︽ᠠᠯᠠᠱᠠ ᠠᠶᠢᠮᠠᠭ ᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠳᠣᠬᠠᠢ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/4/29
      ︽ᠠᠯᠠᠱᠠ ᠠᠶᠢᠮᠠᠭ ᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠳᠣᠬᠠᠢ ᠬᠡᠷᠡᠭᠵᠢᠭᠦᠯᠬᠦ ᠲᠥᠰᠦᠯ︾ ︵ᠠᠯᠠᠱᠠ ᠵᠠᠬᠢᠷᠭ᠎ᠠ ᠠᠯᠪᠠᠨ ᠥᠰᠥᠭ 〔2021 〕2 ᠳ᠋ᠤᠭᠠᠷ ᠲᠣᠭᠠᠲᠤ︶ ᠢ ᠨᠢᠭᠡᠨᠲᠡ ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠶ᠎ᠠ᠄       ᠨᠢᠭᠡ᠂ ᠨᠡᠶᠢᠲᠡᠯᠡᠭᠰᠡᠨ ᠠᠬᠤᠶ ᠪᠠᠶᠢᠳᠠᠯ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ︽ᠪᠡᠶ᠎ᠡ ᠶᠢᠨ ᠲᠠᠮᠢᠷ ᠢᠶᠠᠷ ᠤᠯᠤᠰ ᠢᠶᠠᠨ ᠬᠦᠴᠦᠷᠭᠡᠭᠵᠢᠬᠦᠯᠬᠦ ᠪᠥᠲᠥᠭᠡᠨ ᠪᠠᠶᠢᠭᠤᠯᠤᠯᠲᠠ ᠶᠢᠨ ᠬᠥᠲᠥᠯᠪᠦᠷᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠲᠦᠷᠢᠮ︾ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠠᠷᠢᠮᠳᠠᠯᠠᠨ᠂ ︽ᠶᠡᠭᠡ ᠪᠡᠶ᠎ᠡ ᠶᠢᠨ ᠲᠠᠮᠢᠷ︾ ︽ᠶᠡᠭᠡ ᠡᠷᠡᠭᠦᠯ ᠮᠡᠨᠳᠦ︾ ᠶᠢᠨ ᠣᠶᠢᠯᠠᠭᠠᠭᠳᠠᠬᠤᠨ ᠢ ᠪᠣᠶ ᠪᠣᠯᠭᠠᠵᠦ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠦᠨᠳᠦᠰᠦᠨ ᠡᠭᠦᠷᠭᠡ ᠪᠣᠯᠭᠠᠨ᠂ ᠪᠡᠶ᠎ᠡ ᠶᠢᠨ ᠲᠠᠮᠢᠷ ᠤᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠯ ᠤᠨ ᠬᠥᠳᠡᠯᠭᠡᠭᠡᠨ ᠵᠡᠷᠭᠡ ᠲᠠᠯ᠎ᠠ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠬᠤ ᠪᠠᠷ ᠭᠠᠷᠳᠠᠴᠠ ᠪᠣᠯᠭᠠᠨ᠂ ᠣᠯᠠᠨ ᠬᠡᠯᠪᠡᠷᠢ ᠪᠦᠬᠦᠢ᠂ ᠪᠠᠶᠠᠯᠢᠭ ᠠᠭᠤᠯᠭ᠎ᠠ ᠲᠠᠢ ᠪᠦᠬᠦ ᠠᠷᠠᠳ ᠢᠶᠠᠷ  ᠢᠶᠠᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ  ᠠᠵᠢᠯᠯᠠᠭ᠎ᠠ ᠶᠢ ᠦᠷᠨᠢᠬᠦᠯᠬᠦ ᠪᠠᠷ ᠳᠠᠮᠵᠢᠭᠤᠯᠣᠨ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠶᠡᠭᠡ ᠪᠠᠷ ᠠᠬᠢᠭᠤᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠬᠦᠯᠵᠦ᠂ ᠠᠯᠠᠱᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠩ ᠰᠠᠶᠢᠨ ᠰᠠᠶᠢᠬᠠᠨ ᠠᠮᠢᠳᠤᠷᠠᠭᠤᠯᠬᠤ ᠪᠠᠷ ᠴᠢᠷᠮᠠᠶᠢᠵᠦ᠂ ᠠᠯᠠᠱᠠ ᠶᠢᠨ ᠪᠡᠶ᠎ᠡ ᠶᠢᠨ ᠲᠠᠮᠢᠷ ᠤᠨ ᠠᠵᠢᠯ ᠤᠨ ᠪᠣᠳᠠᠲᠤ ᠪᠠᠶᠢᠳᠠᠯ ᠲᠠᠢ ᠣᠶᠠᠯᠳᠣᠭᠤᠯᠣᠨ᠂ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠠᠴᠠ ︽ᠠᠯᠠᠱᠠ ᠠᠶᠢᠮᠠᠭ ᠤᠨ ᠪᠥᠬᠦ ᠠᠷᠠᠳ ᠢᠶᠠᠷ  ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠳᠣᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃       ᠬᠤᠶᠠᠷ᠂ ᠠᠵᠢᠯ ᠤᠨ ᠬᠠᠷᠠᠯᠲᠠ       2030 ᠣᠨ ᠪᠣᠯᠲᠠᠯ᠎ᠠ᠂ ᠪᠥᠬᠦ ᠠᠶᠢᠮᠠᠭ ᠲᠤ ᠪᠥᠬᠦ ᠭᠠᠵᠠᠷ ᠣᠷᠣᠨ ᠢ ᠬᠠᠮᠤᠷᠤᠭᠰᠠᠨ᠂ ᠪᠥᠬᠦ ᠦᠶᠡᠯᠡᠯ ᠤᠨ ᠬᠤᠭᠤᠴᠠᠭ᠎ᠠ ᠪᠠᠷ ᠦᠢᠯᠡᠴᠢᠯᠡᠭᠰᠡᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ ᠬᠥᠮᠦᠰ ᠬᠠᠮᠲᠤᠪᠠᠷ ᠭᠥᠷᠳᠡᠭᠰᠡᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠬᠡᠨ ᠤ ᠰᠢᠰᠲ᠋ᠧᠮᠵᠢ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠶᠡᠭᠡ ᠡᠷᠡᠭᠦᠯ ᠮᠡᠨᠳᠦ︾ ᠳᠠᠬᠢ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠦᠢᠯᠡᠳᠦᠯ ᠢ ᠨᠠᠩ ᠳᠣᠪᠤᠶᠢᠯᠭᠠᠨ᠂ ᠣᠯᠠᠨ ᠲᠦᠮᠡᠨ ᠤ ᠡᠷᠡᠭᠦᠯ ᠮᠡᠨᠳᠦ ᠶᠢᠨ ᠬᠠᠮᠢᠶᠠᠷᠤᠯᠲᠠ  ᠦᠢᠯᠡᠴᠢᠯᠡᠭᠡ ᠶᠢ ᠳᠠᠩ ᠭᠠᠭᠴᠠ ᠡᠮᠴᠢᠯᠡᠭᠡ ᠡᠷᠡᠭᠦᠯ ᠬᠠᠮᠠᠭᠠᠯᠠᠯ ᠤᠨ ︽ᠡᠷᠡᠭᠦᠯ ᠮᠡᠨᠳᠦ ᠶᠢᠨ ᠲᠠᠯ᠎ᠠ ᠪᠠᠷ ᠢᠳᠡᠪᠬᠢ ᠪᠣᠰᠣ᠂ ᠬᠤᠶᠢᠨᠠᠬᠢ ᠬᠤᠭᠤᠴᠠᠭᠠᠨ ᠤ ᠡᠷᠡᠭᠦᠯ ᠮᠡᠨᠳᠦ  ᠶᠢ ᠨᠦᠯᠦᠬᠡᠯᠡᠬᠦ︾ ᠳᠤ ᠲᠦᠰᠢᠭᠯᠡᠬᠦ ᠠᠴᠠ ᠪᠡᠶ᠎ᠡ ᠶᠢᠨ ᠲᠠᠮᠢᠷ ᠢᠶᠠᠷ ᠪᠡᠶ᠎ᠡ ᠴᠢᠭᠢᠷᠠᠭᠵᠢᠭᠤᠯᠬᠤ ᠶᠢᠨ ︽ᠰᠠᠨᠠᠭᠠᠴᠢᠯᠠᠭ᠎ᠠ ᠠᠴᠠ ᠪᠠᠨ᠂ ᠡᠮᠦᠨᠡᠬᠢ ᠬᠤᠭᠤᠴᠠᠭᠠᠨ ᠤ ᠡᠷᠡᠭᠦᠯ ᠮᠡᠨᠳᠦ  ᠶᠢ ᠨᠦᠯᠦᠬᠡᠯᠡᠬᠦ︾  ᠪᠣᠯᠵᠦ ᠬᠦᠭᠵᠢᠬᠦ ᠶᠢ ᠪᠡᠶᠡᠯᠡᠭᠦᠯᠦᠨ᠎ᠡ᠃       ︵ᠨᠢᠭᠡ︶ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ᠰᠤᠮᠤ ᠪᠠᠯᠭᠠᠰᠤ ︵ᠵᠡᠭᠡᠯᠢ ᠭᠤᠳᠤᠮᠵᠢ︶ ᠵᠢᠴᠢ ᠲᠡᠭᠦᠨ ᠠᠴᠠ ᠳᠡᠭᠡᠭᠰᠢᠬᠢ ᠭᠠᠵᠠᠷ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠮᠤᠷᠬᠤ ᠨᠣᠷᠮ᠎ᠠ ᠶᠢ 100 % ᠳᠤ ᠬᠦᠷᠭᠡᠨ᠎ᠡ᠃ ᠬᠤᠰᠢᠭᠤ ︵ᠨᠡᠭᠡᠭᠡᠯᠳᠡ ᠶᠢᠨ ᠣᠷᠣᠨ︶ ᠵᠢᠴᠢ ᠲᠡᠭᠦᠨ ᠠᠴᠠ ᠳᠡᠭᠡᠭᠰᠢᠬᠢ ᠭᠠᠵᠠᠷ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠨᠡᠶᠢᠭᠡᠮᠯᠢᠭ᠂ ᠬᠥᠯ ᠪᠥᠮᠪᠦᠭᠡ ᠶᠢᠨ ᠨᠡᠶᠢᠭᠡᠮᠯᠢᠭ ᠤᠨ ᠬᠠᠮᠣᠷᠬᠤ ᠨᠣᠷᠮ᠎ᠠ ᠶᠢ 100 % ᠳᠤ ᠬᠦᠷᠭᠡᠵᠦ᠂ ᠬᠠᠤᠯᠢ ᠶᠣᠰᠣᠭᠠᠷ ᠳᠠᠩᠰᠠᠯᠠᠭᠤᠯᠤᠭᠰᠠᠨ ᠲᠠᠩ  ᠳᠦᠷᠦᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢ 30 ᠠᠴᠠ ᠳᠡᠭᠡᠭᠰᠢ ᠳᠤ ᠬᠦᠷᠭᠡᠵᠦ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠵᠣᠬᠢᠶᠠᠨ ᠪᠠᠶᠢᠭᠤᠯᠤᠯᠲᠠ ᠶᠢᠨ ᠭᠠᠵᠠᠷ ᠤᠨ ᠬᠥᠮᠦᠨ ᠤ ᠲᠤᠭ᠎ᠠ ᠶᠢᠨ ᠬᠠᠷᠢᠴᠠᠯ ᠢ 1 ‰ ᠳᠤ ᠬᠦᠷᠭᠡᠨ᠎ᠡ᠃       ︵ᠬᠤᠶᠠᠷ︶ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠥᠮᠦᠨ ᠤ ᠲᠤᠭ᠎ᠠ ᠶᠢ ᠨᠡᠮᠡᠭᠳᠡᠭᠦᠯᠦᠨ᠎ᠡ᠃ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 50% ᠠᠴᠠ ᠳᠡᠭᠡᠭᠰᠢ ᠳᠤ ᠬᠦᠷᠭᠡᠵᠦ᠂ ᠭᠠᠷᠠᠭ ᠪᠦᠷᠢ 1 ᠤᠳᠠᠭ᠎ᠠ ᠵᠢᠴᠢ ᠲᠡᠭᠦᠨ ᠠᠴᠠ ᠢᠯᠡᠬᠦᠦ ᠣᠳᠠᠭ᠎ᠠ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 60 % ᠠᠴᠠ ᠳᠡᠭᠡᠭᠰᠢ ᠳᠤ ᠬᠦᠷᠭᠡᠨ᠎ᠡ᠃ ᠰᠤᠷᠤᠭᠴᠢᠳ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠡᠳᠦᠷ ᠪᠦᠷᠢ ᠠᠳᠠᠭ ᠲᠠᠭᠠᠨ 1 ᠴᠠᠭ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠥᠳᠡᠯᠭᠡᠭᠡᠨ ᠳᠤ ᠣᠷᠣᠯᠴᠠᠨ᠎ᠠ᠃       ︵ᠭᠤᠷᠪᠠ︶ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠳᠦᠭᠦᠭᠡᠷᠦᠮᠵᠢ ᠶᠢ ᠲᠡᠩᠴᠡᠭᠦᠷᠢᠲᠡᠶ ᠬᠥᠭᠵᠢᠭᠦᠯᠦᠨ᠎ᠡ᠃ ᠬᠥᠮᠦᠨ ᠳᠤᠮᠳᠠᠴᠢ ᠪᠡᠶ᠎ᠡ ᠶᠢᠨ ᠲᠠᠮᠢᠷ ᠤᠨ ᠲᠠᠯᠠᠪᠠᠶ ᠶᠢ 4 ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ ᠬᠤᠰᠢᠭᠤᠨ ︵ᠨᠡᠭᠡᠭᠡᠯᠳᠡ ᠶᠢᠨ ᠣᠷᠣᠨ︶ ᠤ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ᠂ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠣᠯᠠᠨ ᠴᠢᠳᠠᠮᠵᠢᠲᠤ ᠪᠡᠶ᠎ᠡ ᠴᠢᠭᠢᠷᠠᠭᠵᠢᠭᠤᠯᠬᠤ ᠣᠷᠳᠣᠨ᠂ ᠭᠠᠴᠠᠭ᠎ᠠ ᠲᠣᠰᠬᠤᠨ ᠤ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠭᠠᠵᠠᠷ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ ᠢ ᠪᠦᠷᠢᠨ ᠬᠠᠮᠣᠷᠣᠭᠤᠯᠬᠤ ᠶᠢ ᠪᠡᠶᠡᠯᠡᠭᠦᠯᠦᠨ᠎ᠡ᠃ ᠬᠤᠲᠠ ᠪᠠᠯᠭᠠᠰᠤᠨ ᠤ ᠨᠡᠶᠢᠭᠡᠮ ᠲᠣᠭᠤᠷᠢᠭ ᠲᠤ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠭᠠᠵᠠᠷ︾ ᠢ ᠪᠠᠶᠢᠭᠤᠯᠣᠨ᠎ᠠ᠃ ᠬᠤᠲᠠ ᠪᠠᠯᠭᠠᠰᠤᠨ ᠤ ᠤᠳᠠᠭᠠᠨ ᠭᠦᠶᠦᠯᠲᠡ ᠶᠢᠨ ᠶᠠᠪᠠᠭᠠᠨ ᠵᠠᠮ ᠳᠤᠭᠤᠶ ᠤᠨᠤᠬᠤ ᠵᠠᠮ ᠤᠨ ᠬᠥᠮᠦᠨ ᠳᠤᠮᠳᠠᠴᠢ ᠶᠢᠨ ᠣᠷᠳᠣ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠬᠦᠯᠦᠨ᠎ᠡ᠃       ︵ᠳᠥᠷᠪᠡ︶ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠦᠷᠨᠢᠬᠦᠯᠦᠨ᠎ᠡ᠃ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠨᠢ ᠬᠤᠶᠠᠷ ᠵᠢᠯ ᠳᠤ 5 ᠲᠥᠷᠥᠯ ᠵᠦᠢᠯ ᠠᠴᠠ ᠳᠤᠲᠠᠭᠤ ᠥᠬᠡᠶ ᠲᠣᠰ ᠵᠠᠰᠠᠭ ᠵᠠᠬᠢᠷᠭᠠᠨ ᠤ ᠣᠷᠣᠨ ᠤ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠴᠤᠭᠯᠠᠭᠠᠨ ᠢ ᠨᠢᠭᠡ ᠤᠳᠠᠭ᠎ᠠ ᠡᠷᠭᠢᠯᠡᠵᠦ᠂ ᠵᠢᠯ ᠪᠦᠷᠢ ᠥᠷᠨᠢᠭᠦᠯᠦᠭᠰᠡᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠢ 12 ᠤᠳᠠᠭ᠎ᠠ ᠠᠴᠠ ᠳᠤᠲᠠᠭᠤ ᠥᠬᠡᠶ ᠪᠠᠶᠢᠯᠭᠠᠵᠤ᠂ ᠣᠯᠠᠨ ᠨᠡᠶᠢᠲᠡ ᠶᠢᠨ ᠣᠶᠢᠷ᠎ᠠ ᠬᠠᠪᠢ ᠳᠠᠭᠠᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠶᠢ ᠪᠡᠶᠡᠯᠡᠭᠦᠯᠦᠨ᠎ᠡ᠃       ︵ᠲᠠᠪᠤ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠢ ᠨᠡᠶᠢᠳᠡᠮ ᠳᠤᠨᠢ ᠴᠢᠭᠢᠷᠠᠭᠵᠢᠭᠤᠯᠤᠨ᠎ᠠ᠃ ᠪᠥᠬᠦ ᠠᠶᠢᠮᠠᠭ ᠲᠤ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ 1᠂ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠥᠷᠲᠡᠭᠡ 3 ᠶᠢ ᠪᠠᠶᠢᠭᠤᠯᠵᠤ᠂ ︽ᠤᠯᠤᠰ ᠠᠷᠠᠳ ᠤᠨ ᠪᠡᠶ᠎ᠡ ᠮᠠᠬᠠᠪᠣᠳ ᠢ ᠰᠢᠯᠭᠠᠨ ᠲᠣᠭᠲᠠᠭᠠᠬᠤ ᠪᠠᠷᠢᠮᠵᠢᠶ᠎ᠠ︾ ᠳᠤ ᠬᠢᠷᠢ ᠲᠡᠩᠴᠡᠭᠰᠡᠨ ᠠᠴᠠ ᠳᠡᠭᠡᠭᠰᠢᠬᠢ ᠬᠤᠲᠠ ᠬᠥᠳᠡᠭᠡ ᠶᠢᠨ ᠬᠥᠮᠦᠨ ᠤ ᠲᠤᠭ᠎ᠠ ᠶᠢᠨ ᠬᠠᠷᠢᠴᠠᠯ ᠢ 93% ᠠᠴᠠ ᠳᠡᠭᠡᠭᠰᠢ ᠳᠤ ᠬᠦᠷᠭᠡᠨ᠎ᠡ᠃ ᠰᠤᠷᠭᠠᠭᠤᠯᠢ ᠳᠤ ᠪᠠᠶᠢᠭ᠎ᠠ ᠰᠤᠷᠤᠭᠴᠢᠳ ᠨᠡᠶᠢᠳᠡᠮ ᠳᠡᠭᠡᠨ ︽ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ︾ ᠶᠢᠨ ᠦᠨᠳᠦᠰᠦᠨ ᠱᠠᠭᠠᠷᠳᠠᠯᠭ᠎ᠠ ᠳᠤ ᠨᠡᠶᠢᠴᠡᠵᠦ᠂ ᠵᠠᠯᠠᠭᠤ ᠪᠠᠭᠠᠴᠤᠳ ᠤᠨ ᠪᠡᠶ᠎ᠡ ᠮᠠᠬᠠᠪᠣᠳ ᠢᠯᠡᠳᠲᠡ ᠴᠢᠭᠢᠷᠠᠭᠵᠢᠵᠤ᠂ ᠠᠵᠢᠯ ᠮᠡᠷᠭᠡᠵᠢᠯ ᠤᠨ ᠬᠦᠮᠦᠰ ᠤᠨ ︽ᠡᠷᠡᠭᠦᠯ ᠪᠣᠰᠣ ᠪᠠᠶᠢᠳᠠᠯ︾᠂ ︽ᠣᠵᠢᠭ ᠡᠪᠡᠳᠴᠢᠨ︾ ᠤ ᠪᠠᠶᠢᠳᠠᠯ ᠢᠯᠡᠳᠲᠡ ᠰᠠᠶᠢᠵᠢᠷᠠᠵᠤ᠂ ᠨᠠᠰᠤᠲᠠᠶᠢᠴᠤᠳ ᠪᠣᠯᠤᠨ ᠵᠡᠮᠳᠡᠭᠴᠦᠳ ᠤᠨ ᠠᠮᠢ ᠨᠠᠰᠤᠨ ᠤ ᠣᠳᠬ᠎ᠠ ᠠᠭᠤᠯᠭ᠎ᠠ ᠪᠣᠯᠤᠨ ᠪᠡᠶ᠎ᠡ ᠪᠠᠨ ᠳᠠᠭᠠᠭᠠᠬᠤ ᠴᠢᠳᠠᠪᠤᠷᠢ ᠶᠢ ᠢᠯᠡᠳᠲᠡ ᠳᠡᠭᠡᠭᠰᠢᠯᠡᠬᠦᠯᠦᠨ᠎ᠡ᠃       ᠭᠤᠷᠪᠠ᠂ ᠭᠤᠣᠯ ᠡᠭᠦᠷᠭᠡ       ︵ᠨᠢᠭᠡ︶ ᠵᠠᠰᠠᠭ ᠤᠨ ᠣᠷᠳᠣᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ  ᠮᠡᠨᠳᠦ ᠶᠢᠨ ᠲᠣᠭᠲᠠᠴᠠ ᠶᠢᠨ ᠠᠭᠤᠰᠤᠯᠴᠠᠯ ᠢ ᠠᠬᠢᠭᠤᠯᠤᠨ᠎ᠠ᠃ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠯᠥᠪᠵᠢᠭᠦᠯᠭᠡ ᠲᠣᠭᠲᠠᠭᠠᠬᠤ᠂ ᠪᠡᠯᠡ ᠮᠥᠩᠭᠦ ᠪᠠᠷ ᠳᠡᠮᠵᠢᠬᠦ᠂ ᠭᠠᠶᠢᠯᠢ  ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠶᠢ ᠦᠨᠡᠨᠬᠦ ᠲᠦᠯᠬᠢᠨ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠳᠤ ᠣᠷᠣᠭᠤᠯᠤᠨ᠂ ︽ᠡᠷᠡᠭᠦᠯ ᠡᠩᠬᠡ ᠠᠯᠠᠱᠠ︾ ᠶᠢᠨ ᠪᠠᠶᠢᠭᠤᠯᠤᠯᠲᠠ ᠳᠤ ᠣᠷᠣᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠢ ᠲᠡᠩᠴᠡᠭᠦᠷᠢᠰᠢᠭᠦᠯᠬᠦ ᠬᠠᠷᠠᠯᠲᠠ ᠶᠢᠨ ᠡᠭᠦᠷᠭᠡ ᠳᠤ ᠣᠷᠣᠭᠤᠯᠤᠨ᠂ ᠪᠣᠯᠪᠠᠰᠤᠨ ᠬᠤᠲᠠ ᠶᠢ ᠰᠢᠯᠭᠠᠨ ᠦᠨᠡᠯᠡᠬᠦ ᠰᠢᠰᠲ᠋ᠧᠮᠵᠢ ᠳᠤ ᠣᠷᠣᠭᠤᠯᠤᠨ᠎ᠠ᠃ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠰᠠᠯᠠᠭ᠎ᠠ ᠮᠥᠴᠢᠷ ᠠᠯᠤᠰᠯᠠᠨ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ᠂ ᠦᠨᠡᠯᠡᠬᠦ᠂ ᠰᠢᠮᠳᠠᠭᠤᠯᠤᠨ ᠪᠠᠶᠢᠴᠠᠭᠠᠬᠤ ᠶᠢᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠂ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠡᠮᠬᠢᠯᠡᠨ ᠨᠡᠶᠢᠯᠡᠭᠦᠯᠬᠦ᠂ ᠣᠯᠠᠨ ᠳᠠᠯ᠎ᠠ ᠶᠢᠨ ᠨᠥᠯᠥᠭᠡᠯᠡᠯ ᠢ ᠪᠡᠶᠡᠯᠡᠭᠦᠯᠦᠨ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠲᠦᠯᠬᠢᠨ ᠠᠬᠢᠭᠤᠯᠤᠨ᠎ᠠ᠃       ︵ᠬᠤᠶᠠᠷ︶ ᠪᠡᠶ᠎ᠡ ᠶᠢᠨ ᠲᠠᠮᠢᠷ ᠤᠨ ᠰᠣᠶᠣᠯ ᠢ ᠪᠠᠳᠠᠷᠠᠭᠤᠯᠵᠤ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ  ᠣᠶᠢᠯᠠᠭᠠᠭᠳᠠᠬᠤᠨ ᠤ ᠠᠭᠤᠰᠤᠯᠴᠠᠯ ᠢ ᠠᠬᠢᠭᠤᠯᠤᠨ᠎ᠠ᠃ ᠰᠣᠨᠢᠨ ᠰᠡᠳᠬᠦᠯ᠂ ᠷᠠᠳᠢᠣ᠋ ᠲᠧᠯᠸᠢᠰ᠂ ᠢᠨᠲ᠋ᠧᠷ ᠰᠦᠯᠵᠢᠶ᠎ᠡ᠂ ᠰᠢᠯᠵᠢᠮᠡᠯ ᠦᠵᠦᠭᠦᠷᠯᠢᠭ᠂ ᠸᠢᠴᠠᠲ᠂ ᠪᠢᠴᠢᠯ ᠪᠦᠷᠭᠡ ᠵᠡᠷᠭᠡ ᠵᠠᠭᠤᠴᠢᠯᠠᠭᠤᠷ ᠢ ᠬᠦᠢᠴᠡᠳ ᠠᠰᠢᠭᠯᠠᠵᠦ᠂ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠫᠷᠣᠭ᠍ᠷᠠᠮ ᠭᠠᠷᠭᠠᠬᠤ᠂ ᠲᠠᠶᠢᠯᠤᠮᠵᠢ ᠶᠠᠷᠢᠶᠠᠨ ᠤ ᠲᠠᠪᠴᠠᠩ ᠡᠷᠬᠢᠯᠡᠬᠦ᠂ ᠤᠬᠠᠭᠤᠯᠭ᠎ᠠ ᠶᠢᠨ ᠹᠢᠯᠢᠮ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠦᠢᠯᠡᠳᠬᠦ ᠪᠠᠷ ᠳᠠᠮᠵᠢᠭᠤᠯᠣᠨ᠂ ᠪᠥᠬᠦ ᠠᠷᠠᠳ ᠤᠨ ᠡᠷᠡᠭᠦᠯ ᠮᠡᠨᠳᠦ ᠶᠢ ᠠᠬᠢᠭᠤᠯᠬᠤ ᠳᠤ ᠦᠵᠡᠭᠦᠯᠬᠦ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠴᠢᠬᠤᠯᠠ ᠠᠴᠢ ᠬᠤᠯᠪᠣᠭᠳᠠᠯ ᠪᠠ ᠥᠪᠡᠷᠮᠢᠴᠡ ᠦᠢᠯᠡᠳᠦᠯ ᠢ ᠶᠡᠬᠡᠪᠡᠷ ᠣᠬᠠᠭᠤᠯᠵᠦ᠂ ᠰᠢᠨᠵᠢᠯᠡᠬᠦ ᠤᠬᠠᠭᠠᠨ ᠤ ᠪᠣᠯᠪᠠᠰᠤᠷᠠᠯ ᠢ ᠲᠦᠭᠡᠮᠡᠯᠵᠢᠭᠦᠯᠬᠦ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠮᠡᠳᠡᠯᠭᠡ  ᠶᠢ ᠳᠦᠭᠡᠮᠡᠯᠵᠢᠬᠦᠯᠵᠦ᠂ ︽ᠪᠡᠶ᠎ᠡ ᠶᠢᠨ ᠲᠠᠮᠢᠷ ᠢᠶᠠᠷ ᠪᠡᠶ᠎ᠡ ᠴᠢᠭᠢᠷᠠᠭᠵᠢᠭᠤᠯᠬᠤ ᠶᠢᠨ ︿ᠡᠪᠡᠳᠴᠢᠯᠡᠬᠦ ᠠᠴᠠ ᠡᠮᠦᠨ᠎ᠡ ᠰᠡᠷᠭᠡᠶᠢᠯᠡᠨ ᠵᠠᠰᠠᠬᠤ﹀︾᠂ ︽ᠪᠡᠶ᠎ᠡ ᠶᠢᠨ ᠲᠠᠮᠢᠷ ᠪᠣᠯ ᠰᠠᠶᠢᠨ ᠡᠮᠴᠢ ᠮᠦᠨ︾ ᠵᠡᠷᠭᠡ ᠣᠶᠢᠯᠠᠭᠠᠭᠳᠠᠬᠤᠨ ᠢ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠡᠯ᠎ᠡ ᠨᠢᠭᠡᠴᠡ ᠶᠢᠨ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠠᠭᠤᠰᠬᠠᠨ ᠣᠷᠣᠭᠤᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠡᠷᠡᠭᠦᠯ ᠮᠡᠨᠳᠦ ᠶᠢᠨ ᠬᠥᠮᠦᠵᠢᠯ ᠤᠨ ᠰᠢᠰᠲ᠋ᠧᠮᠵᠢ ᠳᠤ ᠣᠷᠣᠭᠤᠯᠵᠦ᠂ ᠨᠠᠩ ᠣᠯᠠᠨ ᠬᠦᠮᠦᠰ ᠢ ᠢᠳᠡᠪᠬᠢᠲᠡᠶ ᠪᠠᠷ᠂ ᠰᠠᠨᠠᠭᠠᠴᠢᠯᠠᠭ᠎ᠠ ᠲᠠᠢ ᠪᠠᠷ᠂ ᠤᠬᠠᠮᠰᠠᠷ ᠠᠴᠠ ᠪᠠᠨ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠡᠩᠨᠡᠭᠡᠨ ᠳᠤ ᠣᠷᠣᠯᠴᠠᠭᠤᠯᠣᠨ᠎ᠠ᠃ ︽ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠵᠢᠯᠣᠭᠤᠳᠣᠮᠵᠢ︾ ᠪᠠ ︽ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ︾ ᠶᠢ ᠳᠡᠯᠭᠡᠷᠡᠭᠦᠯᠦᠨ ᠬᠡᠷᠡᠭᠯᠡᠨ᠎ᠡ᠃ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠡᠳᠦᠷ᠂ ᠣᠪᠣᠭ᠎ᠠ ᠲᠠᠬᠢᠬᠤ᠂ ᠨᠠᠭᠠᠳᠤᠮ ᠤᠨ ᠬᠤᠷᠠᠯ ᠵᠡᠷᠭᠡ ᠴᠢᠬᠤᠯᠠ ᠶᠡᠭᠡ ᠪᠠᠶᠠᠷ ᠳᠤᠷᠠᠰᠬᠠᠯ ᠤᠨ ᠠᠵᠢᠯᠯᠠᠭ᠎ᠠ ᠳᠤ ᠲᠦᠰᠢᠭᠯᠡᠨ᠂ ᠠᠯᠠᠱᠠ ᠶᠢᠨ ᠣᠷᠣᠨ ᠨᠤᠲᠤᠭ ᠤᠨ ᠣᠨᠴᠠᠯᠢᠭ ᠲᠠᠢ᠂ ᠣᠯᠠᠨ ᠲᠦᠮᠡᠨ ᠤ ᠳᠣᠷ᠎ᠠ ᠪᠠᠬ᠎ᠠ ᠶᠢ ᠳᠠᠳᠠᠭᠰᠠᠨ᠂ ᠠᠷᠠᠳ ᠣᠯᠠᠨ ᠤ ᠠᠮᠢᠳᠤᠷᠠᠯ ᠲᠠᠢ ᠣᠶᠢᠷᠠᠲᠤᠭᠰᠠᠨ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠣᠯᠠᠨ ᠶᠠᠩᠵᠤ ᠶᠢᠨ ᠭᠤᠤᠯ ᠰᠡᠳᠦᠪᠲᠦ ᠠᠯᠢ ᠣᠯᠠᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ ᠰᠢᠨ᠎ᠡ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠤᠨᠣᠭᠰᠢᠭᠤᠯᠣᠨ᠎ᠠ᠃       ︵ᠭᠤᠷᠪᠠ︶ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ  ᠮᠡᠨᠳᠦ ᠶᠢᠨ ᠵᠣᠬᠢᠶᠠᠨ ᠪᠠᠶᠢᠭᠤᠯᠤᠯᠲᠠ ᠶᠢᠨ ᠠᠭᠤᠰᠤᠯᠴᠠᠯ ᠢ ᠠᠬᠢᠭᠤᠯᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠯᠪᠣᠭᠠᠯᠠᠨ ᠪᠠᠶᠢᠭᠤᠯᠵᠤ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠵᠢᠭᠤᠯᠴᠢᠯᠠᠯ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠵᠣᠯᠭᠠᠭᠤᠯᠬᠤ ᠶᠢ ᠢᠳᠡᠪᠬᠢᠲᠡᠶ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠪᠥᠬᠦ ᠠᠶᠢᠮᠠᠭ ᠤᠨ ᠡᠯ᠎ᠡ ᠱᠠᠲᠤᠨ ᠤ ᠪᠡᠶ᠎ᠡ ᠶᠢᠨ ᠲᠠᠮᠢᠷ ᠪᠠ ᠡᠮ ᠡᠮᠨᠡᠯᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠬᠡᠨ ᠤ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ︽ᠲᠠᠯ᠎ᠠ ᠨᠤᠲᠤᠭ ᠤᠨ ᠡᠷᠡᠭᠦᠯ ᠮᠡᠨᠳᠦ ᠶᠢᠨ ᠵᠢᠵᠢᠭ  ᠦᠷᠦᠭᠡ︾ ᠶᠢ ᠪᠠᠶᠢᠭᠤᠯᠵᠤ᠂ ᠮᠠᠯᠴᠢᠨ ᠲᠠᠷᠢᠶᠠᠴᠢᠨ ᠳᠤ ᠡᠷᠡᠭᠦᠯ ᠮᠡᠨᠳᠦ ᠶᠢᠨ ᠬᠥᠮᠦᠵᠢᠯ ᠤᠨ ᠴᠢᠨᠠᠷ ᠰᠠᠶᠢᠲᠠᠶ ᠯᠠᠪᠯᠠᠯᠭ᠎ᠠ᠂ ᠡᠷᠡᠭᠦᠯ ᠮᠡᠨᠳᠦ ᠶᠢ ᠬᠠᠮᠢᠶᠠᠷᠬᠤ ᠪᠠ ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠦᠢᠯᠡᠴᠢᠯᠡᠭᠡ ᠬᠠᠩᠭᠠᠨ᠎ᠠ᠃ ᠪᠡᠶ᠎ᠡ ᠴᠢᠭᠢᠷᠠᠭᠵᠢᠭᠤᠯᠬᠤ ᠪᠠ ᠡᠷᠡᠭᠦᠯ ᠴᠢᠭᠢᠷᠠᠭ ᠤᠨ ᠨᠡᠶᠢᠲᠡ ᠳᠤ ᠠᠰᠢᠭ ᠬᠦᠷᠳᠡᠭᠡᠬᠦ‍ ᠨᠢᠭᠡ ᠪᠦᠯᠦᠭ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠵᠤ᠂ ᠨᠡᠶᠢᠭᠡᠮ ᠤᠨ ᠬᠦᠴᠦᠨ ᠢ ᠳᠡᠮᠵᠢᠵᠦ ᠪᠠᠶᠢᠭᠠᠳ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ ᠵᠡᠷᠭᠡ ᠵᠠᠭᠪᠤᠷ ᠢ ᠬᠡᠷᠡᠭᠯᠡᠨ᠂ ᠠᠰᠢᠭ ᠣᠯᠵᠠᠪᠤᠷᠢ ᠶᠢᠨ ᠪᠤᠰᠤ ᠴᠢᠨᠠᠷᠲᠠᠶ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢᠨ ᠬᠡᠮᠵᠢᠨ ᠲᠣᠭᠲᠠᠭᠠᠬᠤ ᠪᠠ ᠬᠥᠳᠡᠯᠭᠡᠭᠡᠨ ᠢᠶᠠᠷ ᠡᠷᠡᠭᠦᠯᠵᠢᠭᠦᠯᠬᠦ ᠵᠡᠷᠭᠡ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠨᠡᠭᠡᠭᠡᠨ ᠡᠷᠭᠢᠯᠡᠭᠦᠯᠦᠨ᠎ᠡ᠃ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠳᠠᠬᠢ ︽ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠳᠦᠰᠦᠨ ᠲᠥᠷᠥᠯ ᠵᠦᠢᠯ ᠤᠨ ᠭᠠᠷᠴᠠᠭ︾ ᠲᠤ ᠨᠡᠶᠢᠴᠡᠬᠦ ᠲᠥᠷᠥᠯ  ᠵᠦᠢᠯ ᠢ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠳᠤ ᠠᠯᠬᠤᠮ ᠠᠯᠬᠤᠮ ᠢᠶᠠᠷ ᠣᠷᠣᠭᠤᠯᠵᠦ᠂ ᠠᠷᠠᠳ ᠢᠷᠭᠡᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠬᠦ ᠲᠥᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠤᠮᠳᠠ ᠪᠡᠶ᠎ᠡ ᠮᠠᠬᠠᠪᠣᠳ ᠤᠨ ᠬᠢᠨᠠᠨ ᠲᠣᠭᠲᠠᠭᠠᠯᠲᠠ ᠬᠢᠬᠦ᠂ ᠬᠥᠳᠡᠯᠭᠡᠭᠡᠨ ᠤ ᠴᠢᠳᠠᠪᠤᠷᠢ ᠶᠢᠨ ᠦᠨᠡᠯᠡᠯᠲᠡ ᠬᠢᠬᠦ᠂ ᠪᠡᠶ᠎ᠡ ᠮᠠᠬᠠᠪᠣᠳ ᠤᠨ ᠬᠡᠪ ᠴᠢᠨᠠᠷ ᠤᠨ ᠦᠨᠡᠯᠡᠯᠲᠡ ᠬᠢᠬᠦ᠂ ᠡᠷᠡᠭᠦᠯ ᠮᠡᠨᠳᠦ ᠶᠢᠨ ᠳᠠᠩᠰᠠ ᠡᠪᠬᠡᠮᠡᠯ ᠪᠠᠶᠢᠭᠤᠯᠬᠤ᠂ ᠲᠠᠮᠢᠷ ᠤᠨ ᠬᠥᠳᠡᠯᠭᠡᠭᠡᠨ ᠢᠶᠠᠷ ᠪᠡᠶ᠎ᠡ ᠴᠢᠭᠢᠷᠠᠭᠵᠢᠭᠤᠯᠬᠤ ᠳᠣᠬᠠᠢ ᠵᠢᠯᠣᠭᠤᠳᠤᠯᠭ᠎ᠠ ᠬᠢᠬᠦ ᠵᠡᠷᠭᠡ ᠦᠢᠯᠡᠴᠢᠯᠡᠬᠡᠨ ᠤ ᠴᠢᠳᠠᠮᠵᠢ ᠶᠢ ᠬᠠᠩᠭᠠᠬᠤ ᠶᠢ ᠬᠦᠢᠴᠡᠳ ᠪᠠᠳᠠᠷᠠᠭᠤᠯᠣᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠪᠡᠶ᠎ᠡ ᠴᠢᠭᠢᠷᠠᠭᠵᠢᠭᠤᠯᠬᠤ ᠭᠠᠵᠠᠷ ᠵᠡᠷᠭᠡ ᠵᠣᠬᠢᠶᠠᠨ ᠪᠠᠶᠢᠭᠤᠯᠤᠯᠲᠠ ᠶᠢᠨ ᠡᠷᠡᠭᠦᠯ ᠮᠡᠨᠳᠦ ᠶᠢᠨ ᠵᠢᠯᠣᠭᠤᠳᠤᠯᠭ᠎ᠠ᠂ ᠯᠠᠪᠯᠠᠬᠤ᠂ ᠠᠵᠢᠯᠯᠠᠭ᠎ᠠ ᠦᠷᠨᠢᠬᠦᠯᠬᠦ ᠵᠡᠷᠭᠡ ᠦᠢᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠶᠢᠨ ᠵᠢᠭᠠᠨ ᠵᠢᠯᠣᠭᠤᠳᠬᠤ ᠦᠢᠯᠡᠴᠢᠯᠡᠬᠡᠨ ᠤ  ᠭᠠᠵᠠᠷ ᠢ ᠡᠷᠡᠭᠦᠯ ᠮᠡᠨᠳᠦ ᠶᠢᠨ ᠵᠢᠭᠠᠨ ᠵᠢᠯᠣᠭᠤᠳᠬᠤ ᠦᠢᠯᠡᠴᠢᠯᠡᠬᠡᠨ ᠤ ᠭᠠᠵᠠᠷ ᠳᠠᠰᠢ ᠬᠤᠪᠢᠷᠠᠭᠤᠯᠬᠤ᠂ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠭᠠᠵᠠᠷ ᠨᠢ ᠡᠷᠡᠭᠦᠯ ᠮᠡᠨᠳᠦ ᠶᠢ ᠬᠢᠨᠠᠨ ᠬᠡᠮᠵᠢᠬᠦ ᠭᠠᠵᠠᠷ ᠪᠣᠯᠵᠤ ᠬᠤᠪᠢᠷᠠᠬᠤ ᠶᠢ ᠠᠬᠢᠭᠤᠯᠵᠦ᠂ ᠬᠥᠳᠡᠯᠭᠡᠭᠡᠨ ᠤ ᠪᠠᠶᠢᠴᠠᠭᠠᠨ ᠬᠡᠮᠵᠢᠯᠲᠡ ᠪᠠ ᠡᠮᠴᠢᠯᠡᠭᠡᠨ ᠤ ᠪᠡᠶ᠎ᠡ ᠶᠢᠨ ᠪᠠᠶᠢᠴᠠᠭᠠᠯᠲᠠ ᠶᠢ ᠨᠢᠭᠡᠳᠬᠡᠬᠦ ᠶᠢ ᠰᠦᠪᠡᠭᠴᠢᠯᠡᠨ᠎ᠡ᠃ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠲᠥᠪ ᠵᠡᠷᠭᠡ ᠡᠬᠢ ᠪᠠᠶᠠᠯᠢᠭ ᠲᠤ ᠲᠦᠰᠢᠭᠯᠡᠨ᠂ ᠡᠯ᠎ᠡ ᠬᠤᠰᠢᠭᠤ ︵ᠨᠡᠭᠡᠭᠡᠯᠳᠡ  ᠶᠢᠨ ᠣᠷᠣᠨ︶ ᠨᠠᠭᠠᠳᠤ ᠵᠠᠬ᠎ᠠ ᠳᠠᠭᠠᠨ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠪᠠ ᠡᠮ ᠡᠮᠨᠡᠯᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ ᠶᠢ ᠠᠬᠢᠭᠤᠯᠬᠤ ᠦᠢᠯᠡᠴᠢᠯᠡᠬᠡᠨ ᠤ ᠲᠥᠪ ᠢ 1 ᠪᠠᠶᠢᠭᠤᠯᠤᠨ᠎ᠠ᠃       ︵ᠳᠦᠷᠪᠡ︶ ᠪᠡᠶ᠎ᠡ  ᠶᠢᠨ ᠲᠠᠮᠢᠷ  ᠤᠨ ᠳᠦᠭᠦᠭᠡᠷᠦᠮᠵᠢ ᠶᠢ ᠲᠡᠭᠦᠯᠳᠡᠷᠵᠢᠭᠦᠯᠵᠦ᠂ ᠪᠥᠬᠦ ᠠᠷᠠᠳ   ᠢᠶᠠᠷ   ᠢᠶᠠᠨ ᠪᠡᠶ᠎ᠡ ᠴᠢᠭᠢᠷᠠᠭᠵᠢᠭᠤᠯᠬᠤ  ᠪᠠ ᠪᠥᠬᠦ ᠠᠷᠠᠳ  ᠤᠨ ᠡᠷᠡᠭᠦᠯ ᠮᠡᠨᠳᠦ  ᠶᠢᠨ ᠳᠦᠭᠦᠭᠡᠷᠦᠮᠵᠢ  ᠶᠢᠨ ᠠᠭᠤᠰᠤᠯᠴᠠᠯ  ᠢ ᠠᠬᠢᠭᠤᠯᠤᠨ᠎ᠠ᠃ ᠪᠡᠶ᠎ᠡ ᠴᠢᠭᠢᠷᠠᠭᠵᠢᠭᠤᠯᠬᠤ  ᠪᠠ ᠡᠷᠡᠭᠦᠯ ᠮᠡᠨᠳᠦ  ᠶᠢᠨ ᠲᠥᠷᠥᠯ ᠵᠦᠢᠯ  ᠢ ᠡᠯ᠎ᠡ ᠱᠠᠲᠤᠨ  ᠤ ᠤᠯᠤᠰ  ᠤᠨ ᠭᠠᠵᠠᠷ ᠰᠢᠷᠣᠶ  ᠶᠢᠨ ᠣᠷᠣᠨ ᠵᠠᠶ  ᠶᠢᠨ ᠲᠥᠯᠥᠪᠵᠢᠭᠦᠯᠭᠡ᠂ ᠡᠷᠡᠭᠦᠯ  ᠮᠡᠨᠳᠦ ᠶᠢᠨ ᠬᠦᠭᠵᠢᠯᠳᠡ   ᠶᠢᠨ ᠲᠥᠯᠥᠪᠵᠢᠭᠦᠯᠭᠡ  ᠳᠤ ᠠᠭᠤᠰᠬᠠᠨ ᠣᠷᠣᠭᠤᠯᠵᠤ᠂ ᠠᠭᠤᠰᠤᠯᠴᠠᠭᠤᠯᠬᠤ ᠠᠵᠢᠯ ᠤᠨ ᠬᠥᠭᠵᠢᠯᠲᠡ  ᠶᠢᠨ ᠲᠥᠯᠥᠪᠵᠢᠭᠦᠯᠭᠡ  ᠶᠢᠨ ᠰᠢᠰᠲ᠋ᠧᠮᠵᠢ  ᠶᠢ ᠪᠠᠶᠢᠭᠤᠯᠤᠨ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ  ᠶᠢᠨ ᠳᠦᠭᠦᠭᠡᠷᠦᠮᠵᠢ  ᠶᠢᠨ ᠲᠥᠯᠥᠪᠵᠢᠭᠦᠯᠭᠡ  ᠶᠢ ᠬᠤᠲᠠ  ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠨᠣᠭᠤᠭᠠᠷᠠᠭᠤᠯᠤᠯᠲᠠ᠂ ᠵᠢᠭᠤᠯᠴᠢᠯᠠᠯ᠂ ᠰᠣᠶᠣᠯ ᠰᠡᠯᠡᠭᠦᠴᠡᠯ ᠯᠦᠭᠡ ᠬᠠᠷᠢᠯᠴᠠᠨ ᠠᠭᠤᠰᠤᠯᠴᠠᠭᠤᠯᠵᠤ᠂ ᠬᠤᠲᠠ  ᠶᠢᠨ ᠴᠡᠴᠡᠷᠯᠢᠭ  ᠢ ᠲᠠᠰ ᠳᠡᠪᠰᠢᠭᠦᠯᠦᠨ ᠥᠭᠡᠷᠡᠴᠢᠯᠡᠬᠦ᠂ ᠬᠤᠲᠠ  ᠶᠢᠨ ᠠᠭᠤᠳᠠᠮ ᠲᠠᠯᠠᠪᠠᠶ  ᠪᠠ ᠵᠠᠮ  ᠤᠨ ᠪᠥᠲᠥᠭᠡᠨ ᠪᠠᠶᠢᠭᠤᠯᠤᠯᠲᠠ᠂ ᠬᠤᠲᠠ  ᠶᠢᠨ ᠣᠯᠠᠨ ᠨᠡᠶᠢᠲᠡ  ᠶᠢᠨ ᠣᠷᠣᠨ ᠵᠠᠶ ᠶᠢᠨ ᠪᠥᠲᠥᠭᠡᠨ ᠪᠠᠶᠢᠭᠤᠯᠤᠯᠲᠠ  ᠳᠤ ᠲᠤᠬᠠᠶ  ᠶᠢᠨ ᠭᠠᠵᠠᠷ ᠣᠷᠣᠨ  ᠤ ᠪᠠᠶᠢᠳᠠᠯ  ᠳᠤᠨᠢ ᠳᠣᠭᠢᠷᠠᠭᠤᠯᠤᠨ ᠪᠡᠶ᠎ᠡ ᠴᠢᠭᠢᠷᠠᠭᠵᠢᠭᠤᠯᠬᠤ  ᠪᠠ ᠡᠷᠡᠭᠦᠯ ᠴᠢᠭᠢᠷᠠᠭ  ᠤᠨ ᠲᠠᠯᠠᠪᠤᠷ ᠭᠠᠵᠠᠷ  ᠤᠨ ᠳᠦᠭᠦᠭᠡᠷᠦᠮᠵᠢ  ᠶᠢ ᠲᠥᠯᠥᠪᠵᠢᠭᠦᠯᠦᠨ ᠪᠠᠶᠢᠷᠢᠯᠠᠭᠤᠯᠬᠤ  ᠶᠢ ᠰᠠᠶᠢᠲᠤᠷ ᠬᠢᠨ᠎ᠠ᠃ ᠲᠠᠯᠠᠪᠠᠢ ᠣᠷᠳᠣᠨ  ᠤ ᠴᠢᠳᠠᠮᠵᠢ  ᠶᠢ ᠥᠭᠡᠷᠡᠴᠢᠯᠡᠨ ᠰᠠᠶᠢᠵᠢᠷᠠᠭᠤᠯᠵᠤ᠂ ᠣᠳᠣ  ᠶᠢᠨ ᠪᠠᠶᠢᠭ᠎ᠠ ᠪᠡᠶ᠎ᠡ  ᠶᠢᠨ ᠲᠠᠮᠢᠷ  ᠤᠨ ᠣᠷᠳᠣᠨ  ᠳᠤ ᠪᠦᠬᠦ ᠠᠷᠠᠳ  ᠢᠶᠠᠷ   ᠢᠶᠠᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ   ᠶᠢᠨ ᠳᠦᠭᠦᠭᠡᠷᠦᠮᠵᠢ  ᠶᠢ ᠨᠡᠮᠡᠵᠦ ᠪᠠᠶᠢᠭᠤᠯᠤᠨ᠂ ᠠᠷᠠᠳ ᠣᠯᠠᠨ ᠤ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢᠨ ᠪᠠᠶᠢᠴᠠᠭᠠᠯᠳᠠ ᠬᠢᠬᠦ  ᠳᠤ ᠳᠥᠭᠦᠮ ᠦᠵᠡᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠬᠡᠨ ᠤ ᠳᠦᠭᠦᠭᠡᠷᠦᠮᠵᠢ ᠳᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠡᠷᠡᠭᠦᠯ ᠮᠡᠨᠳᠦ ᠶᠢᠨ ᠦᠨᠡᠯᠡᠨ ᠵᠢᠱᠢᠯᠲᠡ ᠵᠡᠷᠭᠡ ᠵᠥᠭᠡᠯᠡᠨ ᠬᠠᠲᠠᠭᠤ ᠬᠡᠷᠡᠭᠰᠡᠯ ᠤᠨ ᠳᠦᠭᠦᠭᠡᠷᠦᠮᠵᠢ ᠶᠢ ᠨᠡᠮᠡᠵᠦ ᠪᠠᠶᠢᠷᠢᠯᠠᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ  ᠳᠦᠭᠦᠭᠡᠷᠦᠮᠵᠢ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠣᠷᠢᠭᠵᠢᠭᠤᠯᠵᠤ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠠᠯᠠᠪᠤᠷ ᠭᠠᠵᠠᠷ᠂ ᠰᠣᠶᠣᠯ ᠤᠨ ᠥᠷᠥᠭᠡ᠂ ᠲᠠᠷᠢᠶᠠᠴᠢᠳ ᠤᠨ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠢᠨᠵᠧᠨᠧᠷᠢᠩ ᠵᠡᠷᠭᠡ ᠣᠳᠣ ᠶᠢᠨ ᠪᠠᠶᠢᠭ᠎ᠠ ᠲᠠᠯᠠᠪᠤᠷ ᠭᠠᠵᠠᠷ ᠤᠨ ᠳᠦᠭᠦᠭᠡᠷᠦᠮᠵᠢ ᠶᠢᠨ ᠡᠬᠢ ᠪᠠᠶᠠᠯᠢᠭ ᠢ ᠠᠭᠤᠰᠤᠯᠴᠠᠭᠤᠯᠵᠤ᠂ ᠡᠯ᠎ᠡ ᠰᠠᠯᠠᠭ᠎ᠠ ᠮᠥᠴᠢᠷ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠯᠤᠭ᠎ᠠ ᠬᠠᠮᠲᠤᠪᠠᠷ ᠪᠠᠶᠢᠭᠤᠯᠵᠤ ᠬᠠᠮᠲᠤᠪᠠᠷ ᠬᠦᠷᠲᠡᠬᠦ ᠶᠢ ᠥᠷᠨᠢᠭᠦᠯᠦᠨ᠂ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠳᠬᠦᠵᠦ᠂ ᠣᠶᠤᠨᠴᠢ ᠪᠡᠶ᠎ᠡ ᠴᠢᠭᠢᠷᠠᠭᠵᠢᠭᠤᠯᠬᠤ ᠬᠦᠷᠢᠶᠡᠯᠡᠩ ᠵᠡᠷᠭᠡ ᠪᠡᠶ᠎ᠡ ᠶᠢᠨ ᠲᠠᠮᠢᠷ ᠤᠨ  ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠳᠦᠭᠦᠭᠡᠷᠦᠮᠵᠢ ᠶᠢᠨ ᠰᠦᠯᠵᠢᠶ᠎ᠡ ᠪᠠ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ 10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠭᠠᠵᠠᠷ ᠢ ᠬᠦᠴᠦᠯᠡᠨ ᠪᠠᠶᠢᠭᠤᠯᠤᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠳᠦᠭᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠥᠬᠡᠶ ᠪᠤᠶᠤ ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠶᠢ ᠠᠬᠢᠭᠤᠯᠵᠤ᠂ ᠪᠠᠶᠢᠭᠤᠯᠣᠯᠭ᠎ᠠ᠂ ᠠᠵᠢᠯ ᠦᠢᠯᠡᠰ ᠤᠨ ᠨᠢᠭᠡᠴᠡ ᠠᠴᠠ ᠡᠭᠦᠰᠭᠡᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠳᠦᠭᠦᠭᠡᠷᠦᠮᠵᠢ ᠶᠢ ᠰᠦᠢᠳᠬᠡᠯ ᠬᠤᠷᠢᠶᠠᠬᠤ ᠥᠬᠡᠶ ᠪᠤᠶᠤ ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ  ᠳᠦᠭᠦᠭᠡᠷᠦᠮᠵᠢ ᠶᠢ ᠴᠢᠯᠥᠭᠡᠲᠡᠶ ᠨᠡᠭᠡᠭᠡᠬᠦ ᠡᠷᠴᠢᠮ ᠢ ᠴᠢᠩᠭᠠᠷᠠᠭᠤᠯᠤᠨ᠂ ᠴᠢᠯᠥᠭᠡᠲᠡᠶ ᠨᠡᠭᠡᠭᠡᠬᠦ ᠨᠣᠷᠮ᠎ᠠ ᠶᠢ 90 % ᠠᠴᠠ ᠳᠠᠪᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠡᠶ᠎ᠡ  ᠶᠢᠨ ᠲᠠᠮᠢᠷ  ᠤᠨ ᠳᠦᠭᠦᠭᠡᠷᠦᠮᠵᠢ  ᠶᠢᠨ ᠪᠥᠲᠥᠭᠡᠨ ᠪᠠᠶᠢᠭᠤᠯᠤᠯᠲᠠ  ᠶᠢᠨ ᠪᠠᠷᠢᠮᠵᠢᠶ᠎ᠠ  ᠶᠢ ᠴᠢᠩᠭ᠎ᠠ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ   ᠲᠤ ᠭᠠᠵᠠᠷ ᠣᠷᠣᠨ  ᠤ ᠪᠠᠶᠢᠳᠠᠯ  ᠳᠤᠨᠢ ᠳᠣᠭᠢᠷᠠᠭᠤᠯᠤᠨ ᠪᠡᠶ᠎ᠡ ᠶᠢᠨ ᠲᠠᠮᠢᠷ ᠤᠨ ᠳᠦᠭᠦᠭᠡᠷᠦᠮᠵᠢ ᠶᠢ ᠨᠡᠮᠡᠵᠦ ᠪᠠᠶᠢᠭᠤᠯᠤᠨ᠎ᠠ᠃       ︵ᠲᠠᠪᠤ︶ ᠤᠷᠤᠯᠳᠤᠭᠠᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠠᠵᠢᠯᠯᠠᠭ᠎ᠠ ᠶᠢᠨ ᠠᠭᠤᠰᠤᠯᠴᠠᠯ ᠢ ᠠᠬᠢᠭᠤᠯᠤᠨ᠎ᠠ᠃ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠲᠡᠮᠡᠭᠡᠨ ᠨᠠᠭᠠᠳᠤᠮ᠂ ᠪᠥᠮᠪᠥᠭᠡᠨ ᠤ ᠲᠥᠷᠥᠯ᠂ ᠰᠠᠪᠠᠷᠳᠠᠩ᠂ ᠶᠠᠪᠠᠭᠠᠨ ᠶᠠᠪᠤᠬᠤ᠂ ᠮᠠᠰᠢᠨ ᠲᠡᠷᠭᠡ ᠪᠠᠷ ᠬᠡᠭᠡᠷᠡᠯᠡᠬᠦ ᠵᠡᠷᠭᠡ ᠣᠳᠣ ᠦᠶ᠎ᠡ ᠶᠢᠨ ᠪᠠ ᠤᠯᠠᠮᠵᠢᠯᠠᠯᠲᠤ ᠲᠥᠷᠥᠯ ᠵᠦᠢᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠵᠦ᠂ ᠲᠠᠯᠠᠪᠠᠶ ᠶᠢᠨ ᠪᠥᠵᠢᠭ᠂ ᠶᠠᠪᠠᠭᠠᠨ ᠶᠠᠪᠣᠬᠤ᠂ ᠳᠤᠭᠤᠶ ᠤᠨᠤᠬᠤ᠂ ᠠᠭᠤᠯᠠ ᠠᠪᠠᠷᠢᠬᠤ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠵᠡᠷᠭᠡ ᠣᠯᠠᠨ ᠲᠦᠮᠡᠨ ᠳᠤ ᠲᠦᠭᠡᠮᠡᠯᠵᠢᠭᠰᠡᠨ ᠬᠡᠮᠵᠢᠶ᠎ᠡ ᠪᠠᠷ ᠨᠡᠯᠢᠶᠡᠳ ᠥᠨᠳᠥᠷ ᠪᠡᠶ᠎ᠡ ᠶᠢᠨ ᠲᠠᠮᠢᠷ ᠤᠨ ᠲᠥᠷᠥᠯ ᠵᠦᠢᠯ ᠢ ᠥᠷᠭᠡᠨ ᠳᠡᠯᠭᠡᠷ ᠥᠷᠨᠢᠭᠦᠯᠵᠦ᠂ ᠪᠥᠬᠡ ᠪᠠᠷᠢᠯᠳᠤᠬᠤ᠂ ᠰᠤᠷ ᠬᠠᠷᠪᠤᠬᠤ᠂ ᠮᠣᠩᠭᠤᠯ ᠰᠢᠲᠠᠷ᠎ᠠ ᠵᠡᠷᠭᠡ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ ᠢᠳᠡᠪᠬᠢᠲᠡᠶ ᠳᠡᠯᠭᠡᠷᠡᠭᠦᠯᠵᠦ᠂ ᠮᠥᠰᠥ ᠴᠠᠰᠤ᠂ ᠤᠷᠤᠯᠳᠤᠭᠠᠨ ᠤ ᠲᠡᠷᠭᠡ᠂ ᠭᠡᠷ ᠤᠨ ᠭᠠᠳᠠᠨᠠᠬᠢ ᠬᠦᠳᠡᠯᠭᠡᠭᠡᠨ᠂ ᠶᠦᠭᠡᠵᠢᠷᠢᠰ ᠵᠡᠷᠭᠡ ᠴᠠᠭ ᠡᠷᠡᠨ ᠤ ᠰᠡᠯᠡᠭᠦᠴᠡᠯ ᠤᠨ ᠬᠥᠳᠡᠯᠭᠡᠭᠡᠨ ᠤ ᠲᠥᠷᠥᠯ ᠵᠦᠢᠯ ᠢ ᠴᠢᠷᠮᠠᠶᠢᠨ ᠪᠤᠶᠢᠵᠢᠭᠤᠯᠵᠤ᠂ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠬᠥᠮᠦᠨ ᠤ ᠪᠦᠬᠦ ᠲᠠᠯ᠎ᠠ ᠶᠢᠨ ᠡᠷᠡᠭᠦᠯ ᠮᠡᠨᠳᠦ ᠶᠢ ᠠᠬᠢᠭᠤᠯᠬᠤ ᠳᠡᠰᠢ ᠬᠤᠪᠢᠷᠠᠭᠤᠯᠣᠨ᠎ᠠ᠃ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠪᠠᠶᠢᠭᠤᠯᠣᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠬᠡᠷ ᠪᠦᠯᠢ ᠳᠤ ᠣᠷᠣᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠭᠤᠤᠯᠳᠠᠯᠭ᠎ᠠ ᠲᠠᠢ ᠬᠥᠮᠦᠰ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠴᠢᠩᠭᠠᠳᠬᠠᠵᠤ᠂ ᠵᠠᠯᠠᠭᠤ ᠪᠠᠭᠠᠴᠤᠳ᠂ ᠡᠮᠡᠭᠲᠡᠶᠢᠴᠦᠳ᠂ ᠨᠠᠰᠤᠲᠠᠶᠢᠴᠤᠳ᠂ ᠠᠵᠢᠯ ᠮᠡᠷᠭᠡᠵᠢᠯ ᠤᠨ ᠬᠥᠮᠦᠰ ᠵᠢᠴᠢ ᠵᠡᠮᠳᠡᠭᠴᠦᠳ ᠵᠡᠷᠭᠡ ᠲᠠᠮᠢᠷ ᠤᠨ ᠬᠥᠳᠡᠯᠭᠡᠭᠡᠨ ᠳᠤ ᠪᠠᠭ᠎ᠠ ᠣᠷᠣᠯᠴᠠᠳᠠᠭ ᠬᠥᠮᠦᠰ ᠲᠤ ᠴᠢᠭᠯᠡᠭᠦᠯᠦᠨ᠂ ︽ᠵᠠᠭᠤᠨ ᠬᠥᠮᠦᠨ ᠵᠠᠭᠤᠨ ᠡᠳᠦᠷ ᠤᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ︾ ᠶᠢᠨ ᠵᠢᠭᠠᠨ ᠵᠢᠯᠣᠭᠤᠳᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠪᠥᠮᠪᠥᠭᠡᠨ ᠤ ᠲᠥᠷᠥᠯ ᠵᠡᠷᠭᠡ ᠪᠠᠷ ᠭᠤᠣᠯᠳᠠᠯᠭ᠎ᠠ ᠲᠠᠢ ᠲᠥᠷᠥᠯ ᠵᠦᠢᠯ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠤᠯᠪᠣᠭᠠᠳᠣ ᠤᠷᠤᠯᠳᠤᠭᠠᠨ ᠤ ᠳᠦᠷᠢᠮ ᠢ ᠪᠠᠶᠢᠭᠤᠯᠵᠤ᠂ ᠵᠠᠯᠠᠭᠤ ᠪᠠᠭᠠᠴᠤᠳ ᠤᠨ 1 ᠠᠴᠠ ᠳᠡᠭᠡᠭᠰᠢ ᠪᠡᠶ᠎ᠡ ᠶᠢᠨ ᠲᠠᠮᠢᠷ ᠤᠨ ᠮᠡᠷᠭᠡᠵᠢᠯ ᠤᠨ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠡᠳᠦᠷ ᠪᠦᠷᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ 1 ᠴᠠᠭ ᠠᠴᠠ ᠳᠤᠲᠠᠭᠤ ᠦᠭᠡᠶ  ᠪᠠᠶᠢᠯᠭᠠᠨ᠎ᠠ᠃ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠬᠤ ᠶᠢ ᠴᠢᠩᠭᠠᠳᠬᠠᠵᠤ᠂ ᠡᠮᠡᠭᠲᠡᠶᠢᠴᠦᠳ᠂ ᠨᠠᠰᠤᠲᠠᠶᠢᠴᠤᠳ ᠪᠣᠯᠤᠨ ᠠᠵᠢᠯ ᠮᠡᠷᠭᠡᠵᠢᠯ ᠤᠨ ᠬᠦᠮᠦᠰ ᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠳᠤ ᠢᠳᠡᠪᠬᠢᠲᠡᠶ ᠪᠠᠷ ᠣᠷᠣᠯᠴᠠᠬᠤ ᠶᠢ ᠠᠬᠢᠭᠤᠯᠤᠨ᠎ᠠ᠃ ᠠᠵᠢᠯ ᠤᠨ ᠬᠤᠭᠤᠴᠠᠭᠠᠨ ᠤ ᠪᠡᠶ᠎ᠡ ᠴᠢᠭᠢᠷᠠᠭᠵᠢᠭᠤᠯᠬᠤ ᠳᠦᠷᠢᠮ ᠢ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠣᠭᠰᠠᠨ ᠠᠵᠢᠯ ᠤᠨ ᠲᠠᠯᠠᠪᠤᠷ ᠭᠠᠵᠠᠷ ᠲᠤ ᠵᠣᠬᠢᠬᠤ ᠪᠡᠶ᠎ᠡ ᠴᠢᠬᠢᠷᠠᠭᠵᠢᠭᠤᠯᠬᠤ ᠭᠠᠵᠠᠷ ᠢ ᠪᠠᠶᠢᠭᠤᠯᠬᠤ ᠶᠢ ᠵᠣᠷᠢᠭᠵᠢᠭᠤᠯᠤᠨ ᠳᠠᠮᠵᠢᠨ᠎ᠠ᠃ ᠵᠡᠮᠳᠡᠭᠴᠦᠳ ᠤᠨ ᠡᠷᠡᠭᠦᠯᠵᠢᠯ ᠤᠨ ᠪᠡᠶ᠎ᠡ ᠶᠢᠨ ᠲᠠᠮᠢᠷ ᠪᠠ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠢ ᠥᠷᠭᠡᠨ ᠢᠶᠠᠷ ᠥᠷᠨᠢᠭᠦᠯᠬᠦ ᠶᠢ ᠠᠬᠢᠭᠤᠯᠤᠨ᠎ᠠ᠃       ︵ᠵᠢᠷᠭᠤᠭ᠎ᠠ︶ ᠴᠢᠳᠠᠪᠤᠷᠢᠲᠠᠨ ᠢ ᠬᠥᠮᠦᠵᠢᠭᠦᠯᠬᠦ ᠶᠢ ᠲᠦᠷᠭᠡᠳᠬᠡᠵᠦ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠴᠢᠳᠠᠪᠤᠷᠢᠲᠠᠨ ᠤ ᠠᠭᠤᠰᠤᠯᠴᠠᠯ ᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ᠂ ᠪᠦᠬᠦ ᠠᠷᠠᠳ ᠤᠨ ᠡᠷᠡᠭᠦᠯ ᠮᠡᠨᠳᠦ ᠶᠢᠨ ᠲᠤᠷᠰᠢᠯᠭ᠎ᠠ ᠰᠣᠯᠢᠯᠴᠠᠬᠤ ᠬᠤᠷᠠᠯ᠂ ᠰᠤᠳᠤᠯᠤᠨ ᠶᠠᠷᠢᠯᠴᠠᠬᠤ ᠬᠤᠷᠠᠯ ᠢ ᠪᠠᠶᠢᠩᠭᠤ ᠶᠢᠨ ᠴᠢᠨᠠᠷᠲᠠᠶ ᠡᠷᠬᠢᠯᠡᠵᠦ᠂ ᠠᠵᠢᠯ ᠲᠥᠷᠥᠯ ᠤᠨ ᠳᠠᠯ᠎ᠠ ᠪᠠᠷ ᠨᠡᠷ᠎ᠡ ᠨᠦᠯᠦᠬᠡ ᠲᠠᠢ᠂ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠢ ᠮᠠᠨ ᠤ ᠠᠶᠢᠮᠠᠭ ᠲᠤ ᠤᠷᠢᠨ ᠪᠣᠯᠪᠠᠰᠤᠷᠠᠯ ᠤᠨ ᠲᠠᠶᠢᠯᠤᠮᠵᠢ ᠬᠢᠯᠭᠡᠵᠦ᠂ ᠮᠠᠨ ᠤ ᠠᠶᠢᠮᠠᠭ ᠤᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠢᠯ ᠢ ᠵᠢᠯᠣᠭᠤᠳᠣᠭᠤᠯᠣᠨ᠎ᠠ᠃ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠪᠡᠶ᠎ᠡ ᠶᠢᠨ ᠳᠠᠮᠢᠷ ᠪᠠ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ᠂ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠴᠢᠳᠠᠪᠤᠷᠢᠲᠠᠨ ᠢ ᠠᠭᠤᠰᠤᠯᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠴᠢᠳᠠᠪᠤᠷᠢᠲᠠᠨ ᠢ ᠨᠡᠮᠡᠵᠦ ᠬᠠᠰᠤᠬᠤ ᠶᠢ ᠮᠠᠨ ᠤ ᠠᠶᠢᠮᠠᠭ ᠤᠨ ᠳᠤᠮᠳᠠ ᠣᠷᠳᠣ ᠬᠤᠭᠤᠴᠠᠭᠠᠨ ᠤ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠡᠶ᠎ᠡ ᠴᠢᠭᠢᠷᠠᠭᠵᠢᠭᠤᠯᠬᠤ ᠪᠠ ᠡᠮ ᠡᠮᠨᠡᠯᠭᠡ ᠶᠢ ᠤᠶᠠᠯᠳᠤᠭᠤᠯᠤᠭᠰᠠᠨ ᠪᠦᠬᠦ ᠳᠠᠯ᠎ᠠ ᠶᠢᠨ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠤᠨ᠎ᠠ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠡᠭᠦᠨ ᠤ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠶᠢ ᠡᠷᠡᠭᠦᠯ ᠮᠡᠨᠳᠦ ᠶᠢᠨ ᠵᠢᠯᠣᠭᠤᠳᠣᠯᠭ᠎ᠠ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠡᠮᠨᠡᠯᠭᠡ ᠶᠢᠨ ᠠᠵᠢᠯᠲᠠᠨ ᠳᠤ ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠲᠤᠰᠬᠠᠶ ᠪᠣᠯᠪᠠᠰᠤᠷᠠᠯ ᠬᠦᠷᠳᠡᠭᠡᠬᠦ ᠶᠢ ᠲᠦᠷᠭᠡᠳᠬᠡᠵᠦ᠂ ᠭᠡᠷ᠎ᠡ ᠲᠣᠭᠲᠠᠭᠰᠠᠨ ᠬᠡᠷ ᠪᠦᠯᠢ ᠶᠢᠨ ᠡᠮᠴᠢ ᠶᠢ ᠪᠠᠭᠲᠠᠭᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠢ ᠭᠤᠤᠯᠳᠠᠯᠭ᠎ᠠ ᠲᠠᠢ ᠪᠣᠯᠪᠠᠰᠤᠷᠠᠭᠤᠯᠵᠤ ᠪᠠᠶᠢᠭᠠᠳ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠪᠣᠯᠭᠠᠵᠤ᠂ ᠡᠮᠴᠢᠯᠡᠭᠡᠨ ᠤ ᠵᠣᠷ ᠭᠠᠷᠭᠠᠵᠤ ᠴᠢᠳᠠᠬᠤ ᠮᠥᠷᠲᠡᠭᠡᠨ ᠪᠠᠰᠠ ᠬᠥᠳᠡᠯᠭᠡᠭᠡᠨ ᠤ ᠵᠣᠷ ᠭᠠᠷᠭᠠᠵᠤ ᠴᠢᠳᠠᠬᠤ ᠪᠣᠯᠭᠠᠨ᠎ᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠵᠡᠷᠭᠡ ᠶᠢ ᠵᠣᠷᠢᠭᠵᠢᠭᠤᠯᠵᠤ ᠪᠠᠶᠢᠭᠠᠳ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠭᠠᠵᠠᠷ ᠢ ᠪᠠᠶᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢ ᠵᠢᠯᠣᠭᠤᠳᠬᠤ ᠠᠵᠢᠯ ᠢ ᠨᠡᠶᠢᠭᠡᠮ ᠤᠨ ᠨᠡᠶᠢᠲᠡ ᠳᠤ ᠠᠰᠢᠭ ᠬᠦᠷᠳᠡᠭᠡᠬᠦ ᠰᠠᠶᠢᠨ ᠳᠤᠷᠠᠴᠤᠳ᠂ ᠳᠠᠷᠬᠠᠯᠠᠭᠳᠠᠭᠰᠠᠨ ᠲᠠᠮᠢᠷᠴᠢᠨ᠂ ᠪᠡᠶ᠎ᠡ ᠴᠢᠭᠢᠷᠠᠭᠵᠢᠭᠤᠯᠬᠤ ᠠᠪᠣᠷᠭᠤ ᠶᠢ ᠪᠣᠯᠪᠠᠰᠤᠷᠠᠭᠤᠯᠬᠤ ᠶᠢᠨ ᠬᠠᠮᠲᠤ ᠤᠷᠢᠨ ᠬᠡᠷᠡᠭᠯᠡᠵᠦ ᠣᠯᠠᠨ ᠳᠦᠮᠡᠨ ᠤ ᠪᠡᠶ᠎ᠡ ᠴᠢᠬᠢᠷᠠᠭᠵᠢᠭᠤᠯᠬᠤ ᠪᠠ ᠡᠷᠡᠭᠦᠯ ᠮᠡᠨᠳᠦ ᠶᠢᠨ ᠠᠵᠢᠯ ᠢ ᠵᠢᠯᠣᠭᠤᠳᠣᠭᠤᠯᠣᠨ᠎ᠠ᠃       ︵ᠳᠣᠯᠤᠭ᠎ᠠ︶ ᠪᠡᠶ᠎ᠡ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠵᠤ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ ᠠᠯᠠᠱᠠ ᠶᠢᠨ ᠭᠠᠵᠠᠷ ᠵᠦᠶ ᠶᠢᠨ ᠣᠷᠣᠨ ᠪᠠᠶᠢᠷᠢ ᠶᠢᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠢ ᠪᠡᠶ᠎ᠡ ᠶᠢᠨ ᠲᠠᠮᠢᠷ ᠤᠨ ᠠᠵᠤ ᠦᠢᠯᠡᠰ ᠯᠦᠭᠡ ᠣᠷᠭᠠᠨᠢᠭ ᠢᠶᠠᠷ ᠡᠮᠬᠢᠯᠡᠨ ᠨᠡᠶᠢᠯᠡᠭᠦᠯᠵᠦ᠂ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢ ᠠᠵᠤ ᠦᠢᠯᠡᠰ ᠤᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠪᠠᠶᠢᠷᠢᠰᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠨᠠᠷᠠᠲᠤ ᠲᠥᠷᠥᠯ ᠲᠡᠮᠳᠡᠭᠲᠦ ᠶᠢᠨ ᠳᠡᠯᠭᠡᠷᠡᠭᠦᠯᠦᠯᠲᠡ ᠵᠡᠷᠭᠡ ᠶᠠᠪᠤᠴᠠ ᠳᠤ ᠠᠭᠤᠰᠤᠯᠴᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠠᠯᠠᠱᠠ ᠶᠢᠨ ᠢᠯᠡ ᠲᠣᠳᠣ ᠣᠨᠴᠠᠯᠢᠭ ᠲᠠᠢ ᠡᠷᠡᠭᠦᠯ ᠮᠡᠨᠳᠦ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠣᠩᠭᠤᠯ ᠡᠮ ᠡᠮᠨᠡᠯᠭᠡ ᠶᠢᠨ ᠪᠡᠶ᠎ᠡ ᠴᠢᠭᠢᠷᠠᠭᠵᠢᠭᠤᠯᠬᠤ᠂ ᠡᠷᠡᠭᠦᠯ ᠮᠡᠨᠳᠦ ᠶᠢ ᠪᠠᠳᠣᠯᠠᠬᠤ ᠠᠷᠭ᠎ᠠ ᠶᠢ ᠢᠯᠡᠷᠡᠭᠦᠯᠦᠨ ᠵᠦᠶ ᠵᠣᠬᠢᠰᠲᠠᠶ ᠠᠰᠢᠭᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠂ ᠪᠡᠶ᠎ᠡ ᠶᠢᠨ ᠲᠠᠮᠢᠷ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠡᠷᠡᠭᠦᠯᠵᠢᠯ᠂ ᠪᠡᠶ᠎ᠡ ᠶᠢᠨ ᠲᠠᠮᠢᠷ ᠤᠨ ᠬᠤᠷᠠᠯ ᠦᠵᠡᠰᠬᠦᠯᠡᠩ᠂ ᠪᠡᠶ᠎ᠡ ᠶᠢᠨ ᠲᠠᠮᠢᠷ ᠤᠨ ᠵᠠᠭᠤᠴᠢᠯᠠᠭᠤᠷ᠂ ᠪᠡᠶ᠎ᠡ ᠶᠢᠨ ᠲᠠᠮᠢᠷ ᠤᠨ ᠦᠢᠯᠡᠳᠬᠦᠨ ᠤ ᠰᠣᠶᠣᠯ ᠤᠨ ᠪᠦᠲᠦᠭᠡᠯᠴᠢ ᠲᠥᠰᠦᠪᠯᠡᠯ ᠬᠢᠭᠡᠳ ᠰᠤᠳᠤᠯᠤᠨ ᠨᠡᠭᠡᠭᠡᠬᠦ ᠵᠡᠷᠭᠡ ᠬᠠᠮᠢᠶ᠎ᠠ ᠪᠥᠬᠦᠶ ᠨᠢᠬᠡ ᠪᠦᠯᠦᠭ ᠠᠵᠤ ᠦᠢᠯᠡᠰ ᠢ ᠣᠷᠣᠭᠤᠯᠤᠨ ᠠᠪᠴᠢᠷᠠᠵᠤ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠂ ᠮᠣᠩᠭᠤᠯ ᠬᠢᠲᠠᠳ ᠡᠮᠨᠡᠯᠭᠡ ᠶᠢᠨ ᠡᠷᠡᠭᠦᠯᠵᠢᠯ᠂ ᠡᠷᠡᠭᠦᠯᠵᠢᠯ ᠰᠤᠪᠢᠯᠠᠯᠲᠠ ᠪᠠᠷ ᠣᠨᠴᠠᠯᠢᠭ ᠪᠣᠯᠭᠠᠭᠰᠠᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠶᠢᠨ ᠠᠵᠤ ᠦᠢᠯᠡᠰ ᠤᠨ ᠨᠢᠭᠡ ᠪᠦᠯᠦᠭ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠬᠢᠭᠡᠳ ᠡᠷᠡᠭᠦᠯ ᠮᠡᠨᠳᠦ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ         ︵ᠨᠡᠭᠡᠭᠡᠯᠳᠡ ᠶᠢᠨ ᠣᠷᠣᠨ︶᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠲᠤᠷᠠᠭᠰᠠᠨ ᠬᠤᠷᠠᠯ ᠤᠨ ᠲᠦᠷᠢᠮ ᠪᠠ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠠᠵᠢᠯ ᠤᠨ ᠰᠠᠯᠠᠭ᠎ᠠ ᠮᠥᠴᠢᠷ ᠠᠯᠤᠰᠯᠠᠨ ᠠᠭᠤᠰᠤᠯᠴᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠠᠷᠠᠳ ᠤᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠨᠢ ᠪᠥᠬᠦ ᠠᠷᠠᠳ ᠢᠶᠠᠷ  ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠭᠤᠯᠬᠤ ᠠᠵᠢᠯ ᠢ ᠣᠨ ᠤ ᠭᠤᠤᠯᠳᠠᠯᠭ᠎ᠠ ᠲᠠᠢ ᠠᠵᠢᠯ ᠳᠤ ᠣᠷᠣᠭᠤᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠡᠬᠢ ᠪᠠᠶᠠᠯᠢᠭ ᠢ ᠠᠭᠤᠰᠤᠯᠴᠠᠭᠤᠯᠬᠤ ᠪᠠ ᠬᠢᠨᠠᠯᠲᠠ ᠳᠡᠯᠪᠢᠨ ᠦᠨᠡᠯᠡᠨ ᠵᠢᠱᠢᠬᠦ ᠵᠡᠷᠭᠡ ᠠᠵᠢᠯ ᠢ ᠰᠠᠶᠢᠲᠤᠷ ᠬᠢᠨ᠎ᠠ᠃ ᠠᠶᠢᠮᠠᠭ᠂ ᠬᠤᠰᠢᠭᠤ ︵ᠨᠡᠭᠡᠭᠡᠯᠳᠡ ᠶᠢᠨ ᠣᠷᠣᠨ︶ ᠶᠢᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠠᠭᠤᠰᠤᠯᠴᠠᠨ ᠬᠥᠭᠵᠢᠬᠦ ᠶᠢ ᠴᠢᠬᠤᠯᠠ ᠠᠵᠢᠯ ᠤᠨ ᠠᠭᠤᠯᠭ᠎ᠠ ᠪᠣᠯᠭᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠳ ᠠᠭᠤᠰᠤᠯᠴᠠᠭᠤᠯᠬᠤ ᠠᠵᠢᠯ ᠤᠨ ᠳᠤᠮᠳᠠ ᠭᠤᠤᠯ ᠴᠣᠭᠴᠠ ᠪᠠ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠤᠬᠠᠭᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠶ᠃      ︵ᠬᠤᠶᠠᠷ︶ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠬᠦᠯᠦᠨ᠎ᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠠᠷᠠᠳ ᠤᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠤᠨ ᠬᠠᠮᠢᠶ᠎ᠠ ᠪᠦᠬᠦᠢ ᠵᠠᠷᠤᠳᠠᠯ ᠢ ᠢᠳᠡᠪᠬᠢᠲᠡᠢ ᠨᠠᠶᠢᠳᠠᠪᠣᠷᠢᠵᠢᠭᠤᠯᠵᠦ᠂ ᠲᠤᠰᠬᠠᠢ ᠲᠥᠷᠥᠯ ᠤᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠭᠤᠶᠤᠴᠢᠯᠠᠵᠤ᠂ ᠪᠡᠯᠡ ᠮᠥᠩᠭᠦ ᠴᠤᠭᠯᠠᠭᠤᠯᠬᠤ ᠣᠯᠠᠨ ᠡᠰᠢᠳᠦ ᠲᠣᠭᠲᠠᠴᠠ ᠶᠢ ᠪᠠᠶᠢᠭᠤᠯᠤᠨ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢ  ᠬᠦᠳᠦᠯᠦᠨ ᠵᠢᠯᠣᠭᠤᠳᠬᠤ ᠲᠥᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠡᠳ᠋ ᠤᠨ ᠵᠠᠰᠠᠭ ᠭᠠᠶᠢᠯᠢ ᠵᠡᠷᠭᠡ ᠡᠯ᠎ᠡ ᠲᠥᠷᠥᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠳ᠋ ᠤᠨ ᠵᠠᠰᠠᠭ ᠤᠨ ᠪᠠᠯᠠ ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠤ ᠪᠠᠯᠠ ᠣᠷᠣᠭᠤᠯᠤᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠳᠦᠭᠦᠭᠡᠷᠦᠮᠵᠢ ᠶᠢ ᠪᠠᠶᠢᠭᠤᠯᠬᠤ ᠶᠢ ᠢᠳᠡᠪᠬᠢᠲᠡᠶ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠡᠷᠡᠭᠯᠡᠭᠡ ᠶᠢ ᠳᠡᠮᠵᠢᠵᠦ᠂ ᠭᠦᠨᠵᠡᠭᠡᠶ ᠠᠭᠤᠰᠤᠯᠴᠠᠭᠰᠠᠨ ᠬᠠᠮᠢᠶ᠎ᠠ ᠪᠥᠬᠦᠶ ᠴᠢᠬᠤᠯᠠ ᠶᠡᠭᠡ ᠲᠥᠷᠥᠯ ᠵᠦᠢᠯ ᠳᠤ ᠣᠷᠣᠯᠴᠠᠭᠤᠯᠤᠨ᠎ᠠ᠃      ︵ᠭᠤᠷᠪᠠ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶᠂ ᠡᠯ᠎ᠡ ᠰᠠᠯᠠᠭ᠎ᠠ ᠮᠥᠴᠢᠷ ᠨᠢ ᠬᠢᠨᠠᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠦᠨ ᠠᠭᠤᠰᠤᠯᠴᠠᠬᠤ ᠶᠠᠪᠤᠴᠠ ᠳᠠᠬᠢ ᠡᠯ᠎ᠡ ᠵᠦᠢᠯ ᠤᠨ ᠡᠭᠦᠷᠭᠡ ᠶᠢ ᠠᠬᠢᠭᠤᠯᠤᠭᠰᠠᠨ ᠪᠠᠶᠢᠳᠠᠯ ᠢ ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠲᠤᠰᠬᠠᠵᠤ᠂ ᠲᠣᠰ ᠲᠣᠰ 2025 ᠤᠨ ᠪᠠ 2030 ᠣᠨ ᠳᠤ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠭᠤᠷᠪᠠᠳᠠᠬᠢ ᠡᠲᠡᠭᠡᠳ ᠠᠴᠠ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠨ᠎ᠠ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠬᠡᠷᠡᠭᠵᠢᠭᠦᠯᠬᠦ ᠶᠠᠪᠤᠴᠠ ᠳᠠᠬᠢ ᠪᠦᠲᠦᠮᠵᠢᠲᠡᠶ ᠠᠷᠭ᠎ᠠ ᠪᠠ ᠲᠡᠷᠢᠭᠦᠨ ᠤ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠵᠦ᠂ ᠢᠳᠡᠪᠬᠢᠲᠡᠶ ᠳᠡᠯᠭᠡᠷᠡᠭᠦᠯᠬᠦ ᠬᠡᠷᠡᠭᠲᠡᠶ᠃      ︵ᠳᠦᠷᠪᠡ︶ ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠤᠨ᠎ᠠ᠃ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ            ︽ᠬᠡᠷᠡᠭᠵᠢᠭᠦᠯᠬᠦ ᠲᠥᠰᠦᠯ︾ ᠤᠨ ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠪᠣᠳᠠᠲᠠᠶ ᠠᠵᠢᠯ ᠤᠨ ᠲᠥᠰᠦᠯ ᠢ ᠲᠣᠭᠲᠠᠭᠠᠵᠤ᠂ ᠬᠠᠷᠠᠯᠲᠠᠲᠤ ᠡᠭᠦᠷᠭᠡ ᠶᠢ ᠵᠠᠳᠠᠯᠤᠨ ᠨᠠᠷᠢᠯᠢᠬᠵᠢᠭᠤᠯᠵᠤ᠂ ᠬᠠᠷᠢᠭᠤᠴᠠᠯᠭᠠᠳᠣ ᠰᠠᠯᠠᠭ᠎ᠠ ᠮᠥᠴᠢᠷ ᠪᠣᠯᠤᠨ ᠠᠵᠢᠯᠲᠠᠨ ᠢ ᠨᠠᠶᠢᠳᠠᠪᠤᠷᠢᠵᠢᠭᠤᠯᠤᠨ᠂ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠶᠡᠷᠦᠩᠬᠡᠶᠢᠯᠡᠭᠰᠡᠨ ᠬᠢᠨᠠᠨ ᠰᠢᠯᠭᠠᠯᠳᠠ ᠳᠤ ᠣᠷᠣᠭᠤᠯᠤᠨ᠂ ᠠᠶᠢᠮᠠᠭ ᠤᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠡᠯ᠎ᠡ ᠵᠦᠢᠯ ᠤᠨ ᠠᠵᠢᠯ ᠯᠤᠭ᠎ᠠ ᠬᠠᠷᠢᠯᠴᠠᠨ ᠵᠣᠯᠭᠠᠯᠳᠤᠭᠤᠯᠬᠤ᠂ ᠬᠠᠮᠲᠤ ᠳᠤᠨᠢ ᠪᠠᠶᠢᠷᠢᠯᠠᠭᠤᠯᠬᠤ᠂ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ 2030 ᠣᠨ ᠪᠣᠯᠬᠤ ᠳᠤ᠂ ᠲᠤᠷᠰᠢᠯᠭ᠎ᠠ ᠪᠠ ᠦᠷ᠎ᠡ ᠪᠦᠲᠦᠮᠵᠢ ᠣᠯᠤᠨ᠎ᠠ᠃      ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠯᠠᠨ ᠲᠦᠮᠡᠨ ᠤ ᠪᠡᠶ᠎ᠡ ᠶᠢᠨ ᠲᠠᠮᠢᠷ ᠢ ᠠᠮᠢᠳᠣᠷᠠᠯ ᠳᠤ ᠠᠭᠤᠰᠣᠭᠤᠯᠬᠤ ᠶᠢ ᠠᠬᠢᠭᠤᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠂ ᠪᠦᠬᠦ ᠠᠷᠠᠳ ᠢᠶᠠᠷ  ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠤᠷᠰᠢᠯᠴᠠᠭ᠎ᠠ ᠶᠢ ᠴᠢᠩᠭᠠᠷᠠᠭᠤᠯᠵᠦ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠶᠢᠨ ᠳᠣᠰᠠᠳᠠ᠂ ᠠᠶᠢᠮᠠᠭ ᠤᠨ ᠵᠠᠬᠢᠷᠭ᠎ᠠ ᠠᠴᠠ ᠬᠤᠪᠢᠳᠠᠨ ᠠᠪᠴᠦ ᠬᠠᠮᠢᠶᠠᠷᠴᠤ ᠪᠦᠬᠦᠢ  ᠲᠡᠳ᠋ ᠨᠠᠷᠢᠨ ᠪᠢᠴᠢᠭ ᠤᠨ ᠳᠠᠷᠤᠭ᠎ᠠ ᠪᠣᠯᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠪᠠᠷ ᠬᠤᠷᠠᠯᠳᠣᠭᠤᠯᠣᠭᠴᠢ ᠪᠣᠯᠭᠠᠨ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ᠂ ᠦᠨᠳᠦᠰᠦᠲᠡᠨ ᠤ ᠵᠥᠪᠯᠡᠯ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠪᠠ ᠨᠡᠶᠢᠭᠡᠮ ᠤᠨ ᠪᠠᠳᠣᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ᠂  ᠰᠣᠶᠣᠯ ᠵᠢᠭᠤᠯᠴᠢᠯᠠᠯ ᠷᠠᠳᠢᠣ᠋ ᠲᠧᠯᠸᠢᠰ᠂ ᠡᠷᠡᠭᠦᠯ ᠬᠠᠮᠠᠭᠠᠯᠠᠯ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠨ ᠬᠤᠪᠢᠳᠠᠨ ᠠᠪᠴᠦ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠬᠡᠰᠢᠬᠦᠨ ᠪᠣᠯᠭᠠᠭᠰᠠᠨ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠣᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠤᠯᠭ᠎ᠠ ᠳᠣᠣᠷ᠎ᠠ᠂ ᠪᠦᠬᠦ ᠠᠶᠢᠮᠠᠭ ᠤᠨ ᠪᠦᠬᠦ ᠠᠷᠠᠳ ᠢᠶᠠᠷ  ᠢᠶᠠᠨ ᠪᠡᠶ᠎ᠡ ᠴᠢᠭᠢᠷᠠᠭᠵᠢᠭᠤᠯᠬᠤ ᠬᠢᠭᠡᠳ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ᠎ᠠ᠃ ᠠᠭᠤᠰᠤᠯᠴᠠᠭᠤᠯᠬᠤ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠰᠠᠨᠠᠭᠤᠯᠭ᠎ᠠ ᠳᠤᠷᠠᠳᠤᠨ᠎ᠠ︔ ᠰᠠᠯᠠᠭ᠎ᠠ ᠮᠥᠴᠢᠷ ᠤᠨ ᠬᠤᠭᠤᠷᠣᠨᠳᠣᠬᠢ ᠰᠠᠨᠠᠯ ᠪᠣᠳᠣᠯ ᠤᠨ ᠣᠯᠣᠯᠴᠠᠭ᠎ᠠ ᠪᠠ ᠬᠠᠮᠵᠢᠯᠴᠠᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡ ᠶᠢᠨ ᠬᠤᠪᠢᠶᠠᠷᠢᠯᠠᠯ ᠢ ᠨᠠᠷᠢᠯᠢᠭᠵᠢᠭᠤᠯᠤᠨ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠪᠠ ᠠᠵᠢᠯ ᠤᠨ ᠵᠣᠯᠭᠠᠭᠤᠯᠤᠯᠲᠠ ᠶᠢ ᠴᠢᠩᠭᠠᠳᠬᠠᠵᠤ᠂ ᠠᠭᠤᠰᠤᠯᠴᠠᠭᠤᠯᠬᠤ ᠠᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ︔  ᠠᠭᠤᠰᠣᠯᠴᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠵᠤ᠂ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠵᠠᠷᠯᠠᠨ ᠮᠡᠳᠡᠭᠳᠡᠨ᠎ᠡ︔ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠲᠤᠰᠢᠶᠠᠭᠰᠠᠨ ᠪᠤᠰᠤᠳ ᠶᠠᠪᠤᠳᠠᠯ ᠢ ᠪᠡᠶᠡᠯᠡᠭᠦᠯᠦᠨ᠎ᠡ᠃      ᠵᠢᠷᠭᠤᠭ᠎ᠠ᠂ ᠬᠤᠯᠪᠣᠭᠳᠠᠬᠤ ᠬᠡᠪᠴᠢᠶ᠎ᠡ     ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ᠂ ᠲᠩᠷᠢ ᠠᠵᠦ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠤᠯᠠᠭᠠᠨᠪᠤᠬ᠎ᠠ ᠠᠮᠢ ᠠᠬᠤᠢ ᠡᠯᠡᠰᠦᠨ ᠤ ᠠᠵᠦ ᠦᠢᠯᠡᠰ ᠤᠨ  ᠵᠢᠱᠢᠶ᠎ᠡ ᠦᠵᠡᠭᠦᠯᠬᠦ ᠣᠷᠣᠨ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号