ᠰᠢ ᠶᠢᠨ ᠫᠢᠩ ᠳᠤᠮᠳᠠᠳᠤ ᠯᠠᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠳᠤ ᠵᠣᠷᠢᠭᠤᠯᠣᠨ ᠯᠠᠤᠰ ᠤᠨ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2021/4/29
      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 25 ᠤ ᠴᠠᠬᠢᠯᠭᠠᠨ ᠮᠡᠳᠡᠭᠡ 4 ᠰᠠᠷ᠎ᠠ ᠶᠢᠨ 25 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠳᠤᠮᠳᠠᠳᠤ ᠯᠠᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢᠨ ᠲᠤᠬᠠᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃       ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠯᠠᠤᠰ ᠪᠣᠯ ᠨᠡᠶᠢᠭᠡᠮ ᠵᠢᠷᠤᠮ ᠤᠨ ᠨᠥᠬᠦᠷᠰᠡᠭ ᠬᠥᠷᠰᠢ ᠤᠯᠤᠰ ᠪᠠ ᠡᠪᠳᠡᠷᠡᠰᠢ ᠦᠭᠡᠢ ᠪᠠᠲᠤ ᠪᠠᠬᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠣᠢ ᠳᠤ ᠵᠣᠷᠢᠭᠤᠯᠣᠨ ᠳᠤᠮᠳᠠᠳᠤ ᠯᠠᠤᠰ ᠢᠮᠠᠭᠲᠠ ᠰᠡᠳᠬᠢᠯ ᠰᠡᠳᠬᠢᠯ ᠢᠶᠠᠨ ᠮᠡᠳᠡᠯᠴᠡᠵᠦ᠂ ᠴᠢᠩ ᠦᠨᠡᠨᠴᠢ ᠪᠠᠷ ᠶᠠᠪᠤᠯᠴᠠᠨ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠤᠨ ᠦᠢᠯᠡᠳᠦᠯᠭᠡᠵᠢᠭᠦᠯᠬᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠨ᠂ ᠤᠯᠤᠰ ᠤᠨ ᠬᠤᠭᠤᠷᠣᠨᠳᠣᠬᠢ ᠶᠠᠪᠤᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠳᠤᠮᠳᠠᠳᠤ ᠯᠠᠤᠰ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠭᠠᠷ ᠬᠤᠯᠪᠣᠨ ᠬᠢᠵᠢᠭ ᠲᠠᠢ ᠲᠡᠮᠡᠴᠡᠵᠦ᠂ ᠵᠣᠪᠠᠭᠤᠷᠢ ᠵᠦᠳᠡᠭᠦᠷᠢ ᠪᠠᠨ ᠬᠠᠮᠲᠤᠳᠬᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠠᠢ ᠭᠡᠪᠡ᠃       ᠰᠢ ᠶᠢᠨ ᠫᠢᠩ᠂ ᠪᠢ ᠳᠤᠮᠳᠠᠳᠤ ᠯᠠᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠠ ᠦᠵᠡᠳᠡᠭ᠂ ᠳᠤᠷᠠᠲᠠᠶ᠎ᠠ ᠶᠡᠷᠦᠩᠬᠡᠢ ᠱᠦᠵᠢ ᠨᠥᠬᠦᠷ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠤᠨ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠲᠠᠷᠠᠭᠠᠴᠢ ᠶᠢᠨ 60 ᠵᠢᠯ ᠳᠤ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠢ ᠡᠭᠦᠷᠢᠳᠡ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠨᠥᠬᠦᠷ᠂ ᠰᠠᠶᠢᠨ ᠬᠠᠨᠢᠲᠠᠨ ᠪᠣᠯᠭᠠᠨ᠎ᠠ ᠭᠡᠵᠦ ᠴᠢᠬᠤᠯᠠᠴᠢᠯᠠᠪᠠ᠃       ᠲᠦᠩᠯᠦ᠋ᠨ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠳᠤᠮᠳᠠ ᠠᠭᠤᠤ ᠶᠡᠭᠡ ᠠᠮᠵᠢᠯᠲᠠ ᠣᠯᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠯᠠᠤᠰ ᠤᠨ ᠬᠢᠵᠢᠭ ᠲᠠᠢ ᠲᠡᠮᠡᠴᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠳᠤᠮᠳᠠᠳᠤ ᠶᠢᠨ ᠲᠠᠯ᠎ᠠ ᠶᠢᠨ ᠬᠢᠨ ᠤ ᠬᠠᠩᠭᠠᠭᠰᠠᠨ ᠡᠷᠬᠢᠮ ᠨᠠᠨᠳᠢᠨ ᠲᠤᠰᠠᠯᠠᠮᠵᠢ ᠪᠣᠯᠤᠨ ᠬᠦᠴᠦᠲᠡᠢ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠯᠠᠤᠰ ᠳᠤᠮᠳᠠᠳᠤ ᠶᠢᠨ ᠬᠠᠷᠢᠯᠴᠠᠭ᠎ᠠ ᠶᠠᠭ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠯᠠᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠨᠥᠬᠦᠷᠰᠡᠭ ᠶᠠᠪᠤᠯᠴᠠᠭ᠎ᠠ ᠪᠠᠨ ᠥᠷᠭᠡᠳᠬᠡᠨ᠂ ᠯᠠᠤᠰ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号