ᠤᠢ ᠰᠢᠭᠤᠢ ᠨᠤᠲᠤᠭ ᠪᠠᠯᠴᠢᠭᠡᠷ ᠤᠨ ᠭᠠᠯ ᠢ ᠰᠡᠷᠭᠡᠶᠢᠯᠠᠬᠦ ᠳᠣᠬᠠᠢ ᠠᠯᠠᠱᠨ ᠠᠶᠢᠮᠠᠭ ᠤᠨ ᠵᠠᠬᠢᠷᠭ᠎ᠠ ᠶᠢᠨ ᠵᠠᠷᠯᠢᠭ
ᠨᠡᠶᠢᠲᠡᠯᠡᠭᠰᠡᠨ ᠴᠠᠭ᠄
2021/4/7
      ᠨᠢᠲᠤᠨ ᠡᠮᠤᠨ᠎ᠠ᠂ ᠪᠦᠬᠦ ᠠᠶᠢᠮᠠᠭ ᠨᠢᠭᠡᠨᠳᠡ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠠᠯᠴᠢᠭᠡᠷ  ᠤᠨ ᠭᠠᠯ ᠤᠨ ᠠᠶᠤᠯ ᠤᠨ ᠲᠦᠭᠰᠢᠬᠦᠷᠢᠲᠡᠢ ᠬᠤᠭᠤᠴᠠᠭᠠᠨ ᠳᠤ ᠤᠷᠤᠵᠦ᠂ ᠠᠯᠠᠱᠨ ᠠᠭᠤᠯᠨ᠂ ᠡᠵᠠᠨ᠎ᠠ ᠶᠢᠨ ᠬᠤᠶᠠᠷ ᠶᠡᠭᠡ ᠤᠢ ᠶᠢᠨ ᠤᠷᠤᠨ ᠤ ᠭᠠᠯ ᠢ ᠰᠡᠷᠭᠡᠶᠢᠯᠠᠬᠦ ᠠᠵᠢᠯ ᠤᠨ ᠪᠠᠶᠢᠳᠠᠯ ᠬᠦᠨᠲᠤ ᠨᠤᠴᠢᠲᠡᠢ ᠪᠠᠶᠢᠨ᠎ᠠ᠃ ᠪᠦᠬᠦ ᠠᠶᠢᠮᠠᠭ ᠤᠨ ᠤᠢ ᠰᠢᠭᠤᠢ ᠨᠤᠲᠤᠭ ᠪᠠᠯᠴᠢᠭᠡᠷ ᠤᠨ ᠭᠠᠯ ᠢ ᠰᠡᠷᠭᠡᠶᠢᠯᠠᠬᠦ ᠠᠵᠢᠯ ᠢ ᠦᠨ᠋ᠨᠨᠬᠦ ᠰᠠᠶᠢᠲᠤᠷ ᠠᠳᠬᠤᠬᠤ  ᠶᠢᠨ ᠲᠤᠰᠠᠳᠠ᠂ ︽ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂      ︽ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠨᠤᠲᠤᠭ ᠪᠠᠯᠴᠢᠭᠡᠷ ᠤᠨ ᠬᠠᠤᠯᠢ︾᠂ ︽ᠤᠢ ᠰᠢᠭᠤᠢ  ᠶᠢᠨ ᠭᠠᠯ ᠢ ᠰᠡᠷᠭᠡᠶᠢᠯᠠᠬᠦ ᠳᠣᠬᠠᠢ ᠲᠤᠭᠳᠠᠭᠠᠯ︾᠂ ︽ᠨᠤᠲᠤᠭ ᠪᠠᠯᠴᠢᠭᠡᠷ ᠤᠨ ᠭᠠᠯ ᠢ ᠰᠡᠷᠭᠡᠶᠢᠯᠠᠬᠦ ᠳᠣᠬᠠᠢ ᠲᠤᠭᠳᠠᠭᠠᠯ︾ ᠵᠡᠷᠭᠡ ᠬᠠᠮᠢᠶ᠎ᠠ ᠪᠦᠬᠦᠢ ᠲᠤᠭᠳᠠᠭᠠᠯ ᠢ ᠦᠨᠲᠤᠰᠦᠯᠠᠵᠦ᠂ ᠠᠶᠢᠮᠠᠭ ᠤᠨ ᠵᠠᠬᠢᠷᠭ᠎ᠠ ᠠᠴᠠ ᠪᠦᠬᠦ ᠠᠶᠢᠮᠠᠭ ᠤᠨ ᠭᠤᠤᠯᠳᠠᠯᠭ᠎ᠠ ᠲᠠᠢ ᠤᠢ ᠶᠢᠨ ᠤᠷᠤᠨ᠂ ᠨᠢᠰᠭᠡᠯ ᠢᠶᠠᠷ ᠣᠶᠢᠵᠢᠭᠤᠯᠬᠤ ᠤᠷᠤᠨ᠂ ᠭᠠᠯ ᠤᠨ ᠠᠳᠡᠯ ᠠᠮᠠᠷᠬᠠᠨ ᠡᠬᠦᠰᠬᠦ ᠣᠷᠣᠨ ᠪᠠ ᠤᠢ ᠰᠢᠭᠤᠢ ᠨᠤᠲᠤᠭ ᠪᠠᠯᠴᠢᠭᠡᠷ ᠤᠨ ᠭᠠᠯ ᠤᠨ ᠠᠶᠤᠯ ᠠᠷᠪᠢᠨ ᠡᠬᠦᠰᠬᠦ ᠤᠷᠤᠨ  ᠳᠤ ᠤᠢ ᠰᠢᠭᠤᠢ ᠨᠤᠲᠤᠭ ᠪᠠᠯᠴᠢᠭᠡᠷ ᠤᠨ ᠭᠠᠯ ᠢ ᠴᠢᠩᠭ᠎ᠠ ᠰᠡᠷᠭᠡᠶᠢᠯᠠᠬᠦ ᠪᠠᠷ ᠳᠣᠭᠳᠠᠪᠠ᠂ ᠤᠲᠤ ᠬᠠᠮᠢᠶ᠎ᠠ ᠪᠦᠬᠦᠢ ᠵᠦᠢᠯᠡᠰ ᠤᠨ ᠳᠣᠬᠠᠢ ᠲᠤᠤᠷᠠᠬᠢ ᠵᠠᠷᠯᠢᠭ ᠢ ᠪᠠᠭᠤᠯᠭᠠᠶ᠎ᠠ᠄       ᠨᠢᠭᠡ ᠳᠤ᠂  ᠭᠠᠯ ᠤᠨ ᠠᠶᠤᠯ ᠢ ᠴᠢᠩᠭ᠎ᠠ ᠰᠡᠷᠭᠡᠶᠢᠯᠠᠬᠦ ᠬᠤᠭᠤᠴᠠᠭ᠎ᠠ  ᠄ 2021 ᠤᠨ ᠤ 3 ᠰᠠᠷ᠎ᠠ ᠶᠢᠨ 1 ᠤ ᠡᠲᠤᠷ ᠠᠴᠠ 2021 ᠤᠨ ᠤ 5 ᠰᠠᠷ᠎ᠠ ᠶᠢᠨ 1 ᠤ ᠡᠲᠤᠷ ᠬᠦᠷᠳᠡᠯ᠎ᠠ᠃       ᠬᠤᠶᠠᠷ ᠲᠤ᠂ ᠤᠢ ᠰᠢᠭᠤᠢ ᠨᠤᠲᠤᠭ ᠪᠠᠯᠴᠢᠭᠡᠷ ᠤᠨ ᠭᠠᠯ ᠢ ᠴᠢᠩᠭ᠎ᠠ ᠰᠡᠷᠭᠡᠶᠢᠯᠠᠬᠦ ᠬᠤᠭᠤᠴᠠᠭᠠᠨ ᠳᠤ᠂ ᠠᠯᠠᠱᠨ ᠠᠭᠤᠯᠨ᠂ ᠲᠤᠤᠷᠠᠢ ᠶᠢᠨ ᠤᠢ ᠵᠡᠷᠭᠡ ᠬᠤᠶᠠᠷ ᠶᠡᠭᠡ ᠤᠢ ᠶᠢᠨ ᠤᠷᠤᠨ ︵ᠲᠤᠤᠷ᠎ᠠ ᠤᠢ ᠶᠢᠨ ᠤᠷᠤᠨ ᠭᠡᠵᠦ ᠲᠦᠬᠦᠮᠴᠢᠯᠠᠨ᠎ᠠ︶ ᠳᠤ ᠭᠡᠭᠡᠷ᠎ᠠ ᠭᠠᠳᠠᠨᠠᠬᠢ ᠠᠯᠢᠪᠠ ᠬᠠᠤᠯᠢ ᠪᠤᠰᠤ ᠪᠠᠷ ᠭᠠᠯ ᠭᠡᠷᠡᠭᠯᠡᠬᠦ ᠶᠢ ᠡᠷᠡᠰ ᠴᠠᠭᠠᠵᠠᠯᠠᠵᠦ᠂ ᠤᠢ ᠰᠢᠭᠤᠢ ᠨᠤᠲᠤᠭ ᠪᠠᠯᠴᠢᠭᠡᠷ ᠤᠨ ᠭᠠᠯ ᠤᠨ ᠠᠶᠤᠯ ᠢ ᠡᠬᠦᠰᠬᠡᠵᠦ ᠮᠡᠳᠡᠬᠦ ᠮᠠᠰᠢᠨ ᠪᠠ ᠰᠠᠭᠤᠭᠠᠯᠢ ᠠᠷᠠᠳ ᠤᠨ ᠠᠮᠢᠲᠤᠷᠠᠯ᠂ ᠲᠡᠷᠢᠶᠠᠯᠠᠩ ᠦᠢᠯᠡᠳᠪᠤᠷᠢᠯᠠᠯ ᠳᠤ ᠭᠠᠯ ᠭᠡᠷᠡᠭᠯᠡᠬᠦ ᠶᠢ ᠡᠷᠭᠡᠪᠰᠢ ᠴᠢᠩᠭ᠎ᠠ ᠬᠠᠮᠢᠶᠠᠷᠬᠤ ᠭᠡᠷᠡᠭᠲᠡᠢ᠃ ᠬᠤᠶᠠᠷ ᠶᠡᠭᠡ ᠤᠢ ᠶᠢᠨ ᠤᠷᠤᠨ ᠳᠤ ᠤᠷᠤᠬᠤ ᠨᠢᠭᠡᠴᠡ ᠪᠠ ᠬᠤᠪᠢ ᠬᠦᠮᠦᠨ ᠡᠷᠭᠡᠪᠰᠢ ᠠᠶᠢᠮᠠᠭ᠂ ᠬᠤᠰᠢᠭᠤᠨ ᠤ ᠤᠢ ᠰᠢᠭᠤᠢ ᠨᠤᠲᠤᠭ ᠪᠠᠯᠴᠢᠭᠡᠷ ᠤᠨ ᠭᠠᠯ ᠢ ᠰᠡᠷᠭᠡᠶᠢᠯᠠᠬᠦ ᠳᠣᠬᠠᠢ ᠵᠢᠯᠤᠭᠤᠳᠬᠤ ᠭᠠᠵᠠᠷ ᠤᠨ ᠵᠦᠪᠰᠢᠶᠠᠷᠡᠯ ᠢ ᠤᠯᠤᠭᠰᠨᠨ ᠤ ᠲᠠᠷᠠᠭ᠎ᠠ ᠵᠣᠷᠴᠢᠬᠤ ᠶᠢ ᠵᠦᠪᠰᠢᠶᠡᠷᠡᠭᠰᠡᠨ ᠦᠨᠠᠮᠯᠠᠯ ᠢᠶᠠᠨ ᠠᠪᠬᠤ ᠶᠢᠨ ᠬᠠᠮᠲᠤ᠂ ︵ᠲᠡᠷᠭᠡᠨ ᠳᠤ ᠭᠠᠯ  ᠢ ᠰᠡᠷᠭᠡᠶᠢᠯᠠᠬᠦ ᠪᠦᠷᠭᠦᠪᠴᠢ ᠶᠢ ᠤᠭᠰᠠᠷᠠᠨ᠎ᠠ︶ ᠭᠠᠯ ᠢ ᠰᠡᠷᠭᠡᠶᠢᠯᠠᠬᠦ ᠳᠣᠬᠠᠢ ᠠᠮᠤᠷ ᠲᠦᠪᠰᠢᠨ ᠤ ᠬᠦᠮᠦᠵᠢᠯ ᠢ ᠬᠦᠷᠳᠡᠵᠦ᠂ ᠭᠠᠯ ᠢ ᠰᠡᠷᠭᠡᠶᠢᠯᠠᠬᠦ ᠭᠡᠷ᠎ᠠ ᠶᠢ ᠲᠤᠭᠳᠠᠵᠦ᠂ ᠦᠪᠠᠷ ᠤᠨ ᠤᠬᠠᠮᠰᠠᠷ ᠠᠴᠠ ᠪᠠᠨ ᠤᠢ ᠰᠢᠭᠤᠢ ᠶᠢᠨ ᠲᠤᠲᠤᠭᠠᠲᠤ ᠶᠢ ᠬᠠᠮᠠᠭᠠᠯᠠᠬᠤ᠂ ᠤᠢ ᠰᠢᠭᠤᠢ ᠶᠢᠨ ᠭᠠᠯ ᠤᠨᠲᠠᠷᠠᠭᠠᠬᠤ ᠶᠡᠭᠡ ᠠᠩᠬᠢ᠂ ᠤᠢ ᠰᠢᠭᠤᠢ ᠶᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡᠨ ᠤ ᠵᠢᠵᠢᠬᠦᠷᠯᠡᠭᠴᠢ ᠶᠢᠨ ᠪᠠᠶᠢᠴᠠᠭᠠᠯᠳᠠ᠂ ᠬᠢᠨᠠᠯᠳᠠ ᠶᠢ ᠬᠦᠯᠢᠶᠠᠬᠦ ᠭᠡᠷᠡᠭᠲᠡᠢ᠃        ᠭᠤᠷᠪᠠ   ᠳᠤ᠂ ᠤᠢ ᠰᠢᠭᠤᠢ ᠨᠤᠲᠤᠭ ᠪᠠᠯᠴᠢᠭᠡᠷ ᠤᠨ ᠭᠠᠯ ᠢ ᠴᠢᠩᠭ᠎ᠠ ᠰᠡᠷᠭᠡᠶᠢᠯᠠᠬᠦ ᠬᠤᠭᠤᠴᠠᠭᠠᠨ ᠳᠤ᠂ ᠤᠢ ᠶᠢᠨ ᠤᠷᠤᠨ ᠤ ᠵᠢᠭᠤᠯᠴᠢᠯᠠᠯ ᠤᠨ ᠴᠡᠭ ᠲᠤ ᠲᠦᠳᠡᠭ ᠭᠠᠯ ᠤᠨ ᠦᠳᠡᠰᠢᠯᠡᠭᠡ᠂ ᠭᠡᠭᠡᠷ᠎ᠠ ᠲᠤᠭᠤᠭᠠᠯᠠᠬᠤ ᠵᠡᠷᠭᠡ ᠠᠵᠢᠯᠯᠠᠭ᠎ᠠ ᠦᠷᠨᠢᠬᠦᠯᠬᠦ ᠶᠢ ᠡᠷᠡᠰ ᠴᠠᠭᠠᠵᠠᠯᠠᠵᠦ᠂ ᠬᠠᠩᠰᠢ ᠶᠢᠨ ᠡᠲᠤᠷ ᠠᠭᠤᠯᠠᠨ ᠳᠤ ᠭᠠᠷᠴᠤ ᠲᠠᠬᠢᠯᠭ᠎ᠠ ᠳᠠᠬᠢᠵᠦ ᠴᠠᠭᠠᠰᠤ ᠲᠦᠯᠡᠬᠦ᠂ ᠬᠦᠵᠢ ᠵᠤᠯᠨ ᠠᠰᠠᠭᠠᠬᠤ ᠶᠢ ᠡᠷᠡᠰ ᠴᠠᠭᠠᠵᠠᠯᠠᠨ᠎ᠠ᠃ ᠤᠢ ᠰᠢᠭᠤᠢ ᠶᠢᠨ ᠲᠤᠲᠤᠭᠠᠲᠤ ᠶᠢ ᠬᠠᠮᠠᠭᠠᠯᠠᠬᠤ᠂ ᠤᠢ ᠰᠢᠭᠤᠢ ᠶᠢᠨ ᠭᠠᠯ ᠤᠨᠲᠠᠷᠠᠭᠠᠬᠤ ᠶᠡᠭᠡ ᠠᠩᠬᠢ᠂ ᠤᠢ ᠰᠢᠭᠤᠢ ᠶᠢ ᠬᠠᠮᠠᠭᠠᠯᠠᠬᠤ ᠪᠠᠶᠢᠴᠠᠭᠠᠯᠳᠠ  ᠶᠢᠨ ᠦᠷᠳᠡᠭᠡ ᠶᠢᠨ ᠬᠢᠨ ︽ᠠᠭᠤᠯᠨ ᠶᠢ ᠴᠡᠪᠠᠷᠯᠠᠬᠦ᠂ ᠭᠤᠤ ᠵᠢᠯᠠᠭ᠎ᠠ ᠶᠢ ᠴᠡᠪᠠᠷᠯᠠᠬᠦ᠂ ᠤᠢ ᠰᠢᠭᠤᠢ ᠶᠢ ᠴᠡᠪᠠᠷᠯᠡᠬᠦ︾ ᠠᠵᠢᠯᠯᠠᠭ᠎ᠠ ᠶᠢ ᠦᠷᠬᠦᠯᠵᠢ ᠶᠢᠨ ᠴᠢᠨᠠᠷᠲᠠᠢ ᠦᠷᠨᠢᠬᠦᠯᠵᠦ᠂ ᠴᠠᠭᠳᠠᠨ ᠪᠠᠶᠢᠴᠠᠭᠠᠬᠤ ᠲᠤᠭ᠎ᠠ ᠨᠤᠷᠮ᠎ᠠ ᠪᠠᠨ ᠲᠡᠭᠡᠭᠰᠢᠯᠡᠬᠦᠯᠵᠦ᠂ ᠠᠯᠢᠪᠠ ᠭᠠᠯ ᠤᠨ ᠲᠦᠷᠦᠯ ᠤᠢ ᠶᠢᠨ ᠤᠷᠤᠨ ᠳᠤ ᠠᠪᠣᠯᠴᠠᠬᠤ ᠶᠢ ᠴᠢᠩᠭ᠎ᠠ ᠬᠤᠷᠢᠭᠯᠠᠨ᠂  ᠪᠣᠢ ᠪᠦᠬᠦᠢ ᠭᠠᠯ ᠤᠨ ᠠᠶᠤᠯ ᠤᠨ ᠲᠠᠯᠳᠠ ᠳᠦᠭᠰᠢᠭᠦᠷᠢ ᠶᠢ ᠠᠷᠢᠯᠭᠠᠠᠬᠤ ᠶᠢ ᠪᠠᠲᠤᠯᠠᠬᠤ ᠭᠡᠷᠡᠭᠲᠡᠢ᠃        ᠲᠦᠷᠪᠠ ᠳᠤ᠂ ᠭᠠᠯ ᠢ ᠴᠢᠩᠭ᠎ᠠ ᠰᠡᠷᠭᠡᠶᠢᠯᠠᠬᠦ ᠣᠷᠣᠨ ᠪᠦᠰᠡ ᠶᠢᠨ ᠲᠤᠲᠤᠷᠠᠬᠢ ᠡᠯ᠎ᠠ ᠦᠢᠯᠡᠳᠪᠤᠷᠢᠯᠠᠯ  ᠤᠨ ᠠᠵᠢᠯᠯᠠᠭᠠᠨ ᠤ ᠴᠡᠭ᠂ ᠵᠢᠭᠤᠯᠴᠢᠯᠠᠯ ᠢᠳᠡᠭᠡᠨ ᠤᠮᠳᠠᠭᠠᠨ ᠤ ᠴᠡᠭ ᠲᠤ ᠡᠷᠭᠡᠪᠰᠢ ᠤᠢ ᠰᠢᠭᠤᠢ ᠶᠢ ᠬᠠᠮᠠᠭᠠᠯᠠᠬᠤ ᠲᠤᠰᠬᠠᠢ ᠠᠵᠢᠯᠳᠠᠨ ᠪᠠ ᠭᠠᠯ ᠤᠨᠳᠠᠷᠠᠭᠠᠬᠤ ᠮᠠᠰᠢᠨ ᠪᠠᠭᠠᠵᠢ ᠭᠡᠷᠡᠭᠰᠡᠯ ᠢ ᠲᠤᠬᠢᠷᠠᠭᠤᠯᠤᠭᠰᠠᠨ ᠪᠠᠶᠢᠬᠤ ᠭᠡᠷᠡᠭᠲᠡᠢ᠃ ᠤᠢ ᠰᠢᠭᠤᠢ ᠨᠤᠲᠤᠭ ᠪᠠᠯᠴᠢᠭᠡᠷ ᠤᠨ ᠭᠠᠯ ᠢ ᠰᠡᠷᠭᠡᠶᠢᠯᠠᠬᠦ ᠳᠣᠬᠠᠢ ᠲᠤᠭᠳᠠᠭᠠᠯ ᠤᠨ ᠱᠠᠭᠠᠷᠳᠠᠯᠭ᠎ᠠ ᠳᠤ ᠦᠯᠦ ᠨᠡᠶᠢᠴᠡᠭᠰᠡᠨ ᠪᠠᠶᠢᠪᠠᠯ ᠪᠦᠬᠦᠨ ᠢ ᠴᠡᠭᠴᠡᠯᠠᠨ ᠦᠭᠡᠷᠡᠴᠢᠯᠠᠵᠦ᠂ ᠡᠯ᠎ᠠ ᠬᠤᠰᠢᠭᠤ ᠨᠡᠭᠡᠭᠡᠯᠳᠡ ᠶᠢᠨ ᠤᠷᠤᠨ ᠤ ᠭᠠᠯ ᠢ ᠰᠡᠷᠭᠡᠶᠢᠯᠠᠬᠦ ᠭᠠᠯ ᠢ ᠤᠨᠳᠠᠷᠠᠭᠠᠬᠤ ᠠᠵᠢᠯ ᠤᠨ ᠵᠢᠭᠠᠨ ᠵᠢᠯᠤᠭᠤᠳᠬᠤ ᠭᠠᠵᠠᠷ ᠤᠨ ᠬᠢᠨ ᠲᠤᠰ ᠭᠠᠵᠠᠷ ᠤᠷᠤᠨ ᠤ  ᠪᠠᠨ ᠪᠤᠳᠠᠲᠡᠢ ᠪᠠᠶᠢᠳᠠᠯ ᠢ ᠦᠨᠳᠦᠰᠦᠯᠡᠵᠦ ᠶᠤᠰᠤᠭᠠᠷ ᠲᠤᠬᠢᠷᠠᠮᠵᠢᠲᠡᠢ ᠠᠷᠭ᠎ᠠ ᠪᠠᠷᠢᠯ ᠲᠤᠭᠳᠠᠭᠠᠵᠦ ᠭᠡᠷᠡᠭᠵᠢᠬᠦᠯᠦᠯᠳᠡ  ᠶᠢ ᠪᠠᠲᠤᠯᠠᠨ᠎ᠠ᠃        ᠲᠠᠪᠤ ᠳᠤ᠂ ᠲᠡᠭᠡᠷ᠎ᠠ ᠲᠤᠷᠠᠲᠤᠭᠰᠠᠨ ᠴᠢᠩᠭ᠎ᠠ ᠰᠡᠷᠭᠡᠶᠢᠯᠠᠯᠳᠠ ᠶᠢᠨ ᠵᠠᠷᠯᠢᠭ ᠪᠠ ᠤᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠠᠬᠦ ᠳᠣᠬᠠᠢ ᠬᠠᠣᠯᠢ ᠳᠦᠷᠢᠮ ᠳᠦᠷᠢᠮ ᠲᠤᠭᠳᠠᠭᠠᠯ ᠢ ᠵᠦᠷᠢᠴᠠᠨ ᠤᠢ ᠰᠢᠭᠤᠢ ᠨᠣᠲᠤᠭ ᠪᠡᠯᠴᠢᠭᠡᠷ ᠤᠨ ᠭᠠᠯ ᠤᠨ ᠠᠶᠤᠯ ᠢ ᠡᠬᠦᠰᠭᠡᠵᠦ ᠶᠠᠯ᠎ᠠ ᠬᠢᠭᠰᠡᠨ ᠪᠣᠯ ᠬᠠᠤᠯᠢ ᠶᠤᠰᠤᠭᠠᠷ ᠡᠷᠡᠬᠦᠦ ᠶᠢᠨ ᠭᠡᠷᠡᠭ  ᠤᠨ ᠬᠠᠷᠢᠭᠤᠴᠠᠯᠭ᠎ᠠ ᠶᠢ ᠨᠡᠭᠡᠮᠵᠢᠯᠠᠨ᠎ᠠ᠃ ᠶᠠᠯ᠎ᠠ ᠪᠤᠯᠤᠭᠰᠠᠨ ᠦᠭᠡᠢ ᠪᠤᠯ ︽ᠤᠢ ᠰᠢᠭᠤᠢ ᠶᠢᠨ ᠭᠠᠯ ᠢ ᠰᠡᠷᠭᠡᠶᠢᠯᠠᠬᠦ ᠳᠣᠬᠠᠢ ᠲᠤᠭᠳᠠᠭᠠᠯ︾᠂ ︽ᠨᠤᠲᠤᠭ ᠪᠠᠯᠴᠢᠭᠡᠷ ᠤᠨ ᠭᠠᠯ ᠢ ᠰᠡᠷᠭᠡᠶᠢᠯᠠᠬᠦ ᠳᠣᠬᠠᠢ ᠲᠤᠭᠳᠠᠭᠠᠯ︾ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠤᠷᠭᠠᠨ ᠰᠢᠳᠭᠡᠨ᠎ᠠ᠃ ᠬᠢᠨᠠᠠ ᠬᠠᠮᠢᠶᠠᠷᠤᠯᠳᠠ ᠨᠢ ᠴᠢᠩᠭ᠎ᠠ ᠪᠤᠰᠤ᠂ ᠳᠣᠰᠢᠶᠠᠯ  ᠳᠠᠭᠠᠨ ᠣᠰᠣᠯᠳᠠᠵᠦ ᠬᠠᠷᠢᠭᠤᠴᠠᠯᠭ᠎ᠠ ᠪᠠᠨ ᠠᠯᠳᠠᠵᠦ᠂ ᠭᠠᠯ ᠤᠨᠳᠠᠷᠠᠭᠠᠬᠤ ᠳᠣᠬᠢᠶᠠᠯ ᠢ ᠰᠠᠭᠠᠳᠠᠭᠤᠯᠵᠦ᠂ ᠵᠢᠯᠤᠭᠤᠳᠤᠯᠭ᠎ᠠ ᠮᠡᠬᠦᠰ᠂ ᠲᠤᠰᠢᠶᠠᠯ ᠬᠠᠷᠢᠭᠤᠴᠠᠯᠭ᠎ᠠ ᠪᠠᠨ ᠬᠦᠨᠳᠦ ᠨᠤᠴᠢᠲᠠᠢ ᠠᠯᠳᠠᠭᠰᠠᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠠ ᠭᠠᠯ ᠤᠨᠳᠠᠷᠠᠭᠠᠬᠤ ᠵᠢᠯᠤᠭᠤᠲᠤᠭᠴᠢ ᠶᠢ ᠬᠠᠷᠢᠭᠤᠴᠠᠯᠭ᠎ᠠ ᠶᠢ ᠨᠢ ᠦᠨᠲᠤᠰᠦᠯᠠᠨ ᠰᠢᠢᠳᠪᠤᠷᠢᠯᠠᠵᠦ᠂ ᠬᠦᠨᠲᠤ ᠪᠠᠷ ᠰᠢᠳᠭᠡᠨ᠎ᠡ᠃        ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠰᠡᠷᠭᠡᠶᠢᠯᠡᠯᠲᠡ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠃ ᠦᠷᠭᠡᠨ ᠤᠯᠠᠨ ᠲᠦᠮᠡᠨ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠡᠵᠦ ᠮᠡᠳᠡᠪᠡᠯ᠂ ᠲᠡᠷᠡ ᠳᠠᠷᠤᠢ ᠳᠤᠨᠢ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠢᠯᠡᠴᠢᠯᠡᠨ ᠮᠡᠳᠡᠬᠦᠯᠬᠦ ᠤᠳᠠᠰᠦ 12119 ᠳᠤ ᠮᠡᠳᠡᠬᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠤᠶᠤ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ︵8332201︶ ᠲᠤ ᠮᠡᠳᠡᠬᠦᠯᠦᠭᠡᠷᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号