︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠪᠤᠯᠬᠤ ᠲᠠᠰᠢᠷᠠᠮ ᠢᠶᠠᠷ ᠰᠢ ᠶᠢᠨ ᠫᠢᠩ ᠪᠦᠬᠦ ᠤᠯᠤᠰ ᠤᠨ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠬᠢᠯ ᠤᠨ ᠲᠤᠬᠤᠨᠢᠭᠤᠯᠤᠯ ᠲᠡᠪᠰᠢᠬᠦᠯᠪᠠ
ᠨᠡᠶᠢᠲᠡᠯᠡᠭᠰᠡᠨ ᠴᠠᠭ᠄
2021/5/1
     ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠪᠤᠯᠬᠤ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ ᠪᠦᠬᠦ ᠤᠯᠤᠰ ᠤᠨ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ ᠴᠢᠩ ᠰᠡᠳᠬᠢᠯ ᠤᠨ ᠲᠤᠬᠤᠨᠢᠭᠤᠯᠤᠯ ᠲᠡᠪᠰᠢᠬᠦᠯᠵᠡᠢ᠃      ᠰᠢ ᠶᠢᠨ ᠫᠢᠩ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠃ ᠥᠷᠭᠡᠨ ᠤᠯᠠᠨ ᠬᠥᠳᠡᠯᠮᠦᠷᠢᠴᠢᠨ ᠲᠦᠮᠡᠨ ᠬᠦᠴᠢᠷ ᠢ ᠰᠦᠷᠦᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠤᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠠᠰᠢᠭ ᠦᠭᠡᠢ ᠨᠥᠯᠥᠭᠡ ᠶᠢ ᠢᠯᠠᠨ ᠳᠠᠪᠠᠵᠤ᠂ ᠨᠠᠮ ᠪᠣᠯᠤᠨ ᠤᠯᠤᠰ ᠤᠨ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠪᠡ᠃      ᠰᠢ ᠶᠢᠨ ᠫᠢᠩ ᠠᠴᠠ᠂ ᠬᠦᠳᠡᠯᠮᠦᠷᠢ ᠵᠣᠯ ᠵᠢᠷᠭᠠᠯ ᠢ ᠡᠭᠦᠳᠴᠤ᠂ ᠪᠣᠳᠠᠲᠠᠢ ᠠᠵᠢᠯᠯᠠᠪᠠᠯ ᠠᠭᠤᠤ ᠦᠢᠯᠡᠰ ᠢ ᠪᠦᠲᠦᠭᠡᠨ᠎ᠡ᠃ ᠥᠷᠭᠡᠨ ᠣᠯᠠᠨ ᠬᠥᠳᠡᠯᠮᠦᠷᠢᠴᠢᠨ ᠲᠦᠮᠡᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠷᠭᠠᠭᠤ ᠪᠠᠷ ᠡᠭᠦᠳᠦᠨ ᠪᠦᠲᠦᠭᠡᠵᠦ᠂ ᠵᠣᠷᠢᠭᠲᠠᠶ ᠪᠠᠷ ᠲᠡᠮᠡᠴᠡᠵᠦ᠂ ᠭᠤᠤᠯ ᠬᠦᠴᠦᠨ ᠴᠡᠷᠢᠭ ᠤᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠤᠨ᠂ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ  ᠬᠦᠰᠡᠯᠡᠩ ᠢ ᠪᠡᠶᠡᠯᠡᠬᠦᠯᠬᠦ ᠠᠭᠤᠤ ᠶᠡᠭᠡ ᠦᠢᠯᠡᠰ ᠲᠤ ᠣᠷᠣᠯᠴᠠᠬᠤ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠥᠷᠭᠡᠨ ᠣᠯᠠᠨ ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠥᠷᠭᠡᠨ ᠣᠯᠠᠨ ᠬᠥᠳᠡᠯᠮᠦᠷᠢᠴᠢᠨ ᠲᠦᠮᠡᠨ ᠤ ᠰᠢᠨ᠎ᠡ ᠴᠠᠭ ᠦᠶ᠎ᠡ ᠳᠤ ᠨᠠᠩ ᠰᠠᠶᠢᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠳᠡᠮᠵᠢᠨ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号