ ᠪᠤᠢ ᠪᠤᠯᠭᠠᠵᠦ᠂ ᠪᠦᠬᠦ ᠠᠶᠢᠮᠠᠭ ᠤᠨ ᠡᠯ᠎ᠠ ᠦᠨᠲᠤᠰᠦᠳᠠᠨ ᠤ ᠤᠯᠠᠨ ᠲᠦᠮᠠᠨ ᠤ ᠪᠠᠶ᠎ᠠ ᠮᠠᠬᠠᠪᠤᠳ ᠤᠨ ᠴᠢᠨᠠᠷ ᠴᠢᠨᠰᠠᠭ᠎ᠠ ᠪᠠ ᠡᠷᠡᠬᠦᠯ ᠮᠠᠨᠲᠤ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠪᠠᠷ ᠦᠨᠲᠤᠰᠤᠨ ᠡᠬᠦᠷᠭᠡ ᠪᠠᠨ ᠪᠤᠯᠭᠠᠵᠦ᠂ ᠪᠠᠶ᠎ᠠ ᠶᠢᠨ ᠲᠠᠮᠢᠷ ᠤᠨ ᠡᠪᠡᠳᠴᠢᠨ ᠡᠮᠭᠡᠭ ᠢ ᠰᠡᠷᠭᠡᠶᠢᠯᠠᠬᠦ᠂ ᠡᠷᠡᠬᠦᠯᠵᠢᠬᠦᠯᠬᠦ ᠬᠦᠳᠡᠯᠭᠡᠭᠡᠨ ᠬᠢᠬᠦ ᠵᠡᠷᠭᠡ ᠲᠠᠯ᠎ᠠ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠬᠤ ᠪᠠᠷ ᠭᠠᠷᠳᠠᠴᠠ ᠪᠤᠯᠭᠠᠨ᠂ ᠭᠡᠯᠪᠠᠷᠢ ᠮᠠᠶ᠋ᠢᠭ ᠨᠢ ᠤᠯᠠᠨ ᠶᠠᠩᠵᠦ᠂ ᠠᠭᠤᠯᠭ᠎ᠠ ᠨᠢ ᠪᠠᠶᠠᠯᠢᠭ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠬᠦᠯ ᠮᠠᠨᠲᠤ ᠶᠢᠨ ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠭᠤᠯᠵᠦ᠂ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠬᠦᠨᠵᠡᠬᠡᠢ ᠠᠭᠤᠰᠣᠯᠴᠠᠯ ᠢ ᠶᠡᠭᠡ ᠬᠦᠴᠦᠨ ᠢᠶᠠᠷ ᠠᠬᠢᠭᠤᠯᠵᠦ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠪᠠ ᠵᠤᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠠᠯᠠᠱᠨ ᠶᠢᠨ ᠡᠯ᠎ᠠ ᠦᠨᠲᠤᠰᠦᠳᠠᠨ ᠤ ᠤᠯᠠᠨ ᠲᠦᠮᠠᠨ ᠢ ᠨᠠᠩ ᠰᠠᠶᠢᠨ ᠰᠠᠶᠢᠬᠠᠨ ᠠᠮᠢᠲᠤᠷᠠᠭᠤᠯᠬᠤ ᠪᠠᠷ ᠴᠢᠷᠮᠠᠶᠢᠨ᠎ᠠ᠃      ᠬᠤᠶᠠᠷ᠂ ᠦᠨᠲᠤᠰᠤᠨ ᠵᠠᠷᠴᠢᠮ      ︵ᠨᠢᠭᠡ︶ ᠤᠯᠠᠨ ᠲᠦᠮᠠᠨ   ᠢᠶᠠᠷ ᠭᠤᠤᠯ ᠴᠤᠭᠴᠠ ᠪᠤᠯᠭᠠᠬᠤ   ᠶᠢ ᠪᠠᠷᠢᠮᠳᠠᠯᠠᠨ᠎ᠠ᠃ ᠠᠷᠠᠳ ᠲᠦᠮᠠᠨ   ᠤ ᠡᠷᠡᠬᠦᠯ ᠮᠠᠨᠲᠤ   ᠪᠠᠷ ᠭᠤᠤᠯ ᠪᠤᠯᠭᠠᠵᠦ᠂ ᠪᠦᠬᠦ ᠠᠷᠠᠳ   ᠢᠶᠠᠷ   ᠢᠶᠠᠨ ᠪᠠᠶ᠎ᠠ ᠴᠢᠬᠢᠷᠠᠭᠵᠢᠭᠤᠯᠬᠤ ᠠᠵᠢᠯᠯᠠᠭ᠎ᠠ   ᠶᠢᠨ ᠡᠷᠡᠬᠦᠯ ᠮᠠᠨᠲᠤ   ᠶᠢ ᠠᠬᠢᠭᠤᠯᠬᠤ᠂ ᠣᠵᠢᠭ ᠡᠪᠠᠳᠴᠢᠨ ᠢ ᠰᠡᠷᠭᠡᠶᠢᠯᠠᠬᠦ  ᠪᠠ ᠪᠠᠶ᠎ᠠ ᠮᠠᠬᠠᠪᠤᠳ   ᠤᠨ ᠴᠢᠳᠠᠪᠤᠷᠢ   ᠶᠢ ᠡᠷᠡᠬᠦᠯᠵᠢᠬᠦᠯᠬᠦ ᠵᠡᠷᠭᠡ ᠲᠠᠯ᠎ᠠ   ᠪᠠᠷ   ᠬᠢ ᠢᠳᠡᠪᠬᠢᠲᠡᠢ ᠦᠢᠯᠡᠲᠤᠯ   ᠢ   ᠨᠢ ᠪᠠᠳᠠᠷᠠᠭᠤᠯᠤᠨ᠎ᠠ᠃ ᠪᠦᠬᠦ ᠠᠶᠢᠮᠠᠭ   ᠤᠨ ᠡᠯ᠎ᠠ ᠦᠨᠲᠤᠰᠦᠳᠠᠨ   ᠤ ᠤᠯᠠᠨ ᠲᠦᠮᠠᠨ   ᠢ ᠪᠦᠬᠦ ᠠᠷᠠᠳ   ᠢᠶᠠᠷ   ᠢᠶᠠᠨ ᠪᠠᠶ᠎ᠠ ᠴᠢᠬᠢᠷᠠᠭᠵᠢᠭᠤᠯᠬᠤ ᠠᠵᠢᠯ ᠦᠢᠯᠡᠰ  ᠢ ᠬᠦᠭᠵᠢᠬᠦᠯᠬᠦ ᠭᠤᠤᠯ ᠴᠤᠭᠴᠠ ᠪᠤᠯᠭᠠᠵᠦ᠂ ᠪᠠᠶ᠎ᠠ ᠴᠢᠬᠢᠷᠠᠭᠵᠢᠭᠤᠯᠬᠤ  ᠪᠠ ᠡᠷᠡᠬᠦᠯ ᠮᠠᠨᠲᠤ   ᠶᠢ ᠠᠭᠤᠰᠤᠯᠴᠠᠭᠤᠯᠤᠨ ᠬᠦᠭᠵᠢᠬᠦᠯᠬᠦ ᠰᠢᠨ᠎ᠠ ᠲᠠᠪᠴᠠᠩ ᠢ ᠢᠳᠡᠪᠬᠢᠲᠡᠢ ᠪᠠᠶᠢᠭᠤᠯᠵᠦ᠂ ᠠᠷᠠᠳ ᠲᠦᠮᠠᠨ   ᠤ ᠪᠠᠶ᠎ᠠ ᠴᠢᠬᠢᠷᠠᠭᠵᠢᠭᠤᠯᠬᠤ ᠭᠡᠷᠡᠭᠴᠡᠭᠡ ᠶᠢ ᠬᠠᠩᠭᠠᠬᠤ   ᠪᠠᠷ ᠪᠠᠶ᠎ᠠ ᠶᠢᠨ ᠲᠠᠮᠢᠷ   ᠤᠨ ᠠᠵᠢᠯ   ᠤᠨ ᠡᠬᠢᠯᠡᠯᠳᠡ  ᠪᠠ ᠨᠠᠶᠢᠳᠠᠪᠣᠷᠢᠵᠢᠭᠤᠯᠣᠯᠳᠠ ᠪᠤᠯᠭᠠᠵᠦ᠂ ᠤᠯᠠᠨ ᠲᠦᠮᠠᠨ   ᠤ ᠬᠦᠰᠡᠯ ᠡᠷᠡᠮᠠᠯᠵᠡᠯ  ᠪᠠ ᠤᠷᠤᠨ ᠪᠦᠰᠡ   ᠶᠢᠨ ᠤᠨᠴᠠᠯᠢᠭ  ᠢ ᠢᠯᠡᠷᠡᠬᠦᠯᠦᠭᠰᠡᠨ ᠬᠠᠨᠲᠤᠯᠭᠠᠲᠤ ᠴᠢᠨᠠᠷ᠂ ᠠᠵᠢᠯᠯᠠᠬᠤ ᠴᠢᠨᠠᠷ᠂ ᠪᠤᠳᠠᠲᠤ ᠴᠢᠨᠠᠷ   ᠢᠶᠠᠷ ᠴᠢᠩᠭ᠎ᠠ  ᠪᠦᠬᠦᠢ ᠠᠵᠢᠯᠯᠠᠭ᠎ᠠ   ᠶᠢ ᠬᠦᠨᠵᠡᠭᠡᠢ ᠦᠷᠨᠢᠬᠦᠯᠵᠦ᠂ ᠤᠯᠠᠨ ᠲᠦᠮᠠᠨ   ᠤ ᠡᠷᠡᠬᠦᠯ ᠮᠠᠨᠲᠤ   ᠶᠢᠨ ᠬᠢᠷᠢ ᠲᠦᠪᠰᠢᠨ   ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃      ︵ᠬᠤᠶᠠᠷ︶ ᠦᠭᠡᠷᠡᠴᠢᠯᠠᠯᠳᠠ ᠬᠢᠵᠦ ᠰᠢᠨ᠎ᠠ ᠶᠢ ᠡᠬᠦᠳᠬᠦ ᠶᠢ ᠪᠠᠷᠢᠮᠳᠠᠯᠠᠨ᠎ᠠ᠃ ᠪᠦᠬᠦ ᠠᠷᠠᠳ ᠤᠨ ᠪᠠᠶ᠎ᠠ ᠴᠢᠬᠢᠷᠠᠭᠵᠢᠭᠤᠯᠬᠤ ᠶᠢ ︽ᠪᠠᠶ᠎ᠠ ᠮᠠᠬᠠᠪᠤᠳ ᠤᠨ ᠴᠢᠨᠠᠷ ᠴᠢᠨᠰᠠᠭ᠎ᠠ ᠶᠢ ᠴᠢᠩᠭᠠᠳᠬᠠᠬᠤ︾ ᠠᠴᠠ ︽ᠡᠷᠡᠬᠦᠯ ᠮᠠᠨᠲᠤ  ᠶᠢ ᠠᠬᠢᠭᠤᠯᠬᠤ︾ ᠰᠢᠨ᠎ᠠ ᠱᠠᠲᠤ ᠦᠶ᠎ᠠ ᠲᠡᠰᠢ ᠬᠦᠲᠤᠯᠵᠦ᠂ ᠡᠯ᠎ᠠ ᠬᠤᠰᠢᠭᠤ ︵ᠨᠡᠭᠡᠭᠡᠯᠳᠡ ᠶᠢᠨ ᠤᠷᠤᠨ︶ ᠶᠢᠨ ᠬᠦᠭᠵᠢᠯᠳᠡ ᠶᠢᠨ ᠣᠶᠢᠯᠠᠭᠠᠭᠳᠠᠬᠤᠨ ᠪᠠ ᠬᠦᠭᠵᠢᠯᠳᠡ ᠶᠢᠨ ᠭᠡᠯᠪᠠᠷᠢ ᠮᠠᠶ᠋ᠢᠭ ᠢᠶᠠᠨ ᠲᠠᠰᠤᠷᠠᠯᠳᠠ ᠦᠭᠡᠢ ᠰᠢᠨᠡᠴᠢᠯᠡᠵᠦ᠂ ᠪᠠᠶ᠎ᠠ ᠶᠢᠨ ᠲᠠᠮᠢᠷ ᠪᠠ ᠡᠷᠡᠬᠦᠯ ᠮᠠᠨᠲᠤ ᠶᠢᠨ ᠬᠦᠷᠢᠶᠠᠨ ᠳᠠᠬᠢ ᠦᠭᠡᠷᠡᠴᠢᠯᠠᠯᠳᠠ ᠶᠢ ᠵᠤᠷᠢᠭᠲᠡᠢ ᠪᠠᠷ ᠬᠠᠶᠢᠨ ᠰᠦᠪᠡᠭᠴᠢᠯᠠᠵᠦ᠂ ᠡᠮ ᠡᠮᠨᠡᠯᠭᠡ᠂ ᠵᠢᠭᠤᠯᠴᠢᠯᠠᠯ᠂ ᠰᠤᠶᠤᠯ ᠵᠡᠷᠭᠡ ᠠᠵᠢᠯ ᠦᠢᠯᠡᠰ ᠪᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ᠂ ᠬᠤᠳᠠ ᠪᠠᠯᠭᠠᠰᠤᠵᠢᠯᠳᠠ ᠶᠢ ᠬᠦᠭᠵᠢᠬᠦᠯᠬᠦ ᠲᠤᠮᠳᠠ ᠪᠠᠶ᠎ᠠ ᠶᠢᠨ ᠲᠠᠮᠢᠷ ᠤᠨ ᠪᠠᠶ᠎ᠠ ᠴᠢᠬᠢᠷᠠᠭᠵᠢᠭᠤᠯᠬᠤ ᠡᠯᠧᠮᠧᠨ᠋ᠲ ᠪᠠ ᠴᠢᠳᠠᠪᠤᠷᠢ ᠶᠢ ᠠᠭᠤᠰᠤᠯᠴᠠᠭᠤᠯᠤᠨ ᠴᠢᠩᠭᠠᠳᠬᠠᠵᠦ᠂ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠩᠨᠠᠵᠦ᠂ ᠦᠭᠡᠷᠡᠴᠢᠯᠡᠯᠳᠡ ᠬᠢᠵᠦ ᠰᠢᠨ᠎ᠠ ᠶᠢ ᠡᠬᠦᠳᠬᠦ ᠪᠠᠷ ᠬᠦᠳᠡᠯᠭᠡᠬᠦ ᠬᠦᠴᠦᠨ ᠪᠤᠯᠭᠠᠵᠦ᠂ ︽ᠡᠷᠡᠬᠦᠯ ᠡᠩᠭᠡ ᠠᠯᠠᠱᠨ︾ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠶᠢ ᠨᠢ ᠵᠤᠷᠢᠭᠵᠢᠭᠤᠯᠤᠨ᠎ᠠ᠃      ︵ᠭᠤᠷᠪᠠ︶ ᠬᠦᠨ ᠠᠭᠤᠰᠤᠯᠴᠠᠭᠤᠯᠬᠤ ᠶᠢ ᠪᠠᠷᠢᠮᠳᠠᠯᠠᠨ᠎ᠠ᠃ ᠪᠠᠶ᠎ᠠ ᠶᠢᠨ ᠲᠠᠮᠢᠷ ᠤᠨ ᠤᠯᠠᠨ ᠲᠠᠯᠠᠲᠤ ᠦᠨ᠎ᠠ ᠦᠷᠳᠡᠭ ᠪᠠ ᠶᠠᠷᠤᠩᠭᠡᠶᠢᠯᠡᠭᠰᠡᠨ ᠴᠢᠳᠠᠪᠤᠷᠢ ᠶᠢ ᠬᠦᠢᠴᠡᠳ ᠪᠠᠳᠠᠷᠠᠭᠤᠯᠵᠦ᠂ ᠵᠠᠰᠠᠭ ᠤᠨ ᠤᠷᠲᠤᠨ ᠭᠤᠤᠯᠴᠢᠯᠠᠨ ᠵᠢᠯᠤᠭᠤᠳᠬᠤ᠂ ᠰᠠᠯᠠᠭ᠎ᠠ ᠮᠦᠴᠢᠷ ᠬᠠᠮᠲᠤᠷᠠᠯᠴᠠᠬᠤ᠂ ᠨᠠᠶᠢᠭᠡᠮ ᠠᠴᠠ ᠵᠤᠬᠢᠶᠠᠨ ᠪᠠᠶᠢᠭᠤᠯᠬᠤ᠂ ᠵᠠᠬ᠎ᠠ ᠲᠡᠯᠭᠡᠬᠦᠷ ᠲᠦᠯᠬᠢᠨ ᠠᠬᠢᠭᠤᠯᠬᠤ᠂ ᠵᠠᠭᠤᠴᠢᠯᠠᠭᠤᠷ ᠬᠠᠮᠲᠤᠷᠠᠨ ᠬᠤᠯᠪᠤᠭᠠᠯᠠᠬᠤ᠂ ᠤᠯᠠᠨ ᠲᠦᠮᠠᠨ ᠤᠷᠤᠯᠴᠠᠬᠤ ᠶᠢ ᠪᠠᠷᠢᠮᠳᠠᠯᠠᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠲᠤᠭᠳᠠᠴᠠ᠂ ᠣᠶᠢᠯᠠᠭᠠᠭᠳᠠᠬᠤᠨ᠂ ᠵᠤᠬᠢᠶᠠᠨ ᠪᠠᠶᠢᠭᠤᠯᠤᠯᠳᠠ᠂ ᠲᠤᠨᠤᠭ ᠲᠦᠬᠦᠭᠡᠷᠤᠮᠵᠢ᠂ ᠠᠵᠢᠯᠯᠠᠭ᠎ᠠ᠂ ᠴᠢᠳᠠᠪᠤᠷᠢᠳᠠᠨ᠂ ᠠᠵᠤ ᠦᠢᠯᠡᠰ ᠵᠡᠷᠭᠡ ᠲᠤᠯᠤᠭᠠᠨ ᠲᠠᠯ᠎ᠠ ᠪᠠᠷ ᠬᠦᠨ ᠠᠭᠤᠰᠤᠯᠴᠠᠬᠤ ᠶᠢ ᠬᠠᠮᠲᠤ ᠪᠠᠷ ᠠᠬᠢᠭᠤᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠢᠭᠡᠳ ᠪᠠᠶ᠎ᠠ ᠶᠢᠨ ᠲᠠᠮᠢᠷ᠂ ᠰᠤᠶᠤᠯ᠂ ᠰᠤᠷᠭᠠᠨ ᠬᠦᠮᠦᠵᠢᠯ᠂ ᠵᠢᠭᠤᠯᠴᠢᠯᠠᠯ᠂ ᠰᠤᠯᠨ ᠰᠡᠯᠡᠬᠦᠴᠠᠯ᠂ ᠡᠷᠡᠬᠦᠯᠵᠢᠯ ᠵᠡᠷᠭᠡ ᠶᠢ ᠠᠭᠤᠰᠤᠯᠴᠠᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠦ᠂ ᠪᠦᠬᠦ ᠨᠠᠶᠢᠭᠡᠮ ᠤᠨ ᠤᠷᠤᠯᠴᠠᠬᠤ ᠭᠡᠮᠵᠢᠶ᠎ᠠ ᠶᠢ ᠲᠡᠭᠡᠭᠰᠢᠯᠡᠬᠦᠯᠵᠦ᠂ ᠡᠷᠡᠬᠦᠯ ᠮᠠᠨᠲᠤ ᠠᠵᠠ ᠵᠢᠷᠭᠠᠯ ᠢ ᠦᠷᠭᠡᠨ ᠤᠯᠠᠨ ᠲᠦᠮᠠᠨ ᠳᠤ ᠬᠦᠷᠳᠡᠭᠡᠨ᠎ᠠ᠃      ᠭᠤᠷᠪᠠ᠂ ᠭᠤᠤᠯ ᠬᠠᠷᠠᠯᠳᠠ      2030 ᠤᠨ ᠪᠤᠯᠬᠤ ᠳᠤ᠂ ᠪᠦᠬᠦ ᠠᠶᠢᠮᠠᠭ ᠲᠤ ᠪᠦᠬᠦᠶᠢᠯᠨ ᠤᠷᠤᠨ ᠪᠦᠰᠡ ᠶᠢ ᠬᠠᠮᠣᠷᠣᠭᠰᠠᠨ᠂ ᠪᠦᠲᠤᠨ ᠭᠠᠷᠠᠭ ᠤᠨ ᠬᠤᠭᠤᠴᠠᠭ᠎ᠠ ᠪᠠᠷ ᠦᠢᠯᠡᠴᠢᠯᠡᠬᠦ᠂ ᠪᠦᠬᠦ ᠨᠠᠶᠢᠭᠡᠮ ᠢᠶᠠᠷ ᠢᠶᠠᠨ ᠤᠷᠤᠯᠴᠠᠬᠤ ᠪᠠ ᠪᠦᠬᠦ ᠬᠦᠮᠦᠰ ᠬᠠᠮᠲᠤ  ᠪᠠᠷ ᠡᠳ᠋ᠯᠡᠭᠰᠡᠨ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠤᠯᠠᠨ ᠨᠠᠶᠢᠳᠠ ᠶᠢᠨ ᠦᠢᠯᠡᠴᠢᠯᠡᠭᠡ ᠶᠢᠨ ᠰᠢᠰᠲ᠋ᠧᠮᠵᠢ ᠪᠤᠯᠤᠨ ᠪᠦᠬᠦ ᠠᠷᠠᠳ ᠤᠨ ᠡᠷᠡᠬᠦᠯ ᠮᠠᠨᠲᠤ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠦᠨᠲᠤᠰᠤᠨ ᠳᠡᠭᠡᠨ ᠪᠤᠢ ᠪᠤᠯᠭᠠᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠶᠢᠨ ︽ᠶᠡᠭᠡ ᠡᠷᠡᠬᠦᠯ ᠡᠩᠭᠡ︾ ᠳᠠᠬᠢ ᠦᠢᠯᠡᠲᠤᠯ ᠢ ᠨᠠᠩ ᠲᠤᠪᠤᠶᠢᠯᠭᠠᠵᠦ᠂ ᠤᠯᠠᠨ ᠲᠦᠮᠠᠨ ᠤ ᠡᠷᠡᠬᠦᠯ ᠮᠠᠨᠲᠤ ᠶᠢᠨ ᠬᠠᠮᠢᠶᠠᠷᠤᠯᠳᠠ ᠶᠢᠨ ᠦᠢᠯᠡᠴᠢᠯᠡᠭᠡ ᠶᠢ ᠵᠦᠪᠭᠡᠨ ᠡᠮ ᠡᠮᠨᠡᠯᠭᠡ ᠡᠷᠡᠬᠦᠯ ᠬᠠᠮᠠᠭᠠᠯᠠᠯ ᠤᠨ ︽ᠢᠳᠡᠪᠬᠢ ᠪᠤᠰᠤ᠂ ᠰᠡᠬᠦᠯᠡᠷᠬᠢ ᠬᠤᠭᠤᠴᠠᠭᠠᠨ  ᠤ ᠡᠷᠡᠬᠦᠯ ᠮᠠᠨᠲᠤ ᠶᠢᠨ ᠬᠠᠮᠢᠶᠠᠷᠤᠯᠳᠠ ᠳᠤ ᠲᠦᠰᠢᠭᠯᠡᠳᠡᠭ ᠪᠠᠶᠢᠭᠰᠠᠨ︾ ᠠᠴᠠ ᠪᠠᠶ᠎ᠠ ᠶᠢᠨ ᠲᠠᠮᠢᠷ ᠢᠶᠠᠷ ᠪᠠᠶ᠎ᠠ ᠴᠢᠬᠢᠷᠠᠭᠵᠢᠭᠤᠯᠬᠤ ᠶᠢᠨ ︽ᠤᠬᠠᠮᠰᠠᠷ ᠠᠴᠠ ᠪᠠᠨ᠂ ᠡᠮᠤᠨᠠᠬᠢ ᠬᠤᠭᠤᠴᠠᠭᠠᠨ ᠤ ᠡᠷᠡᠬᠦᠯ ᠮᠠᠨᠲᠤ ᠶᠢᠨ ᠬᠠᠮᠢᠶᠠᠷᠤᠯᠳᠠ︾ ᠳᠤ ᠬᠦᠷᠭᠡᠬᠦ ᠬᠦᠭᠵᠢᠯᠳᠡ ᠶᠢ ᠪᠠᠶᠠᠯᠡᠬᠦᠯᠦᠨ᠎ᠠ᠃      ︵ᠨᠢᠭᠡ︶ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠵᠤᠬᠢᠶᠠᠨ ᠪᠠᠶᠢᠭᠤᠯᠤᠯᠳᠠ ᠶᠢ ᠪᠦᠷᠢᠨᠰᠢᠬᠦᠯᠦᠨ᠎ᠠ᠃ ᠰᠤᠮᠤ ᠪᠠᠯᠭᠠᠰᠤ ︵ᠵᠡᠭᠡᠯᠢ ᠭᠤᠲᠤᠮᠵᠢ︶ ᠵᠢᠴᠢ ᠲᠡᠬᠦᠨ ᠠᠴᠠ ᠲᠡᠭᠡᠭᠰᠢᠬᠢ ᠭᠠᠵᠠᠷ ᠤᠷᠤᠨ ᠤ ᠪᠠᠶ᠎ᠠ ᠶᠢᠨ ᠲᠠᠮᠢᠷ ᠤᠨ ᠶᠠᠷᠤᠩᠭᠡᠢ ᠡᠪᠯᠠᠯ᠂ ᠨᠠᠰᠤᠳᠠᠶᠢᠴᠤᠳ ᠤᠨ ᠪᠠᠶ᠎ᠠ ᠶᠢᠨ ᠲᠠᠮᠢᠷ ᠤᠨ ᠨᠠᠶᠢᠭᠡᠮᠯᠢᠭ ᠤᠨ ᠬᠠᠮᠣᠷᠬᠤ ᠨᠤᠷᠮ᠎ᠠ ᠶᠢ 100% ᠳᠤ ᠬᠦᠷᠭᠡᠨ᠎ᠠ᠃ ᠬᠤᠰᠢᠭᠤ ︵ᠨᠡᠭᠡᠭᠡᠯᠳᠡ ᠶᠢᠨ ᠤᠷᠤᠨ︶ ᠵᠢᠴᠢ ᠲᠡᠬᠦᠨ ᠠᠴᠠ ᠲᠡᠭᠡᠭᠰᠢᠬᠢ ᠭᠠᠵᠠᠷ ᠤᠷᠤᠨ ᠤ ᠨᠠᠶᠢᠭᠡᠮ ᠤᠨ ᠪᠠᠶ᠎ᠠ ᠶᠢᠨ ᠲᠠᠮᠢᠷ ᠤᠨ ᠵᠢᠭᠠᠨ ᠵᠢᠯᠤᠭᠤᠲᠤᠭᠴᠢ ᠶᠢᠨ ᠨᠠᠶᠢᠭᠡᠮᠯᠢᠭ᠂ ᠬᠦᠯ ᠪᠦᠮᠪᠦᠭᠡ  ᠶᠢᠨ ᠨᠠᠶᠢᠭᠡᠮᠯᠢᠭ ᠤᠨ ᠬᠠᠮᠣᠷᠬᠤ ᠨᠤᠷᠮ᠎ᠠ ᠶᠢ 100% ᠳᠤ ᠬᠦᠷᠭᠡᠵᠦ᠂ ᠬᠠᠤᠯᠢ ᠶᠤᠰᠤᠭᠠᠷ ᠲᠠᠩᠰᠠᠯᠠᠭᠤᠯᠤᠭᠰᠠᠨ ᠲᠠᠩ ᠲᠦᠷᠦᠯ ᠤᠨ ᠪᠠᠶ᠎ᠠ ᠶᠢᠨ ᠲᠠᠮᠢᠷ ᠤᠨ ᠨᠠᠶᠢᠭᠡᠮᠯᠢᠭ ᠢ 30 ᠠᠴᠠ ᠲᠡᠭᠡᠭᠰᠢ ᠭᠡᠮᠵᠢᠶᠠᠨ ᠳᠤ ᠬᠦᠷᠭᠡᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠠᠵᠢᠯᠯᠠᠭ᠎ᠠ ᠶᠢᠨ ᠵᠤᠬᠢᠶᠠᠨ ᠪᠠᠶᠢᠭᠤᠯᠤᠯᠳᠠ ᠶᠢᠨ ᠭᠠᠵᠠᠷ ᠤᠨ ᠬᠦᠮᠦᠨ  ᠤ ᠲᠤᠭᠠᠨ ᠤ ᠬᠠᠷᠢᠴᠠᠯ ᠢ 1‰ ᠳᠤ ᠬᠦᠷᠭᠡᠨ᠎ᠠ᠃      ︵ᠬᠤᠶᠠᠷ︶ ᠪᠠᠶ᠎ᠠ ᠶᠢᠨ ᠲᠠᠮᠢᠷ ᠤᠨ ᠪᠤᠯᠪᠠᠰᠤᠷᠠᠯ ᠳᠤ ᠤᠷᠤᠯᠴᠠᠬᠤ ᠬᠦᠮᠦᠨ ᠤ ᠲᠤᠭ᠎ᠠ ᠶᠢ ᠨᠡᠮᠡᠭᠳᠡᠬᠦᠯᠦᠨ᠎ᠠ᠃ ᠦᠷᠬᠦᠯᠵᠢ ᠪᠠᠶ᠎ᠠ ᠶᠢᠨ ᠲᠠᠮᠢᠷ ᠤᠨ ᠪᠤᠯᠪᠠᠰᠤᠷᠠᠯ ᠳᠤ ᠣᠷᠣᠯᠴᠠᠳᠠᠭ ᠬᠦᠮᠦᠨ ᠤ ᠲᠤᠭ᠎ᠠ ᠶᠢᠨ ᠬᠠᠷᠢᠴᠠᠯ ᠢ 50%  ᠠᠴᠠ ᠲᠡᠭᠡᠭᠰᠢ ᠳᠤ ᠬᠦᠷᠭᠡᠵᠦ᠂ ᠭᠠᠷᠠᠭ ᠪᠤᠯᠭᠠᠨ ᠨᠢᠭᠡ ᠤᠳᠠᠭ᠎ᠠ ᠵᠢᠴᠢ ᠲᠡᠬᠦᠨ ᠠᠴᠠ ᠢᠯᠡᠬᠦᠦ ᠪᠠᠶ᠎ᠠ ᠶᠢᠨ ᠲᠠᠮᠢᠷ  ᠤᠨ ᠪᠤᠯᠪᠠᠰᠤᠷᠠᠯ ᠳᠤ ᠣᠷᠣᠯᠴᠠᠳᠠᠭ ᠬᠦᠮᠦᠨ ᠤ ᠲᠤᠭ᠎ᠠ ᠶᠢᠨ ᠬᠠᠷᠢᠴᠠᠯ ᠢ 60% ᠠᠴᠠ ᠲᠡᠭᠡᠭᠰᠢ ᠳᠤ ᠬᠦᠷᠭᠡᠨ᠎ᠠ᠃ ᠰᠤᠷᠤᠭᠴᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠲᠤᠷ ᠪᠦᠷᠢ ᠬᠠᠮᠤᠭ ᠤᠨ ᠴᠦᠭᠡᠨ ᠳᠡᠭᠡᠨ 1 ᠴᠠᠭ ᠤᠨ ᠪᠠᠶ᠎ᠠ ᠶᠢᠨ ᠲᠠᠮᠢᠷ ᠤᠨ ᠪᠤᠯᠪᠠᠰᠤᠷᠠᠯ ᠤᠨ ᠠᠵᠢᠯᠯᠠᠭ᠎ᠠ ᠳᠤ ᠤᠷᠤᠯᠴᠠᠨ᠎ᠠ᠃      ︵ᠭᠤᠷᠪᠠ︶ ᠪᠠᠶ᠎ᠠ ᠶᠢᠨ ᠲᠠᠮᠢᠷ ᠤᠨ ᠲᠠᠯᠠᠪᠤᠷ ᠤᠨ ᠲᠤᠨᠤᠭ ᠲᠦᠬᠦᠭᠡᠷᠤᠮᠵᠢ ᠶᠢ ᠲᠠᠩᠴᠡᠬᠦᠷᠢᠲᠡᠢ ᠬᠦᠭᠵᠢᠬᠦᠯᠦᠨ᠎ᠠ᠃ ᠬᠦᠮᠦᠨ ᠲᠤᠮᠳᠠᠴᠢ ᠶᠢᠨ ᠪᠠᠶ᠎ᠠ ᠶᠢᠨ ᠲᠠᠮᠢᠷ ᠤᠨ ᠲᠠᠯᠠᠪᠤᠷ ᠤᠨ ᠲᠠᠯᠠᠪᠠᠢ ᠶᠢ 4 ᠲᠡᠭᠰᠢ ᠲᠦᠷᠪᠠᠯᠵᠢᠨ ᠮᠧᠲᠷ ᠲᠤ ᠬᠦᠷᠭᠡᠨ᠎ᠠ᠃ ᠬᠤᠰᠢᠭᠤᠨ ︵ᠨᠡᠭᠡᠭᠡᠯᠳᠡ ᠶᠢᠨ ᠤᠷᠤᠨ︶ ᠤ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠦᠳᠡᠯᠭᠡᠭᠡᠨ ᠤ ᠲᠦᠪ᠂ ᠰᠣᠮᠣ ᠪᠠᠯᠭᠠᠰᠣ︵ᠵᠡᠬᠡᠯᠢ ᠭᠤᠳᠣᠮᠵᠢ︶  ᠶᠢᠨ ᠣᠯᠠᠨ ᠴᠢᠳᠠᠮᠵᠢᠳᠦ ᠪᠡᠶ᠎ᠡ ᠪᠣᠯᠪᠠᠰᠣᠷᠠᠭᠤᠯᠬᠤ ᠭᠠᠵᠠᠷ᠂ ᠭᠠᠴᠠᠭ᠎ᠠ ᠳᠣᠰᠬᠤᠨ ᠤ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠤ ᠭᠠᠵᠠᠷ᠂ ᠨᠡᠶᠢᠭᠡᠮ ᠲᠤᠭᠤᠷᠢᠭ ᠤᠨ ᠪᠠᠶ᠎ᠠ ᠴᠢᠬᠢᠷᠠᠭᠵᠢᠭᠤᠯᠬᠤ ᠲᠦᠪ ᠢ ᠪᠦᠷᠢᠨ ᠬᠠᠮᠣᠷᠣᠭᠤᠯᠣᠨ᠎ᠠ᠃ ᠬᠤᠳᠠ ᠪᠠᠯᠭᠠᠰᠤ ᠶᠢᠨ ᠨᠠᠶᠢᠭᠡᠮ ᠲᠤᠭᠤᠷᠢᠭ ᠲᠤ ︽10 ᠮᠢᠨᠦ᠋ᠲ ᠤᠨ ᠪᠠᠶ᠎ᠠ ᠴᠢᠬᠢᠷᠠᠭᠵᠢᠭᠤᠯᠬᠤ ᠭᠠᠵᠠᠷ︾ ᠢ ᠪᠤᠢ ᠪᠤᠯᠭᠠᠨ᠎ᠠ᠃ ᠬᠤᠳᠠ ᠪᠠᠯᠭᠠᠰᠤ ᠶᠢᠨ ᠤᠳᠠᠭᠠᠨ ᠬᠦᠶᠦᠵᠦ ᠠᠯᠬᠤᠬᠤ ᠵᠠᠮ ᠲᠤᠭᠤᠢ ᠲᠡᠷᠭᠡᠨ ᠤ ᠵᠠᠮ ᠤᠨ ᠬᠦᠮᠦᠨ ᠲᠤᠮᠳᠠᠴᠢ ᠶᠢᠨ ᠤᠷᠲᠤ ᠶᠢᠨ ᠭᠡᠮᠵᠢᠶ᠎ᠠ ᠶᠢ ᠦᠷᠬᠦᠯᠵᠢᠯᠠᠨ ᠲᠡᠭᠡᠭᠰᠢᠯᠡᠬᠦᠯᠦᠨ᠎ᠠ᠃      ︵ᠲᠦᠷᠪᠠ︶ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠢᠶᠠᠷ ᠦᠷᠨᠢᠬᠦᠯᠦᠨ᠎ᠠ᠃ ᠠᠶᠢᠮᠠᠭ᠂ ᠬᠤᠰᠢᠭᠤ ︵ᠨᠠᠭᠡᠭᠡᠯᠳᠡ ᠶᠢᠨ ᠤᠷᠤᠨ︶ ᠬᠤᠶᠠᠷ ᠵᠢᠯ ᠪᠦᠷᠢ ᠳᠤ ᠨᠢᠭᠡ ᠤᠳᠠᠭ᠎ᠠ ᠬᠠᠮᠤᠭ ᠤᠨ ᠴᠦᠭᠡᠨ ᠳᠡᠭᠡᠨ 5 ᠲᠦᠷᠦᠯ ᠵᠦᠢᠯ ᠤᠨ ᠲᠤᠰ ᠵᠠᠰᠠᠭ ᠵᠠᠬᠢᠷᠭᠠᠨ ᠤ ᠭᠡᠪᠴᠢᠶᠠᠨ ᠳᠠᠬᠢ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠲᠠᠮᠢᠷ ᠤᠨ ᠬᠦᠳᠡᠯᠭᠡᠭᠡᠨ ᠢ ᠡᠷᠬᠢᠯᠠᠵᠦ᠂ ᠵᠢᠯ ᠪᠦᠷᠢ ᠳᠤ ᠪᠦᠬᠦ ᠠᠷᠠᠳ  ᠢᠶᠠᠷ ᠢᠶᠠᠨ ᠪᠠᠶ᠎ᠠ ᠴᠢᠬᠢᠷᠠᠭᠵᠢᠭᠤᠯᠬᠤ ᠤᠷᠤᠯᠲᠤᠭᠠᠨ ᠢ ᠬᠠᠮᠤᠭ ᠤᠨ ᠴᠦᠭᠡᠨ ᠳᠡᠭᠡᠨ 12 ᠤᠳᠠᠭ᠎ᠠ ᠦᠷᠨᠢᠬᠦᠯᠵᠦ᠂ ᠤᠯᠠᠨ ᠲᠦᠮᠠᠨ ᠤ ᠤᠶᠢᠷ᠎ᠠ ᠬᠠᠪᠢ ᠳᠠᠭᠠᠨ ᠲᠦᠬᠦᠮ ᠲᠦᠳᠡ ᠪᠠᠷ ᠪᠠᠶ᠎ᠠ ᠴᠢᠬᠢᠷᠠᠭᠵᠢᠭᠤᠯᠬᠤ ᠬᠦᠳᠡᠯᠭᠡᠭᠡᠨ ᠳᠤ ᠤᠷᠤᠯᠴᠠᠬᠤ ᠶᠢ ᠪᠠᠶᠠᠯᠡᠬᠦᠯᠦᠨ᠎ᠠ᠃      ︵ᠲᠠᠪᠤ︶ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠪᠠᠶ᠎ᠠ ᠮᠠᠬᠠᠪᠤᠳ ᠤᠨ ᠴᠢᠨᠠᠷ ᠴᠢᠨᠰᠠᠭ᠎ᠠ ᠶᠢ ᠨᠠᠶᠢᠳᠠᠮ ᠳᠤᠨᠢ ᠴᠢᠩᠭᠠᠳᠬᠠᠨ᠎ᠠ᠃ ᠪᠦᠬᠦ ᠠᠶᠢᠮᠠᠭ ᠲᠤ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠴᠢᠳᠠᠪᠤᠷᠢᠳᠠᠨ ᠢ ᠬᠦᠮᠦᠵᠢᠬᠦᠯᠬᠦ ᠰᠠᠭᠤᠷᠢᠨ ᠭᠠᠵᠠᠷ 1᠂  ᠤᠯᠤᠰ ᠠᠷᠠᠳ ᠤᠨ ᠪᠠᠶ᠎ᠠ ᠮᠠᠬᠠᠪᠤᠳ ᠢ ᠬᠢᠨ᠋ᠨᠨ ᠰᠢᠯᠭᠠᠬᠤ ᠦᠷᠳᠡᠭᠡ 3 ᠶᠢ ᠪᠠᠶᠢᠭᠤᠯᠵᠦ᠂ ︽ᠤᠯᠤᠰ ᠠᠷᠠᠳ ᠤᠨ ᠪᠠᠶ᠎ᠠ ᠮᠠᠬᠠᠪᠤᠳ ᠤᠨ ᠴᠢᠨᠠᠷ ᠴᠢᠨᠰᠠᠭ᠎ᠠ  ᠶᠢ ᠰᠢᠯᠭᠠᠨ ᠲᠤᠭᠳᠠᠭᠠᠬᠤ ᠪᠠᠷᠢᠮᠵᠢᠶ᠎ᠠ︾ ᠳᠤ ᠬᠢᠷᠢ ᠲᠡᠩᠴᠡᠭᠰᠡᠨ ᠬᠤᠳᠠ ᠬᠦᠳᠡᠭᠡ ᠶᠢᠨ ᠬᠦᠮᠦᠨ ᠤ ᠲᠤᠭ᠎ᠠ ᠶᠢᠨ ᠬᠠᠷᠢᠴᠠᠯ ᠢ 93% ᠠᠴᠠ ᠲᠡᠭᠡᠭᠰᠢ ᠭᠡᠮᠵᠢᠶᠠᠨ ᠳᠤ ᠬᠦᠷᠭᠡᠨ᠎ᠠ᠃ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠨᠠᠶᠢᠳᠡᠮ ᠳᠤᠨᠢ ︽ᠤᠯᠤᠰ ᠤᠨ ᠰᠤᠷᠤᠭᠴᠢ ᠶᠢᠨ ᠪᠠᠶ᠎ᠠ ᠮᠠᠬᠠᠪᠤᠳ ᠤᠨ ᠴᠢᠨᠠᠷ ᠴᠢᠨᠰᠠᠭ᠎ᠠ ᠶᠢᠨ ᠡᠷᠡᠬᠦᠯ ᠮᠠᠨᠲᠤ ᠶᠢᠨ ᠪᠠᠷᠢᠮᠵᠢᠶ᠎ᠠ︾ ᠶᠢᠨ ᠦᠨᠲᠤᠰᠤᠨ ᠱᠠᠭᠠᠷᠳᠠᠯᠭ᠎ᠠ ᠳᠤ ᠨᠡᠶᠢᠴᠡᠬᠦᠯᠵᠦ᠂ ᠵᠠᠯᠠᠭᠤᠴᠤᠳ ᠪᠠᠭᠠᠴᠤᠳ ᠤᠨ ᠪᠠᠶ᠎ᠠ ᠮᠠᠬᠠᠪᠤᠳ  ᠤᠨ ᠴᠢᠨᠠᠷ ᠴᠢᠨᠰᠠᠭ᠎ᠠ ᠶᠢ ᠢᠯᠡᠳᠳᠡ ᠴᠢᠩᠭᠠᠳᠬᠠᠵᠦ᠂ ᠲᠤᠬᠠᠶᠢᠯᠠᠭᠰᠠᠨ ᠠᠵᠢᠯ ᠤᠨ ᠬᠦᠮᠦᠰ ᠤᠨ ︽ᠡᠷᠡᠬᠦᠯ ᠪᠤᠰᠤ ᠪᠠᠶᠢᠳᠠᠯ︾    ︽ᠣᠵᠢᠭ ᠡᠪᠠᠳᠴᠢᠨ︾ ᠤ ᠪᠠᠶᠢᠳᠠᠯ ᠢ ᠢᠯᠡᠳᠳᠡ ᠰᠠᠶᠢᠵᠢᠷᠠᠭᠤᠯᠵᠦ᠂ ᠨᠠᠰᠤᠳᠠᠶᠢᠴᠤᠳ ᠪᠠ ᠵᠡᠮᠳᠡᠭᠴᠤᠳ ᠤᠨ ᠠᠮᠢ ᠨᠠᠰᠤᠨ ᠤ ᠣᠳᠬ᠎ᠠ ᠠᠭᠤᠯᠭ᠎ᠠ ᠪᠠ ᠪᠠᠶ᠎ᠠ ᠪᠠᠨ ᠲᠠᠭᠠᠭᠠᠬᠤ ᠴᠢᠳᠠᠪᠤᠷᠢ ᠶᠢ ᠨᠢ ᠢᠯᠡᠳᠳᠡ ᠴᠢᠩᠭᠠᠳᠬᠠᠨ᠎ᠠ᠃      ᠲᠦᠷᠪᠠ᠂ ᠭᠤᠤᠯ ᠡᠬᠦᠷᠭᠡ      ︵ᠨᠢᠭᠡ︶ ᠵᠠᠰᠠᠭ ᠤᠨ ᠤᠷᠲᠤᠨ ᠤ ᠡᠬᠢ ᠪᠠᠶᠠᠯᠢᠭ ᠢ ᠡᠮᠬᠢᠯᠠᠨ ᠨᠡᠶᠢᠯᠡᠬᠦᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠲᠤᠭᠳᠠᠴᠠ ᠶᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠤᠷᠲᠤᠨ ᠭᠤᠤᠯᠴᠢᠯᠠᠨ ᠤᠲᠤᠷᠢᠳᠬᠤ᠂ ᠰᠠᠯᠠᠭ᠎ᠠ ᠮᠦᠴᠢᠷ ᠬᠠᠮᠲᠤᠷᠠᠯᠴᠠᠬᠤ᠂ ᠪᠦᠬᠦ ᠨᠠᠶᠢᠭᠡᠮ ᠬᠠᠮᠲᠤ ᠪᠠᠷ ᠤᠷᠤᠯᠴᠠᠭᠰᠠᠨ ᠠᠵᠢᠯ ᠤᠨ ᠲᠤᠭᠳᠠᠴᠠ ᠶᠢ ᠪᠠᠶᠢᠭᠤᠯᠵᠦ᠂ ᠲᠦᠯᠦᠪᠯᠡᠭᠡ ᠲᠤᠭᠳᠠᠭᠠᠬᠤ᠂ ᠪᠠᠯᠨ ᠮᠦᠩᠬᠦ ᠪᠠᠷ ᠲᠡᠮᠵᠢᠬᠦ᠂ ᠭᠠᠶᠢᠯᠢ ᠶᠢᠨ ᠰᠦᠢᠳᠭᠡᠯ ᠢ ᠬᠠᠰᠤᠵᠦ ᠭᠡᠯᠲᠤᠷᠢᠬᠦᠯᠬᠦ ᠵᠡᠷᠭᠡ ᠠᠷᠭ᠎ᠠ ᠪᠠᠷᠢᠯ ᠢ ᠶᠠᠷᠤᠩᠭᠡᠶᠢᠯᠡᠨ ᠭᠡᠷᠡᠭᠯᠡᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠬᠦᠯ ᠮᠠᠨᠲᠤ ᠶᠢ ᠬᠦᠨ ᠠᠭᠤᠰᠤᠯᠴᠠᠭᠤᠯᠬᠤ ᠶᠢ ᠦᠨ᠋ᠨᠨᠬᠦ ᠲᠦᠯᠬᠢᠨ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢ ᠬᠦᠨ ᠠᠭᠤᠰᠤᠯᠴᠠᠭᠤᠯᠬᠤ ᠠᠵᠢᠯ ᠢ ᠤᠯᠤᠰ ᠠᠷᠠᠳ  ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠵᠦ᠂ ᠵᠠᠰᠠᠭ ᠤᠨ ᠤᠷᠲᠤᠨ  ᠤ ᠭᠤᠤᠯᠳᠠᠯᠭ᠎ᠠ ᠲᠠᠢ ᠠᠵᠢᠯ ᠳᠤ ᠤᠷᠤᠭᠤᠯᠵᠦ᠂ ︽ᠡᠷᠡᠬᠦᠯ ᠡᠩᠭᠡ ᠠᠯᠠᠱᠨ︾ ᠶᠢᠨ ᠪᠠᠶᠢᠭᠤᠯᠤᠯᠳᠠ ᠳᠤ ᠤᠷᠤᠭᠤᠯᠵᠦ᠂ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠪᠠ ᠦᠨᠲᠤᠰᠤᠨ ᠤᠯᠠᠨ ᠨᠠᠶᠢᠳᠠ ᠶᠢᠨ ᠦᠢᠯᠡᠴᠢᠯᠡᠭᠡ  ᠶᠢ  ᠲᠡᠩᠴᠡᠬᠦᠷᠢᠲᠡᠢ ᠪᠠᠶᠢᠯᠭᠠᠬᠤ ᠵᠡᠷᠭᠡ ᠬᠠᠷᠠᠯᠳᠠ ᠡᠬᠦᠷᠭᠡ ᠳᠤ ᠤᠷᠤᠭᠤᠯᠵᠦ᠂ ᠪᠤᠯᠪᠠᠰᠤᠨ ᠬᠤᠳᠠ ᠶᠢ ᠰᠢᠯᠭᠠᠨ ᠦᠨᠡᠯᠡᠬᠦ ᠰᠢᠰᠲ᠋ᠧᠮᠵᠢ ᠳᠤ ᠤᠷᠤᠭᠤᠯᠤᠨ᠎ᠠ᠃ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠦ᠂ ᠰᠠᠯᠠᠭ᠎ᠠ ᠮᠦᠴᠢᠷ ᠠᠯᠤᠰᠯᠠᠨ ᠨᠢᠭᠡᠲᠤᠯᠲᠡᠢ ᠲᠦᠯᠦᠪᠯᠡᠬᠦ᠂ ᠵᠤᠬᠢᠴᠠᠭᠤᠯᠬᠤ᠂ ᠦᠨᠠᠯᠠᠬᠦ᠂ ᠰᠢᠮᠳᠠᠭᠤᠯᠤᠨ ᠪᠠᠶᠢᠴᠠᠭᠠᠬᠤ ᠬᠠᠮᠵᠢᠯᠴᠠᠨ ᠠᠬᠢᠭᠤᠯᠬᠤ ᠲᠤᠭᠳᠠᠴᠠ ᠶᠢ ᠪᠠᠶᠢᠭᠤᠯᠵᠦ᠂ ᠵᠤᠬᠢᠶᠠᠨ ᠪᠠᠶᠢᠭᠤᠯᠤᠨ ᠭᠡᠷᠡᠭᠵᠢᠬᠦᠯᠬᠦ ᠶᠢ ᠴᠢᠩᠭᠠᠳᠬᠠᠵᠦ᠂ ᠬᠢᠨᠠᠯᠳᠠ ᠲᠠᠯᠪᠢᠵᠦ ᠦᠨᠠᠯᠠᠨ ᠵᠢᠱᠢᠬᠦ ᠠᠵᠢᠯ ᠢ ᠴᠢᠩᠭᠠᠷᠠᠭᠤᠯᠵᠦ᠂ ᠲᠦᠷᠦ ᠶᠢᠨ ᠪᠤᠲᠤᠯᠭ᠎ᠠ ᠶᠢ ᠡᠮᠬᠢᠯᠠᠨ ᠨᠠᠶᠢᠯᠡᠬᠦᠯᠬᠦ᠂ ᠡᠷᠴᠢᠮ ᠢ ᠨᠢ ᠴᠢᠩᠭᠠᠷᠠᠭᠤᠯᠤᠭᠰᠠᠨ ᠨᠦᠯᠦᠭᠡ ᠲᠤᠰᠬᠠᠯ ᠢ ᠪᠠᠶᠠᠯᠡᠬᠦᠯᠵᠦ᠂ ᠡᠯ᠎ᠠ ᠲᠦᠷᠦᠯ ᠤᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ ᠦᠨ᠋ᠨᠨᠬᠦ ᠲᠦᠯᠬᠢᠨ ᠠᠬᠢᠭᠤᠯᠤᠨ᠎ᠠ᠃      ︵ᠬᠤᠶᠠᠷ︶ ᠪᠠᠶ᠎ᠠ ᠶᠢᠨ ᠲᠠᠮᠢᠷ ᠤᠨ ᠰᠤᠶᠤᠯ ᠢ ᠪᠠᠳᠠᠷᠠᠭᠤᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠣᠶᠢᠯᠠᠭᠠᠭᠳᠠᠬᠤᠨ ᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠰᠤᠨᠢᠨ ᠰᠡᠳᠬᠦᠯ᠂ ᠷᠠᠳᠢᠤ᠋ ᠲᠧᠯᠸᠢᠰ᠂ ᠢᠨᠲ᠋ᠧᠷᠨᠧᠲ ᠰᠦᠯᠵᠢᠶ᠎ᠠ᠂ ᠰᠢᠯᠵᠢᠮᠠᠯ ᠬᠤᠯᠪᠣᠭ᠎ᠠ᠂ ᠸᠢᠴᠠᠲ᠂ ᠪᠢᠴᠢᠯ ᠪᠦᠷᠭᠡ ᠵᠡᠷᠭᠡ ᠵᠠᠭᠤᠴᠢᠯᠠᠭᠤᠷ ᠢ ᠬᠦᠢᠴᠡᠳ ᠠᠰᠢᠭᠯᠠᠵᠦ᠂ ᠪᠦᠬᠦ ᠠᠷᠠᠳ ᠢᠶᠠᠷ  ᠢᠶᠠᠨ ᠪᠠᠶ᠎ᠠ ᠴᠢᠬᠢᠷᠠᠭᠵᠢᠭᠤᠯᠬᠤ ᠫᠷᠣᠭ᠍ᠷᠠᠮ ᠢ ᠨᠡᠭᠡᠭᠡᠵᠦ᠂ ᠲᠠᠶᠢᠯᠤᠮᠵᠢ ᠶᠠᠷᠢᠶᠠᠨ ᠤ ᠲᠠᠪᠴᠠᠩ ᠢ ᠡᠷᠬᠢᠯᠠᠨ᠂ ᠤᠬᠠᠭᠤᠯᠬᠤ ᠹᠢᠯᠢᠮ᠂ ᠲᠠᠭᠤ ᠲᠦᠷᠰᠦ ᠰᠢᠩᠭᠡᠭᠡᠯᠳᠡ ᠶᠢᠨ ᠦᠢᠯᠡᠳᠬᠦᠨ ᠵᠡᠷᠭᠡ ᠶᠢ ᠦᠢᠯᠡᠳᠴᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠦᠳᠡᠯᠭᠡᠭᠡᠨ ᠤ ᠪᠦᠬᠦ ᠠᠷᠠᠳ ᠤᠨ ᠡᠷᠡᠬᠦᠯ ᠮᠠᠨᠲᠤ ᠶᠢ ᠠᠬᠢᠭᠤᠯᠬᠤ  ᠳᠤ ᠦᠵᠡᠬᠦᠯᠵᠦ ᠪᠠᠶᠢᠭ᠎ᠠ ᠴᠢᠬᠤᠯᠨ ᠠᠴᠢ ᠬᠤᠯᠪᠤᠭᠳᠠᠯ ᠪᠠ ᠦᠪᠠᠷᠮᠢᠴᠠ ᠦᠢᠯᠡᠲᠤᠯ ᠢ ᠶᠡᠭᠡ ᠪᠠᠷ ᠤᠬᠠᠭᠤᠯᠵᠦ᠂ ᠰᠢᠨᠵᠢᠯᠠᠬᠦ ᠤᠬᠠᠭᠠᠨᠴᠢ ᠪᠠᠷ ᠪᠠᠶ᠎ᠠ ᠪᠠᠨ ᠪᠤᠯᠪᠠᠰᠤᠷᠠᠭᠤᠯᠬᠤ᠂ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠮᠡᠳᠡᠯᠭᠡ  ᠶᠢ ᠲᠦᠭᠡᠮᠠᠯᠵᠢᠬᠦᠯᠵᠦ᠂ ︽ᠪᠠᠶ᠎ᠠ ᠶᠢᠨ ᠲᠠᠮᠢᠷ ᠤᠨ ᠬᠦᠳᠡᠯᠭᠡᠭᠡᠨ ᠢᠶᠠᠷ ᠪᠠᠶ᠎ᠠ ᠪᠠᠨ ᠴᠢᠬᠢᠷᠠᠭᠵᠢᠭᠤᠯᠵᠦ ︿ᠡᠪᠠᠳᠴᠢᠨ  ᠢ ᠰᠡᠷᠭᠡᠶᠢᠯᠠᠬᠦ﹀︾ ︽ᠪᠠᠶ᠎ᠠ ᠶᠢᠨ ᠲᠠᠮᠢᠷ ᠤᠨ ᠬᠦᠳᠡᠯᠭᠡᠭᠡᠨ ᠪᠤᠯ ᠰᠠᠶᠢᠨ ᠡᠮᠴᠢ ᠮᠦᠨ︾ ᠵᠡᠷᠭᠡ ᠣᠶᠢᠯᠠᠭᠠᠭᠳᠠᠬᠤᠨ  ᠢ ᠡᠯ᠎ᠠ ᠬᠤᠰᠢᠭᠤᠨ   ︵ᠨᠡᠭᠡᠭᠡᠯᠳᠡ ᠶᠢᠨ ᠤᠷᠤᠨ︶ ᠤ ᠡᠯ᠎ᠠ ᠨᠢᠭᠡᠴᠠ ᠶᠢᠨ ᠨᠠᠶᠢᠭᠡᠮ ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠳᠤ ᠤᠷᠤᠭᠤᠯᠵᠦ᠂ ᠡᠷᠡᠬᠦᠯ ᠬᠠᠮᠠᠭᠠᠯᠠᠯ ᠡᠷᠡᠬᠦᠯ ᠮᠠᠨᠲᠤ ᠪᠠ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠰᠠᠯᠠᠭ᠎ᠠ ᠮᠦᠴᠢᠷ ᠤᠨ ᠡᠷᠡᠬᠦᠯ ᠮᠠᠨᠲᠤ ᠶᠢᠨ ᠬᠦᠮᠦᠵᠢᠯ ᠤᠨ ᠰᠢᠰᠲ᠋ᠧᠮᠵᠢ ᠳᠤ ᠤᠷᠤᠭᠤᠯᠵᠦ᠂ ᠨᠠᠩ ᠤᠯᠠᠨ ᠬᠦᠮᠦᠰ ᠢ ᠢᠳᠡᠪᠬᠢᠲᠡᠢ᠂ ᠤᠬᠠᠮᠰᠠᠷ ᠠᠴᠠ ᠪᠠᠨ᠂ ᠰᠠᠨᠠᠭᠠᠴᠢᠯᠠᠭ᠎ᠠ ᠠᠴᠠ ᠪᠠᠨ ᠪᠦᠬᠦ ᠠᠷᠠᠳ  ᠢᠶᠠᠷ ᠢᠶᠠᠨ ᠪᠠᠶ᠎ᠠ ᠴᠢᠬᠢᠷᠠᠭᠵᠢᠭᠤᠯᠬᠤ ᠡᠩᠨᠡᠭᠡᠨ ᠳᠤ ᠤᠷᠤᠭᠤᠯᠤᠨ᠎ᠠ᠃ ︽ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠳᠣᠬᠠᠢ ᠵᠢᠯᠣᠭᠤᠳᠣᠮᠵᠢ︾ ᠪᠠ ︽ᠤᠯᠤᠰ ᠤᠨ ᠪᠠᠶ᠎ᠠ ᠶᠢᠨ ᠲᠠᠮᠢᠷ ᠤᠨ ᠪᠤᠯᠪᠠᠰᠤᠷᠠᠯ ᠤᠨ ᠪᠠᠷᠢᠮᠵᠢᠶ᠎ᠠ︾ ᠶᠢ ᠲᠡᠯᠭᠡᠷᠡᠬᠦᠯᠦᠨ ᠭᠡᠷᠡᠭᠯᠡᠨ᠎ᠠ᠃ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠡᠲᠤᠷ᠂ ᠤᠪᠤᠭ᠎ᠠ ᠲᠠᠬᠢᠬᠤ᠂ ᠨᠠᠭᠠᠲᠤᠮ ᠤᠨ ᠬᠤᠷᠠᠯ ᠵᠡᠷᠭᠡ ᠴᠢᠬᠤᠯᠨ ᠶᠡᠭᠡ ᠪᠠᠶᠠᠷ ᠤᠨ ᠡᠲᠤᠷ ᠤᠨ ᠠᠵᠢᠯᠯᠠᠭ᠎ᠠ ᠶᠢ ᠠᠰᠢᠭᠯᠠᠵᠦ᠂ ᠠᠯᠠᠱᠨ ᠶᠢᠨ ᠤᠷᠤᠨ ᠨᠤᠲᠤᠭ ᠤᠨ ᠤᠨᠴᠠᠯᠢᠭ ᠲᠠᠢ᠂ ᠤᠯᠠᠨ ᠲᠦᠮᠠᠨ ᠤ ᠲᠤᠷ᠎ᠠ ᠪᠠᠬ᠎ᠠ ᠶᠢ ᠳᠠᠳᠠᠭᠰᠠᠨ᠂ ᠠᠷᠠᠳ ᠲᠦᠮᠠᠨ ᠤ ᠠᠮᠢᠲᠤᠷᠠᠯ ᠲᠠᠢ ᠤᠶᠢᠷᠠᠲᠤᠭᠰᠠᠨ᠂ ᠡᠯᠪᠡᠭ ᠪᠠᠶᠠᠯᠢᠭ ᠠᠭᠤᠯᠭ᠎ᠠ ᠪᠦᠬᠦᠢ ᠤᠯᠠᠨ ᠭᠡᠯᠪᠠᠷᠢ ᠶᠢᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠭᠤᠤᠯ ᠰᠡᠲᠤᠪᠲᠤ ᠤᠷᠤᠯᠲᠤᠭᠠᠨ ᠬᠦᠳᠡᠯᠭᠡᠭᠡᠨ ᠢ ᠢᠳᠡᠪᠬᠢᠲᠡᠢ ᠦᠷᠨᠢᠬᠦᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠰᠢᠨ᠎ᠠ ᠣᠶᠢᠯᠠᠭᠠᠭᠳᠠᠬᠤᠨ ᠢ ᠬᠦᠮᠦᠨ ᠤ ᠰᠡᠳᠬᠢᠯ ᠳᠤ ᠬᠤᠨᠤᠭᠰᠢᠯᠠᠭᠤᠯᠤᠨ᠎ᠠ᠃      ︵ᠭᠤᠷᠪᠠ︶ ᠵᠤᠬᠢᠶᠠᠨ ᠪᠠᠶᠢᠭᠤᠯᠤᠯᠳᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠵᠤᠬᠢᠶᠠᠨ ᠪᠠᠶᠢᠭᠤᠯᠤᠯᠳᠠ ᠶᠢᠨ ᠠᠭᠤᠰᠤᠯᠴᠠᠭᠤᠯᠬᠤ ᠶᠢ ᠠᠬᠢᠭᠤᠯᠤᠨ᠎ᠠ᠃ ᠨᠡᠶᠢᠭᠡᠮ ᠤᠨ ᠵᠤᠬᠢᠶᠠᠨ ᠪᠠᠶᠢᠭᠤᠯᠤᠯᠳᠠ ᠬᠤᠯᠪᠤᠭᠠᠯᠠᠨ ᠪᠠᠶᠢᠭᠤᠯᠬᠤ ᠬᠠᠮᠲᠤ  ᠪᠠᠷ ᠪᠠᠶᠢᠭᠤᠯᠬᠤ ᠠᠵᠢᠯ ᠢ ᠴᠢᠩᠭᠠᠳᠬᠠᠵᠦ᠂ ᠡᠯ᠎ᠠ ᠲᠦᠷᠦᠯ ᠤᠨ ᠪᠠᠶ᠎ᠠ ᠴᠢᠬᠢᠷᠠᠭᠵᠢᠭᠤᠯᠬᠤ ᠵᠤᠬᠢᠶᠠᠨ ᠪᠠᠶᠢᠭᠤᠯᠤᠯᠳᠠ ᠬᠢᠭᠡᠳ ᠡᠷᠡᠬᠦᠯ ᠬᠠᠮᠠᠭᠠᠯᠠᠯ ᠡᠷᠡᠬᠦᠯ ᠮᠡᠨᠲᠤ᠂ ᠰᠤᠶᠤᠯ ᠵᠢᠭᠤᠯᠴᠢᠯᠠᠯ ᠵᠡᠷᠭᠡ ᠨᠠᠶᠢᠭᠡᠮ ᠤᠨ ᠵᠤᠬᠢᠶᠠᠨ ᠪᠠᠶᠢᠭᠤᠯᠤᠯᠳᠠ  ᠶᠢ ᠵᠠᠯᠭᠠᠯᠲᠤᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠦ᠂ ᠪᠠᠶ᠎ᠠ ᠴᠢᠬᠢᠷᠠᠭᠵᠢᠭᠤᠯᠬᠤ ᠬᠢᠭᠡᠳ ᠡᠷᠡᠬᠦᠯ ᠮᠠᠨᠲᠤ ᠶᠢᠨ ᠦᠢᠯᠡᠴᠢᠯᠡᠭᠡ ᠶᠢ ᠨᠢᠭᠡ ᠴᠤᠭᠴᠠᠵᠢᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃ ᠪᠦᠬᠦ ᠠᠶᠢᠮᠠᠭ ᠤᠨ ᠡᠯ᠎ᠠ ᠱᠠᠲᠤ ᠶᠢ  ᠬᠠᠮᠣᠷᠣᠭᠰᠠᠨ ᠪᠠᠶ᠎ᠠ ᠶᠢᠨ ᠲᠠᠮᠢᠷ ᠡᠮ ᠡᠮᠨᠡᠯᠭᠡ ᠶᠢ ᠤᠶᠠᠯᠲᠤᠭᠤᠯᠤᠭᠰᠠᠨ ᠡᠷᠡᠬᠦᠯ ᠮᠠᠨᠲᠤ ᠶᠢᠨ ᠦᠢᠯᠡᠴᠢᠯᠡᠭᠡᠨ ᠤ ᠰᠦᠯᠵᠢᠶ᠎ᠠ ᠶᠢ ᠪᠠᠶᠢᠭᠤᠯᠤᠨ ᠪᠦᠷᠢᠨᠰᠢᠬᠦᠯᠵᠦ᠂ ᠬᠤᠳᠠ ᠬᠦᠳᠡᠭᠡ ᠶᠢᠨ ᠦᠨᠲᠤᠰᠤᠨ ᠱᠠᠲᠤᠨ ᠳᠤ ︽ᠲᠠᠯ᠎ᠠ ᠨᠤᠲᠤᠭ ᠤᠨ ᠡᠷᠡᠬᠦᠯ ᠮᠠᠨᠲᠤ ᠶᠢᠨ ᠵᠢᠵᠢᠭ ᠦᠷᠤᠭᠡ︾ ᠶᠢ ᠪᠠᠶᠢᠭᠤᠯᠵᠦ᠂ ᠮᠠᠯᠴᠢᠨ ᠲᠠᠷᠢᠶᠠᠴᠢᠨ ᠤᠯᠠᠨ ᠲᠦᠮᠠᠨ ᠳᠤ ᠴᠢᠨᠠᠷᠯᠢᠭ ᠡᠷᠡᠬᠦᠯ ᠮᠠᠨᠲᠤ ᠶᠢᠨ ᠬᠦᠮᠦᠵᠢᠯ ᠤᠨ ᠠᠰᠠᠭᠤᠨ ᠯᠠᠪᠯᠠᠯᠭ᠎ᠠ᠂ ᠡᠷᠡᠬᠦᠯ ᠮᠠᠨᠲᠤ ᠶᠢᠨ ᠲᠤᠰᠠᠯᠠᠮᠵᠢ ᠪᠠ ᠣᠵᠢᠭ ᠡᠪᠠᠳᠴᠢᠨ ᠢ ᠰᠡᠷᠭᠡᠶᠢᠯᠠᠨ ᠬᠤᠷᠢᠭᠯᠠᠬᠤ ᠵᠡᠷᠭᠡ ᠦᠢᠯᠡᠴᠢᠯᠡᠭᠡ ᠬᠠᠩᠭᠠᠨ᠎ᠠ᠃ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠨᠠᠶᠢᠳᠠ ᠳᠤ ᠠᠰᠢᠭ ᠬᠦᠷᠳᠡᠭᠡᠬᠦ‍ ᠨᠢᠭᠡ ᠪᠦᠯᠦᠭ ᠵᠤᠬᠢᠶᠠᠨ ᠪᠠᠶᠢᠭᠤᠯᠤᠯᠳᠠ ᠶᠢ ᠪᠤᠶᠢᠵᠢᠭᠤᠯᠵᠦ᠂ ᠨᠠᠶᠢᠭᠡᠮ ᠤᠨ ᠬᠦᠴᠦᠨ ᠤ ᠬᠢᠨ ᠤ ᠠᠯᠪᠠᠨ ᠠᠴᠠ ᠪᠠᠶᠢᠭᠤᠯᠵᠦ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠠᠵᠦ ᠠᠯᠪᠠᠨ ᠠᠴᠠ ᠬᠠᠪᠰᠤᠷᠬᠤ ᠵᠡᠷᠭᠡ ᠭᠡᠯᠪᠠᠷᠢ ᠮᠠᠶ᠋ᠢᠭ ᠢᠶᠠᠷ᠂ ᠠᠰᠢᠭ ᠦᠯᠦ ᠬᠦᠷᠳᠡᠬᠦ ᠴᠢᠨᠠᠷᠲᠡᠢ ᠪᠠᠶ᠎ᠠ ᠴᠢᠬᠢᠷᠠᠭᠵᠢᠭᠤᠯᠬᠤ᠂ ᠡᠷᠡᠬᠦᠯ ᠮᠠᠨᠲᠤ ᠶᠢ ᠰᠢᠯᠭᠠᠨ ᠲᠤᠭᠳᠠᠭᠠᠬᠤ ᠪᠠ ᠬᠦᠳᠡᠯᠭᠡᠭᠡᠨ ᠢᠶᠠᠷ ᠡᠷᠡᠬᠦᠯᠵᠢᠬᠦ ᠵᠡᠷᠭᠡ ᠪᠠᠶ᠎ᠠ ᠴᠢᠬᠢᠷᠠᠭᠵᠢᠭᠤᠯᠬᠤ ᠡᠷᠡᠬᠦᠯ ᠮᠡᠨᠲᠤ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠡᠷᠬᠢᠯᠠᠬᠦ ᠶᠢ  ᠨᠢ ᠲᠠᠮᠵᠢᠨ᠎ᠠ᠃ ᠤᠯᠤᠰ ᠠᠷᠠᠳ ᠤᠨ ᠪᠠᠶ᠎ᠠ ᠶᠢᠨ ᠴᠢᠨᠠᠷ ᠴᠢᠨᠰᠠᠭ᠎ᠠ ᠶᠢ ᠬᠢᠨ᠋ᠨᠨ ᠰᠢᠯᠭᠠᠬᠤ ᠲᠤᠮᠳᠠ ︽ᠡᠷᠡᠬᠦᠯ ᠮᠠᠨᠲᠤ ᠶᠢᠨ ᠪᠠᠶ᠎ᠠ ᠶᠢᠨ ᠪᠠᠶᠢᠴᠠᠭᠠᠯᠳᠠ ᠶᠢᠨ ᠦᠨᠲᠤᠰᠤᠨ ᠲᠦᠷᠦᠯ ᠵᠦᠢᠯ ᠤᠨ ᠭᠠᠷᠴᠠᠭ︾ ᠲᠤ ᠨᠡᠶᠢᠴᠡᠭᠰᠡᠨ ᠲᠦᠷᠦᠯ ᠵᠦᠢᠯ ᠢ ᠠᠯᠬᠤᠮ ᠠᠯᠬᠤᠮ ᠢᠶᠠᠷ ᠡᠯ᠎ᠠ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠷᠡᠬᠦᠯ ᠮᠠᠨᠲᠤ  ᠶᠢᠨ ᠪᠠᠶ᠎ᠠ ᠶᠢᠨ ᠪᠠᠶᠢᠴᠠᠭᠠᠯᠳᠠ ᠶᠢᠨ ᠲᠦᠷᠦᠯ ᠵᠦᠢᠯ ᠳᠤ ᠤᠷᠤᠭᠤᠯᠵᠦ᠂ ᠤᠯᠤᠰ ᠠᠷᠠᠳ ᠤᠨ ᠪᠠᠶ᠎ᠠ ᠶᠢᠨ ᠴᠢᠨᠠᠷ ᠴᠢᠨᠰᠠᠭ᠎ᠠ ᠶᠢ ᠬᠢᠨ᠋ᠨᠨ ᠰᠢᠯᠭᠠᠬᠤ ᠲᠦᠪ ᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠮᠳᠠ ᠪᠠᠶ᠎ᠠ ᠶᠢᠨ ᠴᠢᠨᠠᠷ ᠴᠢᠨᠰᠠᠭ᠎ᠠ ᠶᠢ ᠰᠢᠯᠭᠠᠨ ᠲᠤᠭᠳᠠᠭᠠᠬᠤ᠂ ᠬᠦᠳᠡᠯᠭᠡᠭᠡᠨ ᠤ ᠴᠢᠳᠠᠪᠤᠷᠢ ᠶᠢ ᠦᠨᠠᠯᠠᠨ ᠲᠤᠭᠳᠠᠭᠠᠬᠤ᠂ ᠪᠠᠶ᠎ᠠ ᠶᠢᠨ ᠴᠢᠨᠠᠷ ᠴᠢᠨᠰᠠᠭ᠎ᠠ ᠶᠢ ᠦᠨᠠᠯᠠᠨ ᠵᠢᠱᠢᠬᠦ᠂ ᠡᠷᠡᠬᠦᠯ ᠮᠠᠨᠲᠤ ᠶᠢᠨ ᠲᠠᠩᠰᠠ ᠡᠪᠭᠡᠮᠠᠯ ᠪᠠᠶᠢᠭᠤᠯᠬᠤ᠂ ᠬᠦᠳᠡᠯᠭᠡᠭᠡᠨ ᠢᠶᠠᠷ ᠪᠠᠶ᠎ᠠ ᠴᠢᠬᠢᠷᠠᠭᠵᠢᠭᠤᠯᠬᠤ ᠵᠢᠯᠤᠭᠤᠲᠤᠯᠭ᠎ᠠ ᠬᠠᠩᠭᠠᠬᠤ ᠵᠡᠷᠭᠡ ᠦᠢᠯᠡᠴᠢᠯᠡᠭᠡᠨ ᠤ ᠴᠢᠳᠠᠪᠤᠷᠢ ᠶᠢ ᠨᠢ ᠰᠠᠶᠢᠲᠤᠷ ᠪᠠᠳᠠᠷᠠᠭᠤᠯᠵᠦ᠂ ᠵᠡᠭᠡᠯᠢ ᠭᠤᠲᠤᠮᠵᠢ᠂ ᠨᠡᠶᠢᠭᠡᠮ ᠲᠤᠭᠤᠷᠢᠭ᠂ ᠪᠠᠶ᠎ᠠ ᠴᠢᠬᠢᠷᠠᠭᠵᠢᠭᠤᠯᠬᠤ ᠭᠠᠵᠠᠷ ᠵᠡᠷᠭᠡ ᠳᠤ ᠡᠷᠡᠬᠦᠯ ᠮᠠᠨᠲᠤ ᠶᠢᠨ ᠵᠢᠯᠤᠭᠤᠲᠤᠯᠭ᠎ᠠ᠂ ᠠᠰᠠᠭᠤᠨ ᠯᠠᠪᠯᠠᠯᠭ᠎ᠠ᠂ ᠠᠵᠢᠯᠯᠠᠭ᠎ᠠ ᠦᠷᠨᠢᠬᠦᠯᠬᠦ ᠵᠡᠷᠭᠡ ᠦᠢᠯᠡᠴᠢᠯᠡᠭᠡ ᠶᠢ ᠵᠤᠬᠢᠶᠠᠨ ᠪᠠᠶᠢᠭᠤᠯᠤᠨ ᠦᠷᠨᠢᠬᠦᠯᠬᠦ ᠶᠢ ᠨᠢ ᠵᠤᠷᠢᠭᠵᠢᠭᠤᠯᠤᠨ ᠲᠡᠮᠵᠢᠵᠦ᠂ ᠰᠢᠨᠵᠢᠯᠡᠬᠦ ᠤᠬᠠᠭᠠᠨᠴᠢ ᠪᠠᠷ ᠪᠠᠶ᠎ᠠ ᠴᠢᠬᠢᠷᠠᠭᠵᠢᠭᠤᠯᠬᠤ ᠵᠢᠯᠤᠭᠤᠲᠤᠯᠭ᠎ᠠ ᠦᠢᠯᠡᠴᠢᠯᠡᠭᠡ ᠶᠢᠨ ᠦᠷᠳᠡᠭᠡ ᠴᠡᠭ ᠨᠢ ᠡᠷᠡᠬᠦᠯ ᠮᠠᠨᠲᠤ ᠶᠢᠨ ᠵᠢᠯᠤᠭᠤᠲᠤᠯᠭ᠎ᠠ  ᠦᠢᠯᠡᠴᠢᠯᠡᠭᠡ ᠶᠢᠨ ᠦᠷᠳᠡᠭᠡ ᠴᠡᠭ ᠲᠡᠰᠢ ᠰᠢᠯᠵᠢᠬᠦ ᠶᠢ ᠠᠬᠢᠭᠤᠯᠵᠦ᠂ ᠤᠯᠤᠰ ᠠᠷᠠᠳ ᠤᠨ ᠪᠠᠶ᠎ᠠ ᠶᠢᠨ ᠴᠢᠨᠠᠷ ᠴᠢᠨᠰᠠᠭ᠎ᠠ ᠶᠢ ᠬᠢᠨ᠋ᠨᠨ ᠰᠢᠯᠭᠠᠬᠤ ᠦᠷᠳᠡᠭᠡ ᠴᠡᠭ ᠢ ᠡᠷᠡᠬᠦᠯ ᠮᠠᠨᠲᠤ ᠶᠢ ᠬᠢᠨ᠋ᠨᠨ ᠰᠢᠯᠭᠠᠬᠤ ᠦᠷᠳᠡᠭᠡ ᠴᠡᠭ ᠲᠡᠰᠢ  ᠰᠢᠯᠵᠢᠬᠦᠯᠵᠦ᠂ ᠬᠦᠳᠡᠯᠭᠡᠭᠡᠨ ᠢᠶᠠᠷ ᠪᠠᠶᠢᠴᠠᠭᠠᠨ ᠭᠡᠮᠵᠢᠬᠦ ᠪᠠ ᠡᠮ ᠡᠮᠨᠡᠯᠭᠡ ᠶᠢᠨ ᠪᠠᠶ᠎ᠠ ᠶᠢᠨ ᠪᠠᠶᠢᠴᠠᠭᠠᠯᠳᠠ ᠶᠢ ᠨᠢᠭᠡᠳᠭᠡᠬᠦ ᠶᠢ ᠬᠠᠶᠢᠨ ᠰᠦᠪᠡᠭᠴᠢᠯᠡᠨ᠎ᠠ᠃ ᠰᠤᠮᠤ ᠪᠠᠯᠭᠠᠰᠤ ᠶᠢᠨ ᠡᠮᠨᠡᠯᠭᠡ ᠶᠢᠨ ᠬᠤᠷᠢᠶ᠎ᠠ᠂ ᠭᠠᠴᠠᠭ᠎ᠠ ᠲᠤᠰᠬᠤᠨ ᠤ ᠡᠮᠨᠡᠯᠭᠡ ᠶᠢᠨ ᠲᠠᠰᠤᠭ᠂ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠵᠡᠷᠭᠡ ᠡᠬᠢ ᠪᠠᠶᠠᠯᠢᠭ ᠲᠤ ᠲᠦᠰᠢᠭᠯᠡᠵᠦ᠂ ᠡᠯ᠎ᠠ ᠬᠤᠰᠢᠭᠤ ︵ᠨᠡᠭᠡᠭᠡᠯᠳᠡ ᠶᠢᠨ ᠤᠷᠤᠨ︶ ᠬᠠᠮᠤᠭ ᠤᠨ ᠴᠦᠭᠡᠨ ᠳᠡᠭᠡᠨ ᠦᠨᠲᠤᠰᠤᠨ ᠱᠠᠲᠤᠨ ᠤ ᠪᠠᠶ᠎ᠠ ᠶᠢᠨ ᠲᠠᠮᠢᠷ ᠡᠮ ᠡᠮᠨᠡᠯᠭᠡ ᠶᠢ ᠤᠶᠠᠯᠲᠤᠭᠤᠯᠤᠭᠰᠠᠨ ᠡᠷᠡᠬᠦᠯ ᠮᠠᠨᠲᠤ ᠶᠢ ᠠᠬᠢᠭᠤᠯᠬᠤ ᠦᠢᠯᠡᠴᠢᠯᠡᠭᠡᠨ ᠤ ᠲᠦᠪ 1 ᠶᠢ ᠪᠠᠶᠢᠭᠤᠯᠤᠨ᠎ᠠ᠃      ︵ᠲᠦᠷᠪᠠ︶ ᠪᠠᠶ᠎ᠠ ᠶᠢᠨ ᠲᠠᠮᠢᠷ ᠤᠨ ᠲᠤᠨᠤᠭ ᠲᠦᠬᠦᠭᠡᠷᠤᠮᠵᠢ ᠶᠢ ᠲᠡᠬᠦᠯᠳᠡᠷᠵᠢᠬᠦᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠲᠤᠨᠤᠭ ᠲᠦᠬᠦᠭᠡᠷᠤᠮᠵᠢ  ᠶᠢ ᠠᠭᠤᠰᠣᠯᠴᠠᠭᠤᠯᠬᠤ ᠶᠢ ᠲᠦᠯᠬᠢᠨ ᠠᠬᠢᠭᠤᠯᠤᠨ᠎ᠠ᠃ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠲᠦᠷᠦᠯ ᠵᠦᠢᠯ ᠢ ᠡᠯ᠎ᠠ ᠱᠠᠲᠤᠨ ᠤ ᠤᠯᠤᠰ ᠤᠨ ᠨᠣᠳᠤᠭ ᠳᠡᠪᠢᠰᠭᠡᠷ ᠤᠨ ᠤᠷᠤᠨ ᠵᠠᠢ ᠶᠢᠨ ᠲᠦᠯᠦᠪᠵᠢᠬᠦᠯᠭᠡ᠂ ᠡᠷᠡᠬᠦᠯ ᠮᠠᠨᠲᠤ ᠶᠢᠨ ᠬᠦᠭᠵᠢᠯᠳᠡ ᠶᠢᠨ ᠲᠦᠯᠦᠪᠵᠢᠬᠦᠯᠭᠡ ᠳᠤ ᠤᠷᠤᠭᠤᠯᠵᠦ᠂ ᠠᠭᠤᠰᠤᠯᠴᠠᠨ ᠠᠵᠢᠯᠯᠠᠬᠤ ᠬᠦᠭᠵᠢᠯᠳᠡ ᠶᠢᠨ ᠲᠦᠯᠦᠪᠵᠢᠬᠦᠯᠭᠡ ᠶᠢᠨ ᠰᠢᠰᠲ᠋ᠧᠮᠵᠢ ᠶᠢ ᠪᠠᠶᠢᠭᠤᠯᠵᠦ᠂ ᠭᠤᠤᠯᠳᠠᠭᠤ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠲᠤᠨᠤᠭ ᠲᠦᠬᠦᠭᠡᠷᠤᠮᠵᠢ ᠶᠢᠨ ᠲᠦᠯᠦᠪᠵᠢᠬᠦᠯᠭᠡ ᠬᠢᠭᠡᠳ ᠬᠤᠳᠠ ᠶᠢᠨ ᠲᠦᠯᠦᠪᠵᠢᠬᠦᠯᠭᠡ᠂ ᠪᠦᠲᠤᠭᠡᠨ ᠪᠠᠶᠢᠭᠤᠯᠤᠯᠳᠠ᠂ ᠨᠤᠭᠤᠭᠠᠷᠠᠭᠤᠯᠤᠯᠳᠠ᠂ ᠵᠢᠭᠤᠯᠴᠢᠯᠠᠯ᠂ ᠰᠤᠶᠤᠯ  ᠵᠤᠭ᠎ᠠ ᠰᠡᠯᠡᠬᠦᠴᠠᠯ ᠢ ᠬᠠᠷᠢᠯᠴᠠᠨ ᠠᠭᠤᠰᠤᠯᠴᠠᠭᠤᠯᠵᠦ᠂ ᠬᠤᠳᠠ ᠶᠢᠨ ᠴᠡᠴᠡᠷᠯᠢᠭ ᠢ ᠲᠡᠰ ᠲᠡᠪᠰᠢᠬᠦᠯᠦᠨ ᠦᠭᠡᠷᠡᠴᠢᠯᠡᠬᠦ᠂ ᠬᠤᠳᠠ ᠶᠢᠨ ᠠᠭᠤᠳᠠᠮ ᠲᠠᠯᠠᠪᠠᠢ ᠪᠠ ᠵᠠᠮ ᠤᠨ ᠪᠦᠲᠤᠭᠡᠨ ᠪᠠᠶᠢᠭᠤᠯᠤᠯᠳᠠ᠂ ᠬᠤᠳᠠ ᠶᠢᠨ ᠤᠯᠠᠨ ᠨᠠᠶᠢᠳᠠ ᠶᠢᠨ ᠤᠷᠤᠨ ᠵᠠᠢ ᠶᠢᠨ ᠪᠦᠲᠤᠭᠡᠨ ᠪᠠᠶᠢᠭᠤᠯᠤᠯᠳᠠ ᠶᠢᠨ ᠲᠤᠮᠳᠠ᠂ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠲᠠᠯᠠᠪᠤᠷ ᠤᠨ ᠲᠤᠨᠤᠭ ᠲᠦᠬᠦᠭᠡᠷᠤᠮᠵᠢ ᠶᠢᠨ ᠲᠦᠯᠦᠪᠵᠢᠬᠦᠯᠭᠡ ᠶᠢᠨ ᠪᠠᠶᠢᠷᠢᠯᠠᠭᠤᠯᠤᠯᠳᠠ ᠶᠢ ᠰᠠᠶᠢᠲᠤᠷ ᠬᠢᠨ᠎ᠠ᠃ ᠲᠠᠯᠠᠪᠤᠷ ᠤᠷᠲᠤᠨ ᠤ ᠴᠢᠳᠠᠮᠵᠢ ᠶᠢ ᠦᠭᠡᠷᠡᠴᠢᠯᠠᠵᠦ᠂ ᠤᠲᠤ ᠶᠢᠨ ᠪᠠᠶᠢᠭ᠎ᠠ ᠲᠠᠮᠢᠷ ᠤᠨ ᠤᠷᠲᠤᠨ ᠲᠤᠲᠤᠷ᠎ᠠ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠲᠤᠨᠤᠭ ᠲᠦᠬᠦᠭᠡᠷᠤᠮᠵᠢ ᠶᠢ ᠨᠠᠮᠡᠭᠳᠡᠬᠦᠯᠵᠦ᠂ ᠠᠷᠠᠳ ᠤᠯᠠᠨ ᠤ ᠪᠠᠶ᠎ᠠ ᠪᠠᠨ ᠴᠢᠬᠢᠷᠠᠭᠵᠢᠭᠤᠯᠬᠤ ᠪᠠ ᠡᠷᠡᠬᠦᠯ ᠮᠠᠨᠲᠤ ᠶᠢᠨ ᠰᠢᠯᠭᠠᠨ ᠪᠠᠶᠢᠴᠠᠭᠠᠯᠳᠠ ᠬᠢᠬᠦ ᠳᠤᠨᠢ ᠲᠦᠬᠦᠮ ᠪᠤᠯᠭᠠᠨ᠎ᠠ᠃ ᠰᠤᠷᠭᠠᠨ ᠬᠦᠮᠦᠵᠢᠯ ᠪᠠᠶ᠎ᠠ ᠶᠢᠨ ᠲᠠᠮᠢᠷ᠂ ᠡᠷᠡᠬᠦᠯ ᠬᠠᠮᠠᠭᠠᠯᠠᠯ᠂ ᠰᠤᠶᠤᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠠᠶᠢᠳᠠ ᠶᠢᠨ ᠦᠢᠯᠡᠴᠢᠯᠡᠭᠡᠨ ᠤ ᠲᠤᠨᠤᠭ ᠲᠦᠬᠦᠭᠡᠷᠤᠮᠵᠢ  ᠳᠤ ᠡᠷᠡᠬᠦᠯ ᠮᠠᠨᠲᠤ ᠶᠢᠨ ᠪᠠᠶ᠎ᠠ ᠶᠢᠨ ᠪᠠᠶᠢᠴᠠᠭᠠᠯᠳᠠ᠂ ᠡᠷᠡᠬᠦᠯ ᠮᠠᠨᠲᠤ ᠶᠢᠨ ᠬᠢᠨ᠋ᠨᠨ ᠪᠠᠶᠢᠴᠠᠭᠠᠯᠳᠠ᠂ ᠡᠷᠡᠬᠦᠯ ᠮᠠᠨᠲᠤ  ᠶᠢᠨ ᠦᠨᠠᠯᠠᠨ ᠵᠢᠱᠢᠯᠳᠡ ᠵᠡᠷᠭᠡ ᠬᠠᠳᠠᠭᠤ ᠵᠦᠭᠡᠯᠡᠨ ᠲᠤᠨᠤᠭ ᠲᠦᠬᠦᠭᠡᠷᠤᠮᠵᠢ ᠶᠢ ᠨᠡᠮᠡᠭᠳᠡᠬᠦᠯᠬᠦ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠦᠨᠲᠤᠰᠤᠨ ᠱᠠᠲᠤᠨ ᠤ ᠨᠠᠶᠢᠭᠡᠮ ᠲᠤᠭᠤᠷᠢᠭ ᠤᠨ ᠰᠤᠶᠤᠯ ᠪᠠᠶ᠎ᠠ ᠶᠢᠨ ᠲᠠᠮᠢᠷ ᠤᠨ ᠲᠤᠨᠤᠭ ᠲᠦᠬᠦᠭᠡᠷᠤᠮᠵᠢ ᠶᠢ ᠬᠠᠮᠲᠤ ᠪᠠᠷ ᠪᠠᠶᠢᠭᠤᠯᠵᠦ ᠬᠠᠮᠲᠤ ᠪᠠᠷ ᠡᠳ᠋ᠯᠡᠬᠦ ᠶᠢ ᠵᠤᠷᠢᠭᠵᠢᠭᠤᠯᠵᠦ᠂ ᠭᠠᠴᠠᠭ᠎ᠠ ᠲᠤᠰᠬᠤᠨ ᠤ ᠲᠡᠰ ᠤᠨ ᠵᠤᠬᠢᠶᠠᠨ ᠪᠠᠶᠢᠭᠤᠯᠤᠯᠳᠠ ᠶᠢᠨ ᠬᠦᠳᠡᠯᠭᠡᠭᠡᠨ ᠤ ᠲᠠᠯᠠᠪᠤᠷ᠂ ᠰᠤᠶᠤᠯ ᠤᠨ ᠦᠷᠤᠭᠡ᠂ ᠮᠠᠯᠴᠢᠨ ᠲᠠᠷᠢᠶᠠᠴᠢᠨ ᠤ ᠪᠠᠶ᠎ᠠ ᠶᠢᠨ ᠲᠠᠮᠢᠷ ᠢᠶᠠᠷ ᠪᠠᠶ᠎ᠠ ᠴᠢᠬᠢᠷᠠᠭᠵᠢᠭᠤᠯᠬᠤ ᠢᠨᠵᠧᠨᠧᠷᠢᠩ ᠵᠡᠷᠭᠡ ᠤᠲᠤ ᠶᠢᠨ ᠪᠠᠶᠢᠭ᠎ᠠ ᠲᠠᠯᠠᠪᠤᠷ ᠤᠨ ᠲᠤᠨᠤᠭ ᠲᠦᠬᠦᠭᠡᠷᠤᠮᠵᠢ ᠶᠢᠨ ᠡᠬᠢ ᠪᠠᠶᠠᠯᠢᠭ ᠢ ᠠᠭᠤᠰᠤᠯᠴᠠᠭᠤᠯᠵᠦ᠂ ᠡᠯ᠎ᠠ ᠰᠠᠯᠠᠭ᠎ᠠ ᠮᠦᠴᠢᠷ ᠪᠠ ᠨᠡᠶᠢᠭᠡᠮ ᠲᠤᠭᠤᠷᠢᠭ᠂ ᠭᠠᠴᠠᠭ᠎ᠠ ᠲᠤᠰᠬᠤᠨ ᠲᠠᠢ ᠬᠠᠮᠲᠤ ᠪᠠᠷ ᠪᠠᠶᠢᠭᠤᠯᠵᠦ ᠬᠠᠮᠲᠤ ᠳᠠᠭᠠᠨ ᠡᠳ᠋ᠯᠡᠬᠦ ᠶᠢ ᠬᠦᠲᠤᠯᠤᠨ ᠵᠢᠯᠤᠭᠤᠳᠴᠦ᠂ ᠦᠨᠲᠤᠰᠤᠨ ᠱᠠᠲᠤᠨ ᠤ ᠪᠠᠶ᠎ᠠ ᠶᠢᠨ ᠲᠠᠮᠢᠷ ᠤᠨ ᠲᠤᠨᠤᠭ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠳᠠ ᠶᠢ ᠲᠡᠳᠬᠦᠨ ᠲᠡᠮᠵᠢᠵᠦ᠂ ᠤᠶᠤᠨᠴᠢ ᠪᠠᠶ᠎ᠠ ᠴᠢᠬᠢᠷᠠᠭᠵᠢᠭᠤᠯᠬᠤ ᠬᠦᠷᠢᠶᠠᠯᠠᠩ ᠵᠡᠷᠭᠡ ᠪᠠᠶ᠎ᠠ ᠶᠢᠨ ᠲᠠᠮᠢᠷ  ᠤᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠶᠢ ᠲᠦᠷᠭᠡᠳᠭᠡᠵᠦ᠂ ᠠᠶᠢᠮᠠᠭ᠂ ᠬᠤᠰᠢᠭᠤ ︵ᠨᠡᠭᠡᠭᠡᠯᠳᠡ ᠶᠢᠨ ᠤᠷᠤᠨ︶᠂ ᠰᠤᠮᠤ ᠪᠠᠯᠭᠠᠰᠤ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠲᠦᠷᠪᠠᠨ ᠱᠠᠲᠤᠨ ᠤ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠲᠤᠨᠤᠭ ᠲᠦᠬᠦᠭᠡᠷᠤᠮᠵᠢ ᠶᠢᠨ ᠰᠦᠯᠵᠢᠶ᠎ᠠ ᠪᠠ ᠬᠤᠳᠠ ᠪᠠᠯᠭᠠᠰᠤ ᠨᠠᠶᠢᠭᠡᠮ ᠲᠤᠭᠤᠷᠢᠭ ᠤᠨ 10 ᠮᠢᠨᠦ᠋ᠲ ᠤᠨ ᠪᠠᠶ᠎ᠠ ᠴᠢᠬᠢᠷᠠᠭᠵᠢᠭᠤᠯᠬᠤ ᠭᠠᠵᠠᠷ ᠢ ᠬᠦᠴᠦᠯᠠᠨ ᠪᠠᠶᠢᠭᠤᠯᠤᠨ᠎ᠠ᠃ ᠤᠯᠠᠨ ᠨᠠᠶᠢᠳᠠ ᠶᠢᠨ ᠪᠠᠶ᠎ᠠ ᠶᠢᠨ ᠲᠠᠮᠢᠷ ᠤᠨ ᠲᠤᠨᠤᠭ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠷᠭ᠎ᠠ ᠶᠢ ᠲᠡᠬᠦᠯᠳᠡᠷᠵᠢᠬᠦᠯᠵᠦ᠂ ᠤᠯᠠᠨ ᠲᠦᠮᠠᠨ ᠤ ᠪᠠᠶ᠎ᠠ ᠴᠢᠬᠢᠷᠠᠭᠵᠢᠭᠤᠯᠬᠤ ᠠᠮᠤᠷ ᠲᠦᠪᠰᠢᠨ  ᠢ ᠦᠨ᠋ᠨᠨᠬᠦ ᠪᠠᠲᠤᠯᠠᠨ᠎ᠠ᠃ ᠲᠤᠮᠤ ᠭᠡᠯᠪᠠᠷᠢ ᠶᠢᠨ ᠤᠯᠠᠨ ᠨᠠᠶᠢᠳᠠ ᠶᠢᠨ ᠪᠠᠶ᠎ᠠ ᠶᠢᠨ ᠲᠠᠮᠢᠷ ᠤᠨ ᠲᠠᠯᠠᠪᠤᠷ ᠲᠤ ᠰᠦᠢᠳᠭᠡᠯ ᠦᠯᠦ ᠬᠤᠷᠢᠶᠠᠬᠤ ᠪᠤᠶᠤ  ᠪᠠᠭ᠎ᠠ ᠰᠦᠢᠳᠭᠡᠯ ᠬᠤᠷᠢᠶᠠᠵᠦ ᠨᠡᠭᠡᠭᠡᠬᠦ ᠶᠢ ᠠᠬᠢᠭᠤᠯᠵᠦ᠂ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠠ ᠠᠴᠠ ᠪᠠᠶᠢᠭᠤᠯᠵᠦ ᠪᠠᠶᠢᠭ᠎ᠠ ᠪᠠᠶ᠎ᠠ ᠶᠢᠨ ᠲᠠᠮᠢᠷ ᠤᠨ ᠲᠠᠯᠠᠪᠤᠷ ᠤᠷᠲᠤᠨ ᠤ ᠲᠤᠨᠤᠭ ᠲᠦᠬᠦᠭᠡᠷᠤᠮᠵᠢ ᠠᠴᠠ ᠰᠦᠢᠳᠭᠡᠯ ᠬᠤᠷᠢᠶᠠᠬᠤ ᠦᠭᠡᠢ ᠪᠤᠶᠤ ᠪᠠᠭ᠎ᠠ ᠰᠦᠢᠳᠭᠡᠯ ᠬᠤᠷᠢᠶᠠᠵᠦ ᠨᠡᠭᠡᠭᠡᠬᠦ ᠶᠢ ᠨᠢ ᠵᠤᠷᠢᠭᠵᠢᠭᠤᠯᠤᠨ᠂ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠲᠠᠯᠠᠪᠤᠷ ᠤᠨ ᠲᠤᠨᠤᠭ ᠲᠦᠬᠦᠭᠡᠷᠤᠮᠵᠢ ᠶᠢ ᠴᠢᠯᠦᠭᠡᠲᠡᠢ ᠨᠡᠭᠡᠭᠡᠬᠦ ᠬᠦᠴᠦᠯᠠᠴᠠ ᠪᠠᠨ ᠨᠡᠮᠡᠭᠳᠡᠬᠦᠯᠵᠦ᠂ ᠨᠡᠭᠡᠭᠡᠬᠦ ᠨᠤᠷᠮ᠎ᠠ ᠶᠢ 90% ᠠᠴᠠ ᠲᠠᠪᠠᠭᠤᠯᠤᠨ᠎ᠠ᠃ ᠰᠢᠨ᠎ᠠ ᠪᠠᠷ ᠪᠠᠶᠢᠭᠤᠯᠤᠭᠰᠠᠨ ᠤᠷᠤᠨ ᠰᠠᠭᠤᠴᠠ ᠶᠢᠨ ᠲᠤᠭᠤᠷᠢᠭ ᠤᠨ ᠪᠠᠶ᠎ᠠ ᠶᠢᠨ ᠲᠠᠮᠢᠷ ᠤᠨ ᠲᠤᠨᠤᠭ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠵᠦ᠂ ᠬᠠᠭᠤᠴᠢᠨ ᠰᠠᠭᠤᠭᠠᠯᠢ ᠲᠤᠭᠤᠷᠢᠭ ᠤᠨ ᠲᠤᠬᠠᠢ ᠶᠢᠨ ᠭᠠᠵᠠᠷ ᠤᠨ ᠪᠠᠶᠢᠳᠠᠯ ᠢ ᠨᠢ ᠦᠨᠲᠤᠰᠦᠯᠠᠵᠦ ᠪᠠᠶ᠎ᠠ ᠶᠢᠨ ᠲᠠᠮᠢᠷ ᠤᠨ ᠲᠤᠨᠤᠭ ᠲᠦᠬᠦᠭᠡᠷᠤᠮᠵᠢ ᠶᠢ ᠨᠡᠮᠡᠭᠳᠡᠬᠦᠯᠦᠨ᠎ᠠ᠃      ︵ᠲᠠᠪᠤ︶ ᠪᠠᠶᠠᠯᠢᠭ ᠠᠭᠤᠯᠭ᠎ᠠ ᠪᠦᠬᠦᠢ ᠪᠠᠶ᠎ᠠ ᠶᠢᠨ ᠲᠠᠮᠢᠷ ᠤᠨ ᠤᠷᠤᠯᠲᠤᠭᠠᠨ ᠬᠠᠩᠭᠠᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠬᠦᠳᠡᠯᠭᠡᠭᠡᠨ ᠢ ᠠᠭᠤᠰᠤᠯᠴᠠᠭᠤᠯᠬᠤ ᠶᠢ ᠠᠬᠢᠭᠤᠯᠤᠨ᠎ᠠ᠃ ᠠᠯᠠᠱᠨ ᠶᠢᠨ ᠪᠠᠭᠠᠲᠤᠷᠴᠤᠳ ᠤᠨ ᠴᠤᠭᠯᠠᠭᠠᠨ᠂ ᠲᠠᠮᠡᠭᠡᠨ ᠤ ᠨᠠᠭᠠᠲᠤᠮ᠂ ᠪᠦᠮᠪᠤᠭᠡᠨ ᠲᠦᠷᠦᠯ᠂ ᠰᠠᠪᠠᠷᠳᠠᠩ᠂ ᠶᠠᠪᠠᠭᠠᠨ ᠠᠯᠬᠤᠬᠤ᠂ ᠮᠠᠰᠢᠨ ᠲᠡᠷᠭᠡᠨ ᠤ ᠭᠡᠭᠡᠷᠡᠯᠡᠨ  ᠳᠠᠪᠬᠢᠬᠤ ᠵᠡᠷᠭᠡ ᠤᠲᠤ ᠦᠶ᠎ᠠ ᠶᠢᠨ ᠪᠠ ᠤᠯᠠᠮᠵᠢᠯᠠᠯᠲᠤ ᠲᠦᠷᠦᠯ ᠵᠦᠢᠯ ᠤᠨ ᠬᠦᠭᠵᠢᠯᠳᠡ ᠶᠢ ᠭᠤᠤᠯᠳᠠᠯᠭ᠎ᠠ ᠲᠠᠢ ᠲᠡᠮᠵᠢᠵᠦ᠂ ᠲᠠᠯᠠᠪᠤᠷ ᠤᠨ ᠪᠦᠵᠢᠭ᠂ ᠶᠠᠪᠠᠭᠠᠨ ᠠᠯᠬᠤᠬᠤ᠂ ᠲᠤᠭᠤᠢ ᠤᠨᠤᠬᠤ᠂ ᠠᠭᠤᠯᠨ ᠠᠪᠠᠷᠢᠬᠤ᠂ ᠪᠠᠶ᠎ᠠ ᠴᠢᠬᠢᠷᠠᠭᠵᠢᠭᠤᠯᠬᠤ ᠠᠮᠢᠰᠬᠤᠯ  ᠤᠨ ᠲᠠᠮᠢᠷ ᠵᠡᠷᠭᠡ ᠤᠯᠠᠨ ᠲᠦᠮᠠᠨ ᠳᠤ ᠲᠦᠭᠡᠮᠡᠯᠵᠢᠭᠰᠡᠨ ᠭᠡᠮᠵᠢᠶ᠎ᠠ ᠨᠠᠯᠢᠶᠡᠳ ᠦᠨᠲᠤᠷ ᠬᠦᠳᠡᠯᠭᠡᠭᠡᠨ ᠤ ᠲᠦᠷᠦᠯ ᠵᠦᠢᠯ ᠢ ᠦᠷᠭᠡᠨ ᠢᠶᠠᠷ ᠦᠷᠨᠢᠬᠦᠯᠵᠦ᠂ ᠪᠦᠭᠡ᠂ ᠨᠤᠮᠤ ᠬᠠᠷᠪᠤᠬᠤ᠂ ᠮᠤᠩᠭᠤᠯ ᠰᠢᠳᠠᠷ᠎ᠠ ᠵᠡᠷᠭᠡ ᠦᠨᠲᠤᠰᠦᠳᠠᠨ ᠤ ᠤᠯᠠᠮᠵᠢᠯᠠᠯᠲᠤ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠢ ᠢᠳᠡᠪᠬᠢᠲᠡᠢ ᠲᠡᠯᠭᠡᠷᠡᠬᠦᠯᠵᠦ᠂ ᠮᠦᠰᠦ ᠴᠠᠰᠤ᠂ ᠤᠷᠤᠯᠲᠤᠭᠠᠨ ᠤ ᠲᠡᠷᠭᠡ᠂ ᠭᠡᠭᠡᠷ᠎ᠠ ᠭᠠᠳᠠᠨ᠎ᠠ᠂ ᠶᠦᠭᠡᠵᠢᠷᠢᠰ ᠵᠡᠷᠭᠡ ᠴᠠᠭ ᠤᠨ ᠤᠷᠤᠰᠬᠠᠯ ᠢ ᠲᠠᠭᠠᠭᠰᠠᠨ ᠰᠤᠯᠨ ᠰᠡᠯᠡᠬᠦᠴᠠᠯ ᠤᠨ ᠬᠦᠳᠡᠯᠭᠡᠭᠡᠨ ᠤ ᠲᠦᠷᠦᠯ ᠵᠦᠢᠯ ᠢ ᠴᠢᠷᠮᠠᠶᠢᠨ ᠪᠤᠶᠢᠵᠢᠭᠤᠯᠵᠦ᠂ ᠡᠯ᠎ᠠ ᠲᠦᠷᠦᠯ ᠤᠨ ᠪᠠᠶ᠎ᠠ ᠴᠢᠬᠢᠷᠠᠭᠵᠢᠭᠤᠯᠬᠤ ᠲᠦᠷᠦᠯ ᠵᠦᠢᠯ ᠢᠶᠠᠷ ᠬᠦᠮᠦᠨ ᠤ ᠪᠦᠬᠦ ᠲᠠᠯ᠎ᠠ ᠶᠢᠨ ᠡᠷᠡᠬᠦᠯ ᠮᠠᠨᠲᠤ ᠶᠢ ᠪᠠᠶᠠᠯᠡᠬᠦᠯᠬᠦ ᠲᠡᠰᠢ ᠠᠬᠢᠭᠤᠯᠬᠤ ᠶᠢ ᠬᠦᠲᠤᠯᠤᠨ ᠵᠢᠯᠤᠭᠤᠲᠤᠨ᠎ᠠ᠃ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢ ᠠᠬᠢᠭᠤᠯᠬᠤ ᠬᠦᠳᠡᠯᠭᠡᠭᠡᠨ ᠢ ᠪᠠᠶᠢᠭᠤᠯᠤᠯᠭ᠎ᠠ ᠳᠤ ᠤᠷᠤᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠰᠤᠷᠭᠠᠭᠤᠯᠢ ᠳᠤ ᠤᠷᠤᠭᠤᠯᠬᠤ᠂ ᠨᠠᠶᠢᠭᠡᠮ ᠲᠤᠭᠤᠷᠢᠭ ᠲᠤ ᠤᠷᠤᠭᠤᠯᠬᠤ᠂ ᠬᠦᠳᠡᠭᠡ ᠲᠤᠰᠬᠤᠨ ᠳᠤ ᠬᠦᠷᠭᠡᠬᠦ᠂ ᠭᠡᠷ ᠪᠦᠯᠢ ᠳᠤ ᠤᠷᠤᠭᠤᠯᠬᠤ ᠶᠢ ᠢᠳᠡᠪᠬᠢᠲᠡᠢ ᠠᠬᠢᠭᠤᠯᠤᠨ᠎ᠠ᠃ ᠭᠤᠤᠯᠳᠠᠯᠭ᠎ᠠ ᠲᠠᠢ ᠬᠦᠮᠦᠰ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠢ ᠴᠢᠩᠭᠠᠳᠬᠠᠵᠦ᠂ ᠵᠠᠯᠠᠭᠤ ᠪᠠᠭᠠᠴᠤᠳ᠂ ᠡᠮᠡᠭᠳᠡᠶᠢᠴᠤᠳ᠂ ᠨᠠᠰᠤᠳᠠᠶᠢᠴᠤᠳ᠂ ᠠᠵᠢᠯ ᠮᠡᠷᠭᠡᠵᠢᠯ ᠤᠨ ᠬᠦᠮᠦᠰ ᠵᠢᠴᠢ ᠵᠡᠮᠳᠡᠭᠴᠤᠳ ᠵᠡᠷᠭᠡ ᠬᠦᠳᠡᠯᠭᠡᠭᠡᠨ ᠪᠤᠯᠪᠠᠰᠤᠷᠠᠯ ᠳᠤ ᠴᠦᠭᠡᠨ ᠤᠷᠤᠯᠴᠠᠵᠦ ᠪᠠᠶᠢᠭ᠎ᠠ ᠬᠦᠮᠦᠰ ᠲᠤ ᠴᠢᠭᠯᠡᠬᠦᠯᠵᠦ᠂ ︽ᠵᠠᠭᠤᠨ ᠬᠦᠮᠦᠨ ᠵᠠᠭᠤᠨ ᠡᠲᠤᠷ ᠤᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ︾ ᠶᠢᠨ ᠬᠦᠳᠡᠯᠭᠡᠭᠡᠨ ᠢ ᠲᠤᠭᠳᠠᠭᠰᠠᠨ ᠬᠤᠭᠤᠴᠠᠭ᠎ᠠ ᠲᠠᠢ ᠪᠠᠷ ᠦᠷᠨᠢᠬᠦᠯᠦᠨ᠎ᠠ᠃ ᠪᠦᠮᠪᠤᠭᠡᠨ ᠤ ᠲᠦᠷᠦᠯ ᠵᠡᠷᠭᠡ ᠪᠠᠷ ᠭᠤᠤᠯᠳᠠᠯᠭ᠎ᠠ ᠲᠠᠢ ᠲᠦᠷᠦᠯ ᠵᠦᠢᠯ ᠪᠤᠯᠭᠠᠵᠦ᠂ ᠲᠤᠮᠳᠠᠲᠤ ᠪᠠᠭ᠎ᠠ ᠰᠤᠷᠭᠠᠭᠤᠯᠢ ᠶᠢᠨ ᠬᠤᠯᠪᠤᠭᠠᠯᠠᠭᠰᠠᠨ ᠤᠷᠤᠯᠲᠤᠭᠠᠨ ᠤ ᠲᠦᠷᠢᠮ ᠢ ᠪᠠᠶᠢᠭᠤᠯᠵᠦ᠂ ᠵᠠᠯᠠᠭᠤ ᠪᠠᠭᠠᠴᠤᠳ ᠢ 1 ᠲᠦᠷᠦᠯ ᠠᠴᠠ ᠲᠡᠭᠡᠭᠰᠢᠬᠢ ᠪᠠᠶ᠎ᠠ ᠶᠢᠨ ᠲᠠᠮᠢᠷ  ᠤᠨ ᠤᠷ᠎ᠠ ᠴᠢᠳᠠᠪᠤᠷᠢ ᠶᠢ ᠪᠤᠯᠪᠠᠰᠤᠷᠠᠩᠭᠤᠢ ᠡᠵᠡᠮᠰᠢᠬᠦᠯᠬᠦ ᠶᠢ ᠦᠨᠲᠤᠰᠤᠨ ᠳᠡᠭᠡᠨ ᠪᠠᠶᠠᠯᠡᠬᠦᠯᠵᠦ᠂ ᠰᠤᠷᠤᠭᠴᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠨᠢᠭᠡ ᠡᠲᠤᠷ ᠲᠤ ᠬᠠᠮᠤᠭ ᠤᠨ ᠴᠦᠭᠡᠨ ᠳᠡᠭᠡᠨ 1 ᠴᠠᠭ ᠤᠨ ᠲᠠᠮᠢᠷ ᠤᠨ ᠬᠦᠳᠡᠯᠭᠡᠭᠡᠨ ᠳᠤ ᠤᠷᠤᠯᠴᠠᠨ᠎ᠠ᠃ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠶᠢ ᠴᠢᠩᠭᠠᠳᠬᠠᠵᠦ᠂ ᠡᠮᠡᠭᠳᠡᠶᠢᠴᠤᠳ᠂ ᠨᠠᠰᠤᠳᠠᠶᠢᠴᠤᠳ ᠪᠠ ᠠᠵᠢᠯ ᠮᠡᠷᠭᠡᠵᠢᠯ ᠤᠨ ᠬᠦᠮᠦᠰ ᠤᠨ ᠪᠠᠶ᠎ᠠ ᠴᠢᠬᠢᠷᠠᠭᠵᠢᠭᠤᠯᠬᠤ ᠬᠦᠳᠡᠯᠭᠡᠭᠡᠨ  ᠳᠤ ᠢᠳᠡᠪᠬᠢᠲᠡᠢ ᠤᠷᠤᠯᠴᠠᠬᠤ ᠶᠢ ᠠᠬᠢᠭᠤᠯᠤᠨ᠎ᠠ᠃ ᠠᠵᠢᠯ ᠤᠨ ᠬᠤᠭᠤᠴᠠᠭᠠᠨ ᠤ ᠪᠠᠶ᠎ᠠ ᠴᠢᠬᠢᠷᠠᠭᠵᠢᠭᠤᠯᠬᠤ ᠲᠦᠷᠢᠮ  ᠢ ᠶᠠᠪᠤᠭᠳᠠᠭᠤᠯᠵᠦ᠂ ᠰᠢᠨ᠎ᠠ ᠪᠠᠷ ᠪᠠᠶᠢᠭᠤᠯᠤᠭᠰᠠᠨ ᠠᠵᠢᠯ ᠤᠨ ᠲᠠᠯᠠᠪᠤᠷ ᠲᠤ ᠲᠤᠬᠢᠷᠠᠮᠵᠢᠲᠡᠢ ᠪᠠᠶ᠎ᠠ ᠴᠢᠬᠢᠷᠠᠭᠵᠢᠭᠤᠯᠬᠤ ᠬᠦᠳᠡᠯᠭᠡᠭᠡᠨ ᠤ ᠲᠠᠯᠠᠪᠤᠷ ᠪᠠᠶᠢᠭᠤᠯᠬᠤ ᠶᠢ ᠵᠤᠷᠢᠭᠵᠢᠭᠤᠯᠤᠨ ᠲᠠᠮᠵᠢᠨ᠎ᠠ᠃ ᠵᠡᠮᠳᠡᠭᠴᠤᠳ ᠤᠨ ᠡᠷᠡᠬᠦᠯᠵᠢᠬᠦ ᠪᠠᠶ᠎ᠠ ᠶᠢᠨ ᠲᠠᠮᠢᠷ ᠪᠠ ᠪᠠᠶ᠎ᠠ ᠴᠢᠬᠢᠷᠠᠭᠵᠢᠭᠤᠯᠬᠤ ᠪᠠᠶ᠎ᠠ ᠶᠢᠨ ᠲᠠᠮᠢᠷ ᠢ ᠦᠷᠭᠡᠨ ᠢᠶᠠᠷ ᠦᠷᠨᠢᠬᠦᠯᠬᠦ ᠶᠢ ᠲᠦᠯᠬᠢᠨ ᠠᠬᠢᠭᠤᠯᠤᠨ᠎ᠠ᠃      ︵ᠵᠢᠷᠭᠤᠭ᠎ᠠ︶ ᠴᠢᠳᠠᠪᠤᠷᠢᠳᠠᠨ ᠢ ᠬᠦᠮᠦᠵᠢᠬᠦᠯᠬᠦ ᠶᠢ ᠲᠦᠷᠭᠡᠳᠭᠡᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠴᠢᠳᠠᠪᠤᠷᠢᠳᠠᠨ ᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ᠂ ᠪᠦᠬᠦ ᠠᠷᠠᠳ ᠤᠨ ᠡᠷᠡᠬᠦᠯ ᠮᠠᠨᠲᠤ ᠶᠢᠨ ᠲᠤᠷᠰᠢᠯᠭ᠎ᠠ ᠰᠤᠯᠢᠯᠴᠠᠬᠤ ᠬᠤᠷᠠᠯ᠂ ᠰᠤᠲᠤᠯᠤᠨ ᠶᠠᠷᠢᠯᠴᠠᠬᠤ ᠬᠤᠷᠠᠯ ᠢ ᠦᠷᠬᠦᠯᠵᠢ ᠶᠢᠨ ᠴᠢᠨᠠᠷᠲᠡᠢ ᠡᠷᠬᠢᠯᠠᠵᠦ᠂ ᠠᠵᠢᠯ ᠲᠦᠷᠦᠯ ᠤᠨ ᠳᠠᠯ᠎ᠠ ᠪᠠᠷ ᠨᠡᠷ᠎ᠡ ᠨᠦᠯᠦᠭᠡ ᠲᠠᠢ᠂ ᠤᠶᠤᠨ ᠤ ᠬᠦᠮᠦᠷᠭᠡ ᠶᠢᠨ ᠲᠤᠰᠬᠠᠢ ᠮᠠᠷᠭᠡᠵᠢᠯᠳᠠᠨ ᠡᠷᠳᠡᠮᠳᠡᠳ ᠢ ᠤᠷᠢᠵᠦ ᠮᠠᠨ ᠤ ᠠᠶᠢᠮᠠᠭ ᠲᠤ ᠪᠤᠯᠪᠠᠰᠤᠷᠠᠯ ᠲᠠᠶᠢᠯᠤᠮᠵᠢ ᠦᠷᠨᠢᠬᠦᠯᠵᠦ᠂ ᠮᠠᠨ ᠤ ᠠᠶᠢᠮᠠᠭ ᠤᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠠᠵᠢᠯ ᠦᠷᠨᠢᠬᠦᠯᠬᠦ ᠶᠢ ᠵᠢᠯᠤᠭᠤᠲᠤᠭᠤᠯᠤᠨ᠎ᠠ᠃ ᠪᠠᠶ᠎ᠠ ᠴᠢᠬᠢᠷᠠᠭᠵᠢᠭᠤᠯᠬᠤ ᠬᠢᠭᠡᠳ ᠡᠷᠡᠬᠦᠯ ᠮᠠᠨᠲᠤ ᠶᠢᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠲᠦᠷᠭᠡᠳᠭᠡᠵᠦ᠂ ᠰᠤᠷᠭᠠᠨ ᠬᠦᠮᠦᠵᠢᠯ ᠪᠠᠶ᠎ᠠ ᠶᠢᠨ ᠲᠠᠮᠢᠷ ᠬᠢᠭᠡᠳ ᠡᠷᠡᠬᠦᠯ ᠬᠠᠮᠠᠭᠠᠯᠠᠯ ᠡᠷᠡᠬᠦᠯ ᠮᠠᠨᠲᠤ᠂ ᠰᠤᠶᠤᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠴᠢᠳᠠᠪᠤᠷᠢᠳᠠᠨ ᠢ ᠠᠭᠤᠰᠤᠯᠴᠠᠭᠤᠯᠬᠤ ᠲᠤᠭᠳᠠᠴᠠ ᠶᠢ ᠬᠠᠶᠢᠨ ᠰᠦᠪᠡᠭᠴᠢᠯᠠᠵᠦ ᠪᠠᠶᠢᠭᠤᠯᠤᠨ᠂ ᠪᠠᠶ᠎ᠠ ᠴᠢᠬᠢᠷᠠᠭᠵᠢᠭᠤᠯᠬᠤ ᠭᠢᠭᠡᠳ ᠡᠷᠡᠬᠦᠯ ᠮᠠᠨᠲᠤ ᠶᠢᠨ ᠴᠢᠳᠠᠪᠤᠷᠢᠳᠠᠨ ᠢ ᠨᠠᠮᠠᠵᠦ ᠬᠠᠰᠤᠬᠤ ᠶᠢ ᠮᠠᠨ ᠤ ᠠᠶᠢᠮᠠᠭ ᠤᠨ ᠲᠤᠮᠳᠠ ᠤᠷᠲᠤ ᠬᠤᠭᠤᠴᠠᠭᠠᠨ ᠤ ᠴᠢᠳᠠᠪᠤᠷᠢᠳᠠᠨ ᠢ ᠬᠦᠭᠵᠢᠬᠦᠯᠬᠦ ᠲᠦᠯᠦᠪᠵᠢᠬᠦᠯᠭᠡ ᠳᠤ ᠤᠷᠤᠭᠤᠯᠵᠦ᠂ ᠪᠠᠶ᠎ᠠ ᠶᠢᠨ ᠲᠠᠮᠢᠷ ᠡᠮ ᠡᠮᠨᠡᠯᠭᠡ ᠶᠢ ᠤᠶᠠᠯᠲᠤᠭᠤᠯᠤᠭᠰᠠᠨ ᠴᠢᠳᠠᠪᠤᠷᠢᠳᠠᠨ ᠤ ᠡᠩᠨᠡᠭᠡ ᠶᠢ ᠬᠦᠴᠦᠯᠠᠨ ᠪᠠᠶᠢᠭᠤᠯᠤᠨ᠎ᠠ᠃ ᠨᠠᠶᠢᠭᠡᠮ  ᠤᠨ ᠪᠠᠶ᠎ᠠ ᠶᠢᠨ ᠲᠠᠮᠢᠷ ᠤᠨ ᠵᠢᠭᠠᠨ ᠵᠢᠯᠤᠭᠤᠲᠤᠭᠴᠢ ᠶᠢᠨ ᠲᠤᠰᠬᠠᠢ ᠮᠠᠷᠭᠡᠵᠢᠯ ᠤᠨ ᠪᠤᠯᠪᠠᠰᠤᠷᠠᠯ ᠢ ᠨᠡᠮᠡᠭᠳᠡᠬᠦᠯᠵᠦ᠂ ᠪᠠᠶ᠎ᠠ ᠴᠢᠬᠢᠷᠠᠭᠵᠢᠭᠤᠯᠬᠤ ᠵᠢᠯᠤᠭᠤᠲᠤᠮᠵᠢ ᠶᠢ ᠡᠷᠡᠬᠦᠯ ᠮᠠᠨᠲᠤ ᠶᠢᠨ ᠵᠢᠯᠤᠭᠤᠲᠤᠮᠵᠢ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠡᠯ᠎ᠠ ᠱᠠᠲᠤᠨ ᠤ ᠡᠮ ᠡᠮᠨᠡᠯᠭᠡ ᠶᠢᠨ ᠠᠵᠢᠯᠳᠠᠨ ᠳᠤ ᠪᠠᠶ᠎ᠠ ᠶᠢᠨ ᠲᠠᠮᠢᠷ ᠤᠨ ᠡᠷᠡᠬᠦᠯ ᠮᠠᠨᠲᠤ ᠶᠢᠨ ᠦᠢᠯᠡᠴᠢᠯᠡᠭᠡᠨ ᠤ ᠬᠠᠮᠢᠶᠠᠷᠤᠯᠳᠠ ᠶᠢᠨ ᠲᠤᠰᠬᠠᠢ ᠲᠦᠷᠦᠯ ᠤᠨ ᠪᠤᠯᠪᠠᠰᠤᠷᠠᠯ ᠬᠦᠷᠳᠡᠭᠡᠬᠦ ᠶᠢ ᠲᠦᠷᠭᠡᠳᠭᠡᠵᠦ᠂ ᠭᠡᠷ ᠪᠦᠯᠢ ᠳᠤ ᠦᠢᠯᠡᠴᠢᠯᠡᠬᠦ ᠭᠡᠷ᠎ᠠ ᠲᠤᠭᠳᠠᠭᠰᠠᠨ ᠡᠮᠴᠢ ᠶᠢ ᠪᠠᠭᠳᠠᠭᠠᠭᠰᠠᠨ ᠦᠨᠲᠤᠰᠤᠨ ᠱᠠᠲᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯᠳᠠᠨ ᠢ ᠨᠠᠶᠢᠭᠡᠮ ᠤᠨ ᠪᠠᠶ᠎ᠠ ᠶᠢᠨ ᠲᠠᠮᠢᠷ ᠤᠨ ᠵᠢᠭᠠᠨ ᠵᠢᠯᠤᠭᠤᠲᠤᠭᠴᠢ ᠪᠤᠯᠭᠠᠬᠤ ᠶᠢ ᠪᠠᠭᠳᠠᠭᠠᠭᠰᠠᠨ ᠭᠤᠤᠯᠳᠠᠯᠭ᠎ᠠ ᠲᠠᠢ ᠪᠤᠯᠪᠠᠰᠤᠷᠠᠯ ᠢ ᠦᠷᠨᠢᠬᠦᠯᠵᠦ᠂ ᠡᠮ ᠡᠮᠨᠡᠯᠭᠡ ᠶᠢᠨ ᠵᠤᠷ ᠭᠠᠷᠭᠠᠵᠦ ᠦᠭᠬᠦ ᠮᠦᠷᠳᠡᠭᠡᠨ ᠬᠦᠳᠡᠯᠭᠡᠭᠡᠨ ᠤ ᠵᠤᠷ ᠭᠠᠷᠭᠠᠵᠦ ᠴᠢᠳᠠᠬᠤ ᠪᠤᠯᠭᠠᠨ᠎ᠠ᠃ ᠵᠡᠭᠡᠯᠢ ᠭᠤᠲᠤᠮᠵᠢ᠂ ᠨᠠᠶᠢᠭᠡᠮ ᠲᠤᠭᠤᠷᠢᠭ ᠵᠡᠷᠭᠡ  ᠳᠤ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠭᠠᠵᠠᠷ ᠪᠠᠶᠢᠭᠤᠯᠬᠤ ᠶᠢ ᠵᠤᠷᠢᠭᠵᠢᠭᠤᠯᠵᠦ᠂ ᠨᠡᠶᠢᠭᠡᠮ ᠤᠨ ᠨᠠᠶᠢᠳᠠ ᠳᠤ ᠠᠰᠢᠭ ᠬᠦᠷᠳᠡᠭᠡᠬᠦ ᠠᠵᠢᠯ ᠤᠨ ᠰᠠᠶᠢᠨ ᠲᠤᠷᠠᠴᠤᠳ᠂ ᠲᠠᠷᠬᠠᠯᠠᠭᠳᠠᠭᠰᠠᠨ ᠲᠠᠮᠢᠷᠴᠢᠨ᠂ ᠪᠠᠶ᠎ᠠ ᠴᠢᠬᠢᠷᠠᠭᠵᠢᠭᠤᠯᠬᠤ ᠠᠪᠤᠷᠭᠤ ᠳᠤ ᠪᠤᠯᠪᠠᠰᠤᠷᠠᠯ ᠬᠦᠷᠳᠡᠭᠡᠨ ᠳᠡᠳᠡᠨ ᠢ ᠤᠷᠢᠨ ᠭᠡᠷᠡᠭᠯᠡᠵᠦ ᠤᠯᠠᠨ ᠲᠦᠮᠠᠨ ᠤ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢ ᠵᠢᠯᠤᠭᠤᠳᠬᠤ ᠠᠵᠢᠯ ᠳᠤ ᠣᠷᠣᠯᠴᠠᠭᠤᠯᠣᠨ᠎ᠠ᠃      ︵ᠲᠤᠯᠤᠭ᠎ᠠ︶ ᠪᠠᠶ᠎ᠠ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠠᠵᠤ ᠦᠢᠯᠡᠰ ᠢ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠠᠯᠠᠱᠨ ᠶᠢᠨ ᠭᠠᠵᠠᠷ ᠵᠦᠢ ᠶᠢᠨ ᠪᠠᠶᠢᠷᠢᠰᠢᠯ ᠤᠨ ᠲᠠᠪᠠᠭᠤᠯᠢᠭ ᠢ ᠬᠦᠢᠴᠡᠳ ᠪᠠᠳᠠᠷᠠᠭᠤᠯᠵᠦ᠂ ᠡᠷᠡᠬᠦᠯ ᠬᠠᠮᠠᠭᠠᠯᠠᠯ ᠡᠷᠡᠬᠦᠯ ᠮᠠᠨᠲᠤ᠂ ᠰᠤᠷᠭᠠᠨ ᠬᠦᠮᠦᠵᠢᠯ᠂ ᠰᠤᠶᠤᠯ ᠵᠢᠭᠤᠯᠴᠢᠯᠠᠯ ᠵᠡᠷᠭᠡ ᠠᠵᠤ ᠦᠢᠯᠡᠰ ᠬᠢᠭᠡᠳ ᠪᠠᠶ᠎ᠠ ᠶᠢᠨ ᠲᠠᠮᠢᠷ ᠤᠨ ᠠᠵᠤ ᠦᠢᠯᠡᠰ ᠢ ᠤᠷᠭᠠᠨᠢᠭ ᠢᠶᠠᠷ ᠡᠮᠬᠢᠯᠠᠨ ᠨᠠᠶᠢᠯᠡᠬᠦᠯᠵᠦ᠂ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢ ᠠᠵᠤ ᠦᠢᠯᠡᠰ ᠤᠨ ᠲᠦᠯᠦᠪᠵᠢᠬᠦᠯᠭᠡ᠂ ᠵᠠᠬ᠎ᠠ ᠲᠡᠯᠭᠡᠬᠦᠷ ᠤᠨ ᠪᠠᠶᠢᠷᠢᠯᠠᠭᠤᠯᠤᠯᠳᠠ᠂ ᠠᠵᠤ ᠠᠬᠤᠶᠢᠯᠠᠯ  ᠤᠨ ᠡᠵᠡᠩᠨᠡᠯᠳᠡ᠂ ᠲᠦᠷᠦᠯ ᠲᠡᠮᠳᠡᠭ ᠢ ᠲᠡᠯᠭᠡᠷᠡᠬᠦᠯᠬᠦ ᠵᠡᠷᠭᠡ ᠶᠠᠪᠤᠴᠠ ᠳᠤ ᠠᠭᠤᠰᠤᠯᠴᠠᠭᠤᠯᠤᠨ᠂ ᠠᠵᠤ ᠦᠢᠯᠡᠰ  ᠤᠨ ᠭᠡᠯᠪᠠᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠨ᠎ᠠ᠃ ᠠᠯᠠᠱᠨ ᠶᠢᠨ ᠲᠤᠪᠤᠶᠢᠮ᠎ᠠ ᠤᠨᠴᠠᠯᠢᠭ  ᠲᠠᠢ ᠡᠷᠡᠬᠦᠯ ᠮᠠᠨᠲᠤ ᠶᠢᠨ ᠠᠵᠤ ᠦᠢᠯᠡᠰ ᠢ ᠶᠡᠭᠡ ᠪᠠᠷ ᠬᠦᠭᠵᠢᠬᠦᠯᠵᠦ᠂ ᠮᠤᠩᠭᠤᠯ ᠡᠮ ᠡᠮᠨᠡᠯᠭᠡ ᠪᠠᠷ ᠪᠠᠶ᠎ᠠ ᠴᠢᠬᠢᠷᠠᠭᠵᠢᠭᠤᠯᠬᠤ ᠪᠠ ᠡᠷᠡᠬᠦᠯ ᠮᠠᠨᠲᠤ ᠶᠢ ᠪᠠᠲᠤᠯᠠᠬᠤ ᠠᠷᠭ᠎ᠠ ᠪᠠᠷᠢᠯ ᠢ ᠢᠯᠡᠷᠡᠭᠦᠯᠦᠨ ᠵᠦᠢ ᠵᠤᠬᠢᠰᠲᠡᠢ ᠠᠰᠢᠭᠯᠠᠵᠦ᠂ ᠵᠠᠬ᠎ᠠ ᠲᠡᠯᠭᠡᠬᠦᠷ ᠤᠨ ᠭᠤᠤᠯ ᠴᠤᠭᠴᠠ ᠶᠢ ᠲᠦᠷᠭᠡᠳᠭᠡᠨ ᠪᠤᠶᠢᠵᠢᠭᠤᠯᠵᠦ᠂ ᠠᠷᠠᠯᠵᠢᠶᠠᠴᠢᠨ ᠤᠷᠢᠵᠦ ᠪᠠᠯᠨ ᠤᠷᠤᠭᠤᠯᠬᠤ ᠬᠦᠴᠦᠯᠠᠴᠠ ᠶᠢ ᠶᠡᠭᠡᠰᠭᠡᠵᠦ᠂ ᠪᠠᠶ᠎ᠠ ᠶᠢᠨ ᠲᠠᠮᠢᠷ ᠤᠨ ᠵᠢᠭᠤᠯᠴᠢᠯᠠᠯ᠂ ᠬᠦᠳᠡᠯᠭᠡᠭᠡᠨ ᠢᠶᠠᠷ ᠡᠷᠡᠬᠦᠯᠵᠢᠬᠦ᠂ ᠪᠠᠶ᠎ᠠ ᠶᠢᠨ ᠲᠠᠮᠢᠷ ᠤᠨ ᠦᠵᠡᠬᠦᠯᠦᠯᠭᠡ᠂ ᠪᠠᠶ᠎ᠠ ᠶᠢᠨ ᠲᠠᠮᠢᠷ ᠤᠨ ᠵᠠᠭᠤᠴᠢᠯᠠᠭᠤᠷ᠂ ᠪᠠᠶ᠎ᠠ ᠶᠢᠨ ᠲᠠᠮᠢᠷ ᠤᠨ ᠪᠦᠲᠤᠭᠡᠭᠳᠡᠬᠦᠨ ᠤ ᠰᠤᠶᠤᠯ ᠤᠨ ᠡᠬᠦᠲᠤᠯᠳᠡ ᠬᠢᠭᠡᠳ ᠰᠤᠲᠤᠯᠤᠨ ᠨᠡᠭᠡᠭᠡᠬᠦ ᠵᠡᠷᠭᠡ ᠬᠤᠯᠪᠤᠭᠳᠠᠯ ᠪᠦᠬᠦᠢ ᠨᠢᠭᠡ ᠪᠦᠯᠦᠭ ᠠᠵᠤ ᠦᠢᠯᠡᠰ ᠢ ᠤᠷᠢᠨ ᠤᠷᠤᠭᠤᠯᠵᠦ᠂ ᠪᠠᠶ᠎ᠠ ᠴᠢᠬᠢᠷᠠᠭᠵᠢᠭᠤᠯᠬᠤ ᠰᠤᠯᠨ ᠰᠡᠯᠡᠬᠦᠴᠠᠯ᠂ ᠮᠤᠩᠭᠤᠯ ᠭᠢᠳᠡᠳ ᠡᠮ ᠡᠮᠨᠡᠯᠭᠡ ᠶᠢᠨ ᠡᠷᠡᠬᠦᠯᠵᠢᠯ᠂ ᠡᠷᠡᠬᠦᠯᠵᠢᠬᠦᠯᠵᠦ ᠡᠮᠴᠢᠯᠠᠨ ᠰᠤᠪᠢᠯᠠᠬᠤ ᠪᠠᠷ ᠤᠨᠴᠠᠯᠢᠭ ᠪᠤᠯᠭᠠᠭᠰᠠᠨ ᠪᠠᠶ᠎ᠠ ᠴᠢᠬᠢᠷᠠᠭᠵᠢᠭᠤᠯᠬᠤ ᠡᠷᠡᠬᠦᠯ ᠮᠠᠨᠲᠤ ᠶᠢᠨ ᠠᠵᠤ ᠦᠢᠯᠡᠰ ᠤᠨ ᠨᠢᠭᠡ ᠪᠦᠯᠦᠭ ᠰᠠᠭᠤᠷᠢᠨ ᠭᠠᠵᠠᠷ ᠢ ᠪᠦᠲᠤᠭᠡᠨ ᠪᠠᠶᠢᠭᠤᠯᠵᠦ᠂ ᠪᠠᠶ᠎ᠠ ᠶᠢᠨ ᠲᠠᠮᠢᠷ ᠤᠨ ᠠᠵᠤ ᠦᠢᠯᠡᠰ ᠬᠢᠭᠡᠳ ᠡᠷᠡᠬᠦᠯ ᠮᠠᠨᠲᠤ ᠶᠢᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃      ᠲᠠᠪᠤ᠂ ᠵᠤᠬᠢᠶᠠᠨ ᠪᠠᠶᠢᠭᠤᠯᠤᠨ ᠭᠡᠷᠡᠭᠵᠢᠬᠦᠯᠬᠦ      ︵ᠨᠢᠭᠡ︶ ᠵᠤᠬᠢᠶᠠᠨ ᠪᠠᠶᠢᠭᠤᠯᠤᠯᠳᠠ ᠶᠢᠨ ᠤᠲᠤᠷᠢᠲᠤᠯᠭ᠎ᠠ ᠪᠠᠨ ᠴᠢᠩᠭᠠᠳᠬᠠᠨ᠎ᠠ᠃ ᠡᠯ᠎ᠠ ᠬᠤᠰᠢᠭᠤ      ︵ᠨᠡᠭᠡᠭᠡᠯᠳᠡ ᠶᠢᠨ ᠤᠷᠤᠨ︶᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠷᠭᠡᠪᠰᠢ ᠪᠦᠬᠦ ᠠᠷᠠᠳ   ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢ ᠬᠦᠨᠵᠡᠬᠡᠢ ᠠᠭᠤᠰᠤᠯᠴᠠᠭᠤᠯᠬᠤ ᠠᠵᠢᠯ ᠢ ᠲᠡᠭᠡᠲᠤ ᠭᠡᠮᠵᠢᠶ᠎ᠠ ᠪᠠᠷ ᠴᠢᠬᠤᠯᠠᠴᠢᠯᠠᠵᠦ᠂ ᠲᠠᠨᠢᠯᠳᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠤᠲᠤᠷᠢᠲᠤᠯᠭ᠎ᠠ ᠪᠠᠨ ᠴᠢᠩᠭᠠᠳᠬᠠᠵᠦ᠂ ᠬᠠᠮᠲᠤᠷᠠᠭᠰᠠᠨ ᠬᠤᠷᠠᠯ ᠤᠨ ᠲᠦᠷᠢᠮ ᠪᠠ ᠠᠵᠢᠯ ᠤᠨ ᠵᠤᠬᠢᠴᠠᠭᠤᠯᠬᠤ ᠲᠤᠭᠳᠠᠴᠠ ᠶᠢ ᠪᠠᠶᠢᠭᠤᠯᠵᠦ᠂ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢᠨ ᠠᠵᠢᠯ ᠢ ᠰᠠᠯᠠᠭ᠎ᠠ ᠮᠦᠴᠢᠷ ᠠᠯᠤᠰᠯᠠᠨ ᠠᠭᠤᠰᠤᠯᠴᠠᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠬᠤ ᠭᠡᠷᠡᠭᠲᠡᠢ᠃ ᠡᠯ᠎ᠠ ᠬᠤᠰᠢᠭᠤ ᠨᠡᠭᠡᠭᠡᠯᠳᠡ ᠶᠢᠨ ᠤᠷᠤᠨ ᠤ ᠠᠷᠠᠳ ᠤᠨ ᠵᠠᠰᠠᠭ ᠤᠨ ᠤᠷᠲᠤᠨ᠂ ᠬᠠᠮᠢᠶᠠᠷᠤᠯᠳᠠ ᠶᠢᠨ ᠵᠦᠪᠯᠠᠯ ᠨᠢ ᠡᠷᠭᠡᠪᠰᠢ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢ ᠬᠦᠨ ᠠᠭᠤᠰᠤᠯᠴᠠᠭᠤᠯᠬᠤ ᠠᠵᠢᠯ ᠢ ᠵᠢᠯ ᠤᠨ ᠭᠤᠤᠯᠳᠠᠯᠭ᠎ᠠ ᠲᠠᠢ ᠠᠵᠢᠯ ᠳᠤ ᠤᠷᠤᠭᠤᠯᠵᠦ᠂ ᠲᠦᠷᠦ ᠶᠢᠨ ᠪᠤᠲᠤᠯᠭ᠎ᠠ ᠲᠤᠭᠳᠠᠭᠠᠬᠤ᠂ ᠨᠢᠭᠡᠲᠤᠯᠲᠡᠢ ᠲᠦᠯᠦᠪᠯᠡᠨ ᠵᠤᠬᠢᠴᠠᠭᠤᠯᠬᠤ᠂ ᠡᠬᠢ ᠪᠠᠶᠠᠯᠢᠭ ᠢ ᠠᠭᠤᠰᠤᠯᠴᠠᠭᠤᠯᠬᠤ ᠪᠠ ᠬᠢᠨᠠᠯᠳᠠ ᠲᠠᠯᠪᠢᠵᠦ ᠦᠨᠠᠯᠠᠨ ᠵᠢᠱᠢᠬᠦ ᠵᠡᠷᠭᠡ ᠠᠵᠢᠯ ᠢ ᠰᠠᠶᠢᠲᠤᠷ ᠬᠢᠬᠦ ᠭᠡᠷᠡᠭᠲᠡᠢ᠃ ᠠᠶᠢᠮᠠᠭ᠂ ᠬᠤᠰᠢᠭᠤ           ︵ᠨᠡᠭᠡᠭᠡᠯᠳᠡ ᠶᠢᠨ ᠤᠷᠤᠨ︶ ᠶᠢᠨ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠠᠵᠢᠯ ᠤᠨ ᠤᠲᠤᠷᠢᠳᠬᠤ ᠲᠤᠭᠤᠶᠢᠯᠠᠩ ᠨᠢ ᠡᠷᠭᠡᠪᠰᠢ ᠠᠭᠤᠰᠤᠯᠴᠠᠭᠤᠯᠤᠨ ᠬᠦᠭᠵᠢᠬᠦᠯᠬᠦ ᠶᠢ ᠭᠤᠤᠯᠳᠠᠯᠭ᠎ᠠ ᠲᠠᠢ ᠠᠵᠢᠯ ᠤᠨ ᠠᠭᠤᠯᠭ᠎ᠠ ᠳᠤ ᠤᠷᠤᠭᠤᠯᠬᠤ ᠭᠡᠷᠡᠭᠲᠡᠢ᠃ ᠰᠤᠷᠭᠠᠨ ᠬᠦᠮᠦᠵᠢᠯ ᠪᠠᠶ᠎ᠠ ᠶᠢᠨ ᠲᠠᠮᠢᠷ ᠤᠨ ᠰᠠᠯᠠᠭ᠎ᠠ ᠮᠦᠴᠢᠷ ᠨᠢ ᠡᠷᠭᠡᠪᠰᠢ ᠠᠭᠤᠰᠤᠯᠴᠠᠭᠤᠯᠬᠤ ᠠᠵᠢᠯ ᠤᠨ ᠲᠤᠮᠳᠠ ᠭᠤᠤᠯ ᠴᠤᠭᠴᠠ ᠪᠠ ᠬᠤᠯᠪᠤᠭᠠᠰᠤ ᠶᠢᠨ ᠦᠢᠯᠡᠲᠤᠯ ᠢ ᠪᠠᠳᠠᠷᠠᠭᠤᠯᠵᠦ᠂ ᠤᠬᠠᠭᠤᠯᠭ᠎ᠠ᠂ ᠡᠷᠡᠬᠦᠯ ᠬᠠᠮᠠᠭᠠᠯᠠᠯ ᠡᠷᠡᠬᠦᠯ ᠮᠠᠨᠲᠤ᠂ ᠠᠷᠠᠳ ᠤᠨ ᠶᠠᠪᠤᠳᠠᠯ᠂ ᠰᠤᠶᠤᠯ ᠵᠢᠭᠤᠯᠴᠢᠯᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠷᠭᠡᠪᠰᠢ ᠲᠤᠰ ᠲᠤᠰ ᠤᠨ ᠢᠶᠠᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ ᠡᠯ᠎ᠠ ᠲᠦᠷᠦᠯ ᠤᠨ ᠠᠵᠢᠯ ᠤᠨ ᠡᠬᠦᠷᠭᠡ ᠶᠢ ᠪᠤᠳᠠᠲᠠᠢ ᠨᠠᠶᠢᠳᠠᠪᠤᠷᠢᠵᠢᠭᠤᠯᠬᠤ ᠶᠢ ᠬᠠᠮᠲᠤ ᠪᠠᠷ ᠲᠦᠯᠬᠢᠨ ᠠᠬᠢᠭᠤᠯᠬᠤ ᠭᠡᠷᠡᠭᠲᠡᠢ᠃      ︵ᠬᠤᠶᠠᠷ︶ ᠵᠠᠷᠤᠳᠠᠯ ᠮᠦᠩᠬᠦ ᠶᠢᠨ ᠤᠷᠤᠭᠤᠯᠤᠯᠳᠠ ᠶᠢ ᠶᠡᠭᠡᠰᠭᠡᠨ᠎ᠠ᠃ ᠡᠯ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ᠂ ᠬᠠᠮᠢᠶᠠᠷᠤᠯᠳᠠ ᠶᠢᠨ ᠵᠦᠪᠯᠠᠯ ᠪᠠ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠷᠭᠡᠪᠰᠢ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ  ᠶᠢ ᠬᠦᠨᠵᠡᠬᠡᠢ ᠠᠭᠤᠰᠤᠯᠴᠠᠭᠤᠯᠬᠤ ᠬᠤᠯᠪᠤᠭᠳᠠᠯ ᠪᠦᠬᠦᠢ ᠵᠠᠷᠤᠳᠠᠯ ᠮᠦᠩᠬᠦ ᠶᠢ ᠢᠳᠡᠪᠬᠢᠲᠡᠢ ᠨᠠᠶᠢᠳᠠᠪᠤᠷᠢᠵᠢᠭᠤᠯᠵᠦ᠂ ᠲᠤᠰᠬᠠᠢ ᠲᠦᠷᠦᠯ ᠤᠨ ᠪᠠᠯᠨ ᠮᠦᠩᠬᠦ ᠶᠢᠨ ᠲᠡᠮᠵᠢᠯᠭᠡ ᠶᠢ ᠢᠳᠡᠪᠬᠢᠲᠡᠢ ᠭᠤᠶᠤᠴᠢᠯᠠᠵᠦ᠂ ᠪᠠᠯᠨ ᠮᠦᠩᠬᠦ ᠴᠤᠭᠯᠠᠭᠤᠯᠬᠤ ᠣᠯᠠᠨ ᠡᠰᠢᠳᠦ ᠲᠤᠭᠳᠠᠴᠠ ᠶᠢ ᠪᠠᠶᠢᠭᠤᠯᠵᠦ᠂ ᠪᠠᠯᠨ ᠬᠤᠷᠠᠮᠲᠤᠭᠤᠯᠬᠤ ᠲᠤᠬᠢᠷᠠᠭᠤᠯᠬᠤ ᠶᠢ ᠬᠦᠲᠤᠯᠬᠦ ᠲᠦᠷᠦ ᠶᠢᠨ ᠪᠤᠲᠤᠯᠭ᠎ᠠ ᠶᠢ ᠰᠢᠯᠢᠳᠡᠭᠵᠢᠬᠦᠯᠵᠦ᠂ ᠡᠳ᠋ ᠤᠨ ᠵᠠᠰᠠᠭ ᠭᠠᠶᠢᠯᠢ ᠵᠡᠷᠭᠡ ᠡᠯ᠎ᠠ ᠲᠦᠷᠦᠯ ᠤᠨ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠲᠦᠯᠬᠢᠨ ᠠᠬᠢᠭᠤᠯᠬᠤ ᠭᠡᠷᠡᠭᠲᠡᠢ᠃ ᠡᠳ᠋ ᠤᠨ ᠵᠠᠰᠠᠭ ᠤᠨ ᠪᠠᠯᠨ ᠮᠦᠩᠬᠦ ᠶᠢᠨ ᠤᠲᠤᠷᠢᠲᠤᠮᠵᠢ ᠶᠢᠨ ᠦᠢᠯᠡᠲᠤᠯ ᠢ ᠬᠦᠢᠴᠡᠳ ᠪᠠᠳᠠᠷᠠᠭᠤᠯᠵᠦ᠂ ᠨᠠᠶᠢᠭᠡᠮ  ᠤᠨ ᠬᠦᠴᠦᠨ ᠤ ᠪᠠᠯᠨ ᠤᠷᠤᠭᠤᠯᠤᠯᠳᠠ ᠪᠠᠷ ᠪᠠᠶ᠎ᠠ ᠶᠢᠨ ᠲᠠᠮᠢᠷ ᠤᠨ ᠲᠠᠯᠠᠪᠤᠷ ᠲᠤᠨᠤᠭ ᠲᠦᠬᠦᠭᠡᠷᠤᠮᠵᠢ ᠶᠢ ᠪᠦᠲᠤᠭᠡᠨ ᠪᠠᠶᠢᠭᠤᠯᠬᠤ ᠶᠢ ᠢᠳᠡᠪᠬᠢᠲᠡᠢ ᠵᠤᠷᠢᠭᠵᠢᠭᠤᠯᠤᠨ᠂ ᠤᠯᠠᠨ ᠲᠦᠮᠠᠨ ᠤ ᠪᠠᠶ᠎ᠠ ᠴᠢᠬᠢᠷᠠᠭᠵᠢᠭᠤᠯᠬᠤ ᠭᠡᠷᠡᠭᠯᠡᠭᠡᠨ ᠢ ᠲᠠᠮᠵᠢᠵᠦ᠂ ᠬᠦᠨᠵᠡᠬᠡᠢ ᠠᠭᠤᠰᠤᠯᠴᠠᠭᠤᠯᠬᠤ ᠬᠤᠯᠪᠤᠭᠳᠠᠯ ᠪᠦᠬᠦᠢ ᠴᠢᠬᠤᠯᠨ ᠶᠡᠭᠡ ᠲᠦᠷᠦᠯ ᠵᠦᠢᠯ ᠳᠤ ᠤᠷᠤᠯᠴᠠᠬᠤ ᠭᠡᠷᠡᠭᠲᠡᠢ᠃      ︵ᠭᠤᠷᠪᠠ︶ ᠬᠢᠨᠠᠯᠳᠠ ᠲᠡᠯᠪᠢᠵᠦ ᠦᠨᠠᠯᠠᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠠ ᠬᠤᠰᠢᠭᠤ ︵ᠨᠡᠭᠡᠭᠡᠯᠳᠡ  ᠶᠢᠨ ᠤᠷᠤᠨ︶᠂ ᠡᠯ᠎ᠠ ᠰᠠᠯᠠᠭ᠎ᠠ ᠮᠦᠴᠢᠷ ᠨᠢ ᠡᠷᠭᠡᠪᠰᠢ ᠬᠢᠨ᠋ᠨᠨ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠦᠨᠵᠡᠬᠡᠢ ᠠᠭᠤᠰᠤᠯᠴᠠᠭᠤᠯᠬᠤ ᠠᠵᠢᠯ ᠤᠨ ᠲᠤᠮᠳᠠ ᠡᠯ᠎ᠠ ᠲᠦᠷᠦᠯ ᠤᠨ ᠡᠬᠦᠷᠭᠡ ᠶᠢ ᠲᠦᠯᠬᠢᠨ ᠠᠬᠢᠭᠤᠯᠤᠭᠰᠠᠨ ᠪᠠᠶᠢᠳᠠᠯ ᠢ ᠮᠦᠷᠳᠡᠨ ᠠᠰᠠᠭᠤᠵᠦ᠂ ᠡᠯ᠎ᠠ ᠲᠦᠷᠦᠯ ᠤᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠲᠤᠰᠬᠠᠵᠦ᠂ ᠲᠤᠰ ᠲᠤᠰ 2025 ᠤᠨ ᠪᠠ 2030 ᠤᠨ ᠳᠤ ᠲᠤᠰ ᠭᠠᠵᠠᠷ ᠤᠷᠤᠨ ᠤ ᠲᠤᠰ ᠰᠠᠯᠠᠭ᠎ᠠ ᠮᠦᠴᠢᠷ ᠤᠨ ᠭᠡᠷᠡᠭᠵᠢᠬᠦᠯᠦᠭᠰᠡᠨ ᠦᠷ᠎ᠠ ᠪᠦᠲᠤᠮᠵᠢ ᠶᠢ ᠭᠤᠷᠪᠠᠲᠤᠭᠠᠷ ᠲᠠᠯ᠎ᠠ ᠠᠴᠠ ᠲᠤᠮᠳᠠ ᠬᠤᠭᠤᠴᠠᠭᠠᠨ  ᠤ ᠦᠨᠠᠯᠠᠨ ᠵᠢᠱᠢᠯᠳᠠ ᠪᠠ ᠡᠴᠤᠰ ᠤᠨ ᠬᠤᠭᠤᠴᠠᠭᠠᠨ ᠤ ᠦᠨᠠᠯᠠᠨ ᠵᠢᠱᠢᠯᠳᠠ ᠬᠢᠬᠦ ᠠᠵᠢᠯ ᠢ ᠶᠠᠪᠤᠭᠳᠠᠭᠤᠯᠤᠨ᠎ᠠ᠃ ᠡᠯ᠎ᠠ ᠨᠢᠭᠡᠴᠠ ᠡᠯ᠎ᠠ ᠭᠠᠵᠠᠷ ᠤᠷᠤᠨ ᠤ ᠭᠡᠷᠡᠭᠵᠢᠬᠦᠯᠬᠦ ᠶᠠᠪᠤᠴᠠ ᠳᠠᠬᠢ ᠪᠦᠲᠤᠮᠵᠢᠲᠡᠢ ᠬᠢᠬᠦ ᠠᠷᠭ᠎ᠠ ᠪᠠᠷᠢᠯ ᠪᠠ ᠲᠡᠷᠢᠬᠦᠨ ᠤ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠠᠵᠦ᠂ ᠢᠳᠡᠪᠬᠢᠲᠡᠢ ᠲᠡᠯᠭᠡᠷᠡᠬᠦᠯᠦᠨ᠎ᠠ᠃      ︵ᠲᠦᠷᠪᠠ︶ ᠨᠠᠶᠢᠳᠠᠪᠤᠷᠢᠵᠢᠭᠤᠯᠤᠯᠳᠠ ᠶᠢ ᠦᠨ᠋ᠨᠨᠬᠦ ᠲᠦᠯᠬᠢᠨ ᠠᠬᠢᠭᠤᠯᠤᠨ᠎ᠠ᠃ ᠡᠯ᠎ᠠ ᠬᠤᠰᠢᠭᠤ         ︵ᠨᠡᠭᠡᠭᠡᠯᠳᠡ ᠶᠢᠨ ᠤᠷᠤᠨ︶ ᠪᠤᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠡᠷᠭᠡᠪᠰᠢ ᠲᠤᠰ ︽ᠭᠡᠷᠡᠭᠵᠢᠬᠦᠯᠬᠦ ᠲᠦᠰᠦᠯ︾ ᠤᠨ ᠶᠤᠰᠤᠭᠠᠷ᠂ ᠪᠤᠳᠠᠲᠠᠢ ᠲᠠᠢ ᠪᠠᠨ ᠤᠶᠠᠯᠲᠤᠭᠤᠯᠵᠦ᠂ ᠲᠤᠰ ᠭᠠᠵᠠᠷ ᠤᠷᠤᠨ ᠤ ᠰᠠᠯᠠᠭ᠎ᠠ ᠮᠦᠴᠢᠷ ᠤᠨ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠪᠠ ᠪᠦᠬᠦ ᠠᠷᠠᠳ ᠤᠨ ᠡᠷᠡᠬᠦᠯ ᠮᠠᠨᠲᠤ ᠶᠢ ᠬᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠪᠤᠳᠠᠲᠠᠢ ᠠᠵᠢᠯ ᠤᠨ ᠲᠦᠰᠦᠯ ᠢ ᠲᠤᠭᠳᠠᠭᠠᠵᠦ᠂ ᠬᠠᠷᠠᠯᠳᠠ ᠡᠬᠦᠷᠭᠡ ᠪᠠᠨ ᠵᠠᠳᠠᠯᠤᠨ ᠨᠠᠷᠢᠯᠢᠭᠵᠢᠭᠤᠯᠵᠦ᠂ ᠬᠠᠷᠢᠭᠤᠴᠠᠯᠭᠠᠲᠤ ᠰᠠᠯᠠᠭ᠎ᠠ ᠮᠦᠴᠢᠷ ᠪᠠ ᠠᠵᠢᠯᠳᠠᠨ ᠢᠶᠠᠨ ᠨᠠᠶᠢᠳᠠᠪᠤᠷᠢᠵᠢᠭᠤᠯᠵᠦ᠂ ᠠᠵᠢᠯ ᠢᠶᠠᠨ ᠪᠠᠶᠠᠯᠡᠬᠦᠯᠬᠦ ᠴᠠᠭ ᠤᠨ ᠬᠢᠵᠠᠭᠠᠷᠯᠠᠯ ᠢᠶᠠᠨ ᠲᠤᠲᠤᠷᠬᠠᠶᠢᠯᠠᠵᠦ᠂ ᠶᠠᠷᠤᠩᠭᠡᠢ ᠬᠢᠨ᠋ᠨᠨ ᠰᠢᠯᠭᠠᠯᠳᠠ ᠳᠤ ᠤᠷᠤᠭᠤᠯᠵᠦ᠂ ᠠᠶᠢᠮᠠᠭ ᠤᠨ ᠪᠦᠬᠦ ᠠᠷᠠᠳ ᠢᠶᠠᠷ ᠢᠶᠠᠨ ᠪᠠᠶ᠎ᠠ ᠴᠢᠬᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠬᠦᠯ ᠮᠠᠨᠲᠤ ᠶᠢ ᠬᠦᠨᠵᠡᠭᠡᠢ ᠠᠭᠤᠰᠤᠯᠴᠠᠭᠤᠯᠬᠤ ᠡᠯ᠎ᠠ ᠲᠦᠷᠦᠯ ᠤᠨ ᠠᠵᠢᠯ ᠲᠠᠢ ᠬᠠᠷᠢᠯᠴᠠᠨ ᠵᠠᠯᠭᠠᠯᠲᠤᠭᠤᠯᠬᠤ᠂ ᠬᠠᠮᠲᠤ ᠳᠤᠨᠢ ᠪᠠᠶᠢᠷᠢᠯᠠᠭᠤᠯᠬᠤ᠂ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠦᠨ᠋ᠨᠨᠬᠦ ᠪᠠᠲᠤᠯᠠᠵᠦ᠂ 2030 ᠤᠨ ᠪᠤᠯᠬᠤ ᠳᠤ᠂ ᠲᠤᠷᠰᠢᠯᠭ᠎ᠠ ᠪᠠ ᠦᠷ᠎ᠠ ᠪᠦᠲᠤᠮᠵᠢ ᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号