ᠠᠷᠪᠢᠯᠠᠨ ᠭᠠᠮᠨᠠᠬᠤ ᠳᠠᠳᠬᠠᠯ ᠢ ᠪᠤᠢ ᠪᠤᠯᠭᠠᠶ᠎ᠠ
ᠨᠡᠶᠢᠲᠡᠯᠡᠭᠰᠡᠨ ᠴᠠᠭ᠄
2021/4/9
     ᠬᠡᠦᠬᠡᠳ ᠢ ᠲᠦᠬᠦᠬᠡ ᠤᠷᠤᠬᠤ ᠶᠢᠨ ᠦᠶ᠎ᠡ ᠠᠴᠠ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠨᠠᠰᠤᠳᠠᠨ ᠪᠤᠭᠤᠷᠤᠯᠴᠤᠳ ᠮᠠᠨᠢ ᠵᠢᠭᠠᠵᠤ ᠰᠤᠷᠭᠠᠳᠠᠭ ᠪᠢᠯᠡ᠃ ᠨᠢᠯᠬ᠎ᠠ ᠪᠠᠯᠴᠢᠷ ᠬᠡᠦᠬᠡᠳ ᠬᠠᠯᠪᠠᠭ᠎ᠠ ᠰᠠᠪᠬ᠎ᠠ ᠶᠢ ᠰᠠᠶ᠋ᠢᠬᠠᠨ ᠠᠳᠬᠤᠵᠤ ᠰᠤᠷᠬᠤ ᠴᠠᠭ ᠠᠴᠠ ᠠᠶᠠᠭ᠎ᠠ ᠬᠤᠭᠤᠯᠠ ᠢᠳᠡᠬᠦ ᠳᠤ ᠠᠰᠬᠠᠵᠤ ᠬᠠᠶᠠᠬᠤ ᠦᠬᠡᠢ᠂ ᠴᠡᠪᠡᠷᠬᠡᠨ ᠢᠳᠡᠬᠦ ᠶᠢ ᠡᠪᠦᠭᠡ ᠡᠮᠡᠭᠡ ᠨᠠᠷ ᠮᠠᠨᠢ ᠬᠡᠦᠬᠡᠳ ᠤᠮᠪᠤᠯᠤ ᠳᠠᠭᠠᠨ ᠬᠡᠯᠡᠵᠦ ᠰᠠᠨᠠᠭᠤᠯᠵᠤ᠂ ︽ᠭᠠᠵᠠᠷ ᠠᠰᠬᠠᠭᠰᠠᠨ ᠮᠦᠬᠦᠯᠢᠭ ᠠᠮᠤ ᠳᠡᠭᠷᠢ ᠶᠢᠨ ᠨᠢᠳᠦᠨ ᠳᠤ ᠳᠡᠮᠡᠬᠡᠨ ᠴᠢᠨᠡᠭᠡ ᠦᠵᠡᠭᠳᠡᠳᠡᠭ ᠰᠢᠣ︾ ᠬᠡᠵᠦ ᠦᠷᠬᠦᠯᠵᠢ ᠶᠠᠷᠢᠳᠠᠭ ᠶᠤᠮ᠃ ᠠᠬᠠᠮᠠᠳ ᠨᠠᠰᠤᠳᠠᠨ ᠢ ᠬᠠᠷᠠᠬᠤ ᠳᠤ ᠶᠠᠭᠤᠮ᠎ᠠ ᠪᠦᠬᠦᠨ ᠳᠤ ᠠᠷᠪᠢᠴᠢ ᠭᠠᠮᠳᠠᠢ ᠪᠠᠶᠢᠵᠤ᠂ ᠡᠳᠦᠷ ᠳᠤᠳᠤᠮ ᠤᠨ ᠠᠮᠢᠳᠤᠷᠠᠯ ᠳᠠᠭᠠᠨ ᠤᠰᠤ ᠴᠠᠬᠢᠯᠭᠠᠨ ᠠᠴᠠ ᠡᠬᠢᠯᠡᠨ ᠠᠷᠪᠢᠯᠠᠨ᠂ ᠦᠯᠡᠳᠡᠬᠡᠭᠰᠡᠨ ᠬᠤᠭᠤᠯᠠ ᠪᠤᠳᠠᠭ᠎ᠠ ᠪᠠᠨ ᠴᠤ ᠳᠤᠷ᠎ᠠ ᠪᠠᠷ ᠬᠠᠶᠠᠵᠤ ᠲᠦᠪᠳᠡᠬᠦ ᠦᠬᠡᠢ ᠪᠠᠶᠢᠳᠠᠭ᠃ ᠤᠳᠤᠬᠢ ᠬᠡᠦᠬᠡᠳ ᠪᠠᠭᠠᠴᠤᠳ  ᠡᠶᠢᠮᠦᠷᠬᠦ ᠪᠠᠶᠢᠳᠠᠯ ᠢ ᠬᠠᠷᠠᠪᠠᠯ ᠬᠡᠳᠦᠷᠬᠡᠢ ᠠᠷᠪᠢᠴᠢ᠂ ᠬᠡᠳᠦᠷᠬᠡᠢ ᠬᠠᠷᠠᠮᠴᠢ ᠬᠡᠵᠦ ᠪᠤᠳᠤᠳᠠᠭ ᠴᠤ ᠮᠠᠭᠠᠳ᠃ ᠬᠡᠪᠡᠴᠦ᠂ ᠡᠨᠡ ᠪᠤᠯ ᠮᠠᠨ ᠤ ᠤᠯᠠᠮᠵᠢᠯᠠᠨ ᠰᠤᠷᠬᠤ ᠶᠤᠰᠤᠳᠠᠢ ᠰᠠᠶᠢᠬᠠᠨ ᠳᠠᠳᠬᠠᠯ ᠪᠤᠯᠬᠤ ᠶᠤᠮ᠃      ᠦᠨᠦ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠢ ᠭᠠᠮᠰᠢᠭ ᠠᠴᠠ ᠪᠤᠯᠵᠤ᠂ ᠳᠡᠯᠡᠬᠡᠢ ᠳ᠋ᠠᠬᠢᠨ ᠳᠤ ᠠᠮᠤ ᠪᠤᠳᠠᠭ᠎ᠠ ᠶᠢᠨ ᠠᠮᠤᠷ ᠲᠦᠪᠰᠢᠨ ᠳᠤ ᠴᠤ ᠰᠦᠷᠳᠡᠬᠦᠯᠦᠯ ᠪᠤᠯᠵᠤ ᠪᠤᠢ᠃ ᠵᠠᠷᠢᠮ ᠭᠠᠵᠠᠷ ᠢᠶᠠᠷ ᠦᠯᠦᠰᠬᠦᠯᠡᠩ ᠭᠠᠴᠢᠭ ᠦᠷᠬᠦᠯᠵᠢᠯᠡᠵᠦ ᠪᠠᠶᠢᠬᠤ ᠳᠤ ᠵᠠᠷᠢᠮ ᠭᠠᠵᠠᠷ ᠤᠨ ᠬᠢᠨ ᠠᠮᠤ ᠪᠤᠳᠠᠭ᠎ᠠ ᠶᠢ ᠦᠴᠦᠬᠡᠨ ᠴᠤ ᠬᠠᠶᠢᠷᠠᠯᠠᠬᠤ ᠦᠬᠡᠢ ᠪᠦᠷᠢᠯᠬᠡᠨ ᠰᠦᠢᠳᠬᠡᠵᠦ ᠪᠠᠶᠢᠭ᠎ᠠ ᠶᠠᠪᠤᠳᠠᠯ ᠳᠤ ᠨᠢᠳᠤ ᠬᠠᠯᠢᠷᠠᠮᠠᠷ ᠶᠤᠮ᠃ ᠬᠠᠮᠢᠶ᠎ᠠ ᠪᠦᠬᠦᠢ ᠳᠤᠭ᠎ᠠ ᠪᠦᠷᠢᠳᠬᠡᠯ ᠢ ᠦᠨᠳᠦᠰᠦᠯᠡᠪᠡᠯ᠂ ᠪᠦᠬᠦ ᠳᠡᠯᠡᠬᠡᠢ ᠳᠤ ᠵᠢᠯ ᠪᠦᠷᠢ ᠪᠠᠷᠤᠭ 1\3 ᠶᠢᠨ ᠠᠮᠤ ᠪᠤᠳᠠᠭ᠎ᠠ ᠰᠦᠢᠳᠴᠦ᠂ ᠶᠡᠷᠦᠩᠬᠡᠢ ᠬᠡᠮᠵᠢᠶ᠎ᠠ ᠨᠢ 13 ᠳ᠋ᠦᠩᠰᠢᠭᠤᠷ ᠲᠤᠨ ᠳᠤ ᠬᠦᠷᠴᠦ ᠪᠠᠶᠢᠳᠠᠭ᠃ ᠡᠬᠦᠨ ᠤ ᠵᠡᠷᠬᠡ ᠪᠠᠷ᠂ ᠳᠡᠯᠡᠬᠡᠢ ᠳᠡᠬᠡᠷ᠎ᠡ ᠪᠠᠰᠠ     8.2 ᠳ᠋ᠦᠩᠰᠢᠭᠤᠷ ᠬᠦᠮᠦᠨ ᠦᠯᠦᠰᠬᠦᠯᠡᠩ ᠭᠠᠴᠢᠭ ᠤᠨ ᠳᠤᠮᠳᠠ ᠳᠡᠯᠴᠢᠯᠡᠵᠦ ᠪᠤᠢ᠃ ᠮᠠᠨ ᠤ ᠤᠯᠤᠰ ᠢᠶᠠᠷ ᠶᠠᠷᠢᠬᠤ ᠳᠤ᠂ ᠵᠢᠯ ᠪᠤᠯᠭᠠᠨ 3500 ᠲᠦᠮᠡᠨ ᠲᠤᠨ ᠠᠮᠤ ᠪᠤᠳᠠᠭ᠎ᠠ ᠶᠢ ᠪᠦᠷᠢᠯᠬᠡᠨ ᠰᠦᠢᠳᠬᠡᠵᠦ᠂ ᠪᠦᠬᠦ ᠳᠡᠯᠡᠬᠡᠢ ᠶᠢᠨ ᠠᠮᠤ ᠪᠤᠳᠠᠭ᠎ᠠ ᠶᠢᠨ ᠶᠡᠷᠦᠩᠬᠡᠢ ᠤᠨᠠᠯᠳᠠ ᠶᠢᠨ 6% ᠳᠤ ᠬᠦᠷᠴᠦ᠂ ᠬᠦᠮᠦᠨ ᠨᠢᠬᠡᠪᠦᠷᠢ ᠨᠢᠬᠡ ᠡᠷᠡᠨ ᠤ ᠬᠤᠭᠤᠯᠠᠨ ᠳᠤ 93 ᠭᠷᠠᠮ ᠢᠳᠡᠬᠡᠨ ᠪᠦᠷᠢᠯᠬᠡᠨ ᠰᠦᠢᠳᠬᠡᠵᠦ ᠪᠤᠢ᠃ ᠡᠨᠡ ᠳᠤᠭ᠎ᠠ ᠪᠠᠷᠢᠮᠳᠠ ᠠᠴᠠ ᠪᠢᠳᠡ ᠶᠠᠭᠤ ᠨᠢᠬᠡ ᠶᠢ ᠰᠡᠳᠬᠢᠬᠦᠰᠢᠳᠡᠢ ᠪᠢᠰᠢᠦ᠃      ᠶᠡᠷᠦᠩᠬᠡᠶ ᠱᠦᠵᠢ ᠰᠢ ᠶᠢᠨ ᠫᠢᠩ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠪᠢᠯᠠᠨ ᠭᠠᠮᠨᠠᠵᠤ ᠪᠦᠷᠢᠯᠭᠡᠨ  ᠰᠦᠢᠳᠬᠡᠬᠦ ᠶᠢ ᠡᠰᠡᠷᠭᠦᠴᠡᠬᠦ ᠨᠡᠶᠢᠭᠡᠮ ᠤᠨ ᠬᠡᠪ ᠰᠤᠷᠲᠠᠯ ᠢ ᠡᠷᠬᠢᠮᠯᠡᠵᠦ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ ᠬᠤᠷᠢᠬᠯᠠᠨ ᠵᠣᠭᠰᠣᠭᠠᠬᠤ ᠬᠡᠷᠡᠭᠲᠡᠶ ᠭᠡᠵᠦ ᠣᠯᠠᠨ ᠤᠳᠠᠭ᠎ᠠ ᠴᠢᠬᠤᠯᠠᠴᠢᠯᠠᠭᠰᠠᠭᠠᠷ ᠢᠷᠡᠭᠰᠡᠨ ᠪᠦᠬᠡᠳ ᠪᠠᠰᠠ ᠬᠡᠰᠡᠭ ᠰᠤᠷᠭᠠᠭᠤᠯᠢ ᠶᠢᠨ ᠢᠳᠡᠭᠡᠨ ᠢ ᠪᠦᠷᠢᠯᠭᠡᠨ ᠰᠦᠢᠳᠬᠡᠵᠦ ᠪᠠᠶᠢᠬᠤ ᠪᠠ ᠰᠤᠷᠤᠭᠴᠢᠳ ᠤᠨ ᠠᠷᠪᠢᠯᠠᠨ ᠭᠠᠮᠨᠠᠬᠤ ᠤᠬᠠᠮᠰᠠᠷ ᠳᠤᠲᠠᠮᠠᠭ ᠪᠠᠶᠢᠭ᠎ᠠ ᠠᠰᠠᠭᠤᠳᠠᠯ ᠳᠤ ᠴᠢᠭᠯᠡᠭᠦᠯᠵᠦ᠂ ᠬᠥᠲᠥᠯᠥᠨ ᠵᠢᠯᠣᠭᠤᠳᠬᠤ ᠪᠠ ᠬᠠᠮᠢᠶᠠᠷᠤᠯᠳᠠ ᠪᠠᠨ ᠴᠢᠩᠭᠠᠳᠬᠠᠵᠤ᠂ ᠰᠤᠷᠤᠭᠴᠢᠳ ᠤᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠵᠠᠩ ᠰᠤᠷᠲᠠᠯ ᠢ ᠬᠥᠮᠦᠵᠢᠭᠦᠯᠬᠦ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ᠃ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ᠂ ᠠᠷᠪᠢᠯᠠᠨ ᠭᠠᠮᠨᠠᠬᠤ ᠬᠡᠪ ᠰᠤᠷᠳᠠᠯ ᠢ ᠰᠤᠷᠭᠠᠭᠤᠯᠢ ᠶᠢᠨ ᠬᠦᠷᠢᠶᠡᠨ ᠳᠤ ᠰᠤᠷᠳᠠᠯᠴᠢᠯᠠᠵᠤ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ ᠶᠢᠨ ᠨᠢᠬᠡᠨ ᠴᠢᠬᠤᠯᠠ ᠠᠭᠤᠯᠭ᠎ᠠ ᠪᠤᠯᠭᠠᠵᠤ᠂ ᠪᠠᠭᠰᠢ ᠰᠤᠷᠤᠭᠴᠢᠳ ᠤᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠪᠤᠯᠭᠠᠪᠠ᠃ ᠮᠠᠨ ᠤ ᠤᠷᠤᠨ ᠤ ᠡᠯ᠎ᠠ ᠳᠤᠮᠳᠠᠳᠤ ᠪᠠᠭ᠎ᠠ ᠰᠤᠷᠭᠠᠭᠤᠯᠢ ᠰᠤᠷᠤᠭᠴᠢᠳ ᠲᠤ ᠠᠮᠤ ᠪᠤᠳᠠᠭ᠎ᠠ ᠶᠢ ᠠᠷᠪᠢᠯᠠᠨ᠂ ᠪᠦᠷᠢᠯᠬᠡᠨ ᠰᠦᠢᠳᠬᠡᠬᠦ ᠶᠢ ᠳᠡᠪᠴᠢᠬᠦ ᠡᠯᠪᠡᠭ ᠪᠠᠶᠠᠯᠢᠭ ᠠᠭᠤᠯᠭ᠎ᠠ ᠲᠠᠢ ᠭᠤᠤᠯ ᠰᠡᠳᠦᠪᠳᠤ ᠬᠦᠮᠦᠵᠢᠯ ᠬᠢᠵᠦ᠂ ᠰᠤᠷᠤᠭᠴᠢᠳ ᠲᠤ ᠠᠮᠤ ᠪᠤᠳᠠᠭ᠎ᠠ ᠶᠢ ᠠᠷᠪᠢᠯᠠᠨ ᠭᠠᠮᠨᠠᠬᠤ ᠶᠢᠨ ᠴᠢᠬᠤᠯᠠ ᠴᠢᠨᠠᠷ ᠢ ᠳᠠᠨᠢᠭᠤᠯᠵᠤ ᠪᠠᠶᠢᠨ᠎ᠠ᠃ ᠡᠯ᠎ᠡ ᠶᠡᠭᠡ ᠳᠡᠬᠡᠳᠤ ᠰᠤᠷᠭᠠᠭᠤᠯᠢ ᠴᠤ ︽ᠫᠢᠯᠠ ᠬᠤᠭᠤᠰᠤᠯᠠᠬᠤ ᠠᠵᠢᠯᠯᠠᠭ᠎ᠠ︾ ᠦᠷᠨᠢᠬᠦᠯᠵᠦ᠂ ᠪᠠᠭᠰᠢ ᠰᠤᠷᠤᠭᠴᠢᠳ ᠤᠨ ᠳᠤᠮᠳᠠ ᠠᠮᠤ ᠪᠤᠳᠠᠭ᠎ᠠ ᠶᠢ ᠪᠦᠷᠢᠯᠬᠡᠨ ᠰᠦᠢᠳᠬᠡᠬᠦ ᠶᠢ ᠬᠤᠷᠢᠬᠯᠠᠬᠤ ᠬᠠᠯᠠᠭᠤᠨ ᠦᠷᠨᠢᠯᠳᠡ ᠭᠠᠷᠴᠦ᠂ ᠠᠷᠪᠢᠯᠠᠨ ᠭᠠᠮᠨᠠᠬᠤ ᠬᠦᠮᠦᠵᠢᠯ ᠬᠦᠷᠳᠡᠬᠡᠵᠤ ᠪᠠᠶᠢᠨ᠎ᠡ᠃ ᠠᠷᠪᠢᠯᠠᠨ ᠭᠠᠮᠨᠠᠬᠤ ᠳᠠᠳᠬᠠᠯ ᠢ ᠪᠤᠢ ᠪᠤᠯᠭᠠᠬᠤ ᠳᠤ ᠬᠡᠷ ᠪᠦᠯᠢ ᠶᠢᠨ ᠰᠤᠷᠭᠠᠯ ᠬᠦᠮᠦᠵᠢᠯ ᠠᠴᠠ ᠭᠠᠳᠠᠨ᠎ᠠ᠂ ᠰᠤᠷᠭᠠᠭᠤᠯᠢ ᠶᠢᠨ ᠬᠦᠮᠦᠵᠢᠯ ᠴᠤ ᠮᠠᠰᠢ ᠴᠢᠬᠤᠯᠠ ᠶᠤᠮ᠃ ᠵᠠᠯᠠᠭᠤᠴᠤᠳ ᠪᠠᠭᠠᠴᠤᠳ ᠲᠤ ︽ᠪᠦᠷᠢᠯᠭᠡᠨ ᠰᠦᠢᠳᠬᠡᠬᠦ ᠨᠢ ᠢᠴᠢᠭᠦᠷᠢᠳᠡᠢ᠂ ᠠᠷᠪᠢᠯᠠᠨ ᠭᠠᠮᠨᠠᠬᠤ ᠪᠤᠯ ᠢᠷᠠᠭᠤ ᠠᠯᠳᠠᠷᠳᠠᠢ︾ ᠬᠡᠬᠦ ᠣᠶᠢᠯᠠᠭᠠᠭᠳᠠᠬᠤᠨ ᠢ ᠪᠣᠢ ᠪᠣᠯᠭᠠᠵᠤ᠂ ᠠᠷᠪᠢᠯᠠᠨ ᠭᠠᠮᠨᠠᠬᠤ ᠳᠤᠬᠠᠢ ᠦᠵᠡᠯ ᠰᠠᠨᠠᠭ᠎ᠠ ᠤᠬᠠᠮᠰᠠᠷ ᠲᠠᠨᠢᠯᠳᠠ ᠶᠢ ᠨᠢ ᠳᠡᠬᠡᠭᠰᠢᠯᠡᠬᠦᠯᠵᠦ᠂ ᠦᠢᠯᠡ ᠠᠵᠢᠯᠯᠠᠭ᠎ᠠ ᠶᠢᠨ ᠳᠠᠯ᠎ᠠ ᠪᠠᠷ ᠳᠠᠳᠬᠠᠯᠵᠢᠭᠤᠯᠬᠤ ᠨᠢ ᠬᠤᠪᠢ ᠬᠥᠮᠦᠨ ᠤ ᠳᠠᠳᠬᠠᠯ᠂ ᠦᠰᠦᠨ ᠪᠤᠶᠢᠵᠢᠯᠲᠠ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠦᠷᠢᠯᠳᠦᠬᠦᠯᠬᠦ ᠳᠤ ᠲᠤᠩ ᠶᠡᠭᠡ ᠠᠴᠢ ᠲᠤᠰᠠᠲᠠᠶ ᠶᠤᠮ᠃      ᠦᠩᠬᠡᠷᠡᠭᠰᠡᠨ ᠯᠦᠭᠡ ᠬᠠᠷᠢᠴᠠᠭᠤᠯᠬᠤ ᠳᠤ᠂ ᠦᠨᠦᠳᠦᠷ ᠨᠡᠶᠢᠬᠡᠮ ᠠᠬᠤᠢ ᠬᠦᠭᠵᠢᠵᠦ᠂ ᠤᠯᠤᠰ ᠬᠦᠷᠦᠨ ᠬᠦᠴᠦᠷᠬᠡᠭᠵᠢᠵᠦ᠂ ᠠᠷᠠᠳ ᠤᠨ ᠠᠮᠢᠳᠤᠷᠠᠯ ᠪᠠᠶᠠᠨ ᠴᠢᠨᠡᠬᠡᠯᠢᠭ ᠪᠤᠯᠪᠠ᠃ ᠬᠡᠪᠡᠴᠦ᠂ ᠪᠢᠳᠡ ᠠᠬᠠᠮᠠᠳ ᠨᠠᠰᠤᠳᠠᠨ ᠤ ᠪᠠᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠬᠡᠪ ᠰᠤᠷᠳᠠᠯ ᠢ ᠤᠯᠠᠮᠵᠢᠯᠠᠨ ᠰᠤᠷᠴᠤ᠂ ᠡᠳᠦᠷ ᠳᠤᠳᠤᠮ ᠤᠨ ᠠᠮᠢᠳᠤᠷᠠᠯ ᠳᠠᠭᠠᠨ ᠦᠪᠡᠷ ᠤᠨ ᠪᠡᠶ᠎ᠠ ᠠᠴᠠ ᠪᠠᠨ ᠭᠠᠷᠳᠠᠵᠤ᠂ ᠠᠷᠪᠢᠯᠠᠨ ᠭᠠᠮᠨᠠᠬᠤ ᠶᠢ ᠴᠠᠭ ᠢᠮᠠᠭᠳᠠ ᠪᠠᠷᠢᠮᠳᠠᠯᠠᠬᠤ ᠨᠢ ᠨᠢᠬᠡ ᠬᠦᠮᠦᠨ ᠤ ᠳᠠᠳᠬᠠᠯ ᠬᠡᠪ ᠰᠤᠷᠳᠠᠯ ᠪᠦᠬᠡᠳ ᠨᠡᠩ ᠴᠤ ᠬᠠᠷᠢᠭᠤᠴᠠᠯᠭ᠎ᠠ ᠪᠤᠯᠤᠨ᠎ᠠ᠃                                                            ︵ᠵᠣᠬᠢᠶᠠᠭᠴᠢ᠄ ᠨᠠᠪᠴᠢ︶  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号