ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 7 ᠤ ᠡᠳᠦᠷ ᠰᠢᠶᠧᠷᠠ ᠯᠢᠶᠤᠨ ᠤ ᠶᠡᠷᠦᠩᠬᠡᠶᠢᠯᠡᠭᠴᠢ | ᠪᠢ᠊ ᠊ ᠣᠣ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠪᠤᠯᠤᠨ ᠰᠢᠶᠧᠷᠠ ᠯᠢᠶᠤᠨ ᠬᠠᠷᠢᠯᠴᠠᠭ᠎ᠠ ᠪᠠᠶᠢᠭᠤᠯᠤᠭᠰᠠᠨ 50 | ᠵᠢᠯ ᠤᠨ ᠤᠢ ᠪᠣᠯᠤᠨ᠎ᠠ᠃ ᠬᠠᠭᠠᠰ ᠵᠠᠭᠤᠨ ᠤ ᠲᠤᠷᠰᠢ᠂ ᠳᠡᠯᠡᠬᠡᠢ ᠶᠢᠨ ᠪᠠᠶᠢᠳᠠᠯ ᠭᠡᠷᠬᠢᠨ ᠬᠤᠪᠢᠷᠠᠭᠰᠠᠨ ᠴᠤ ᠳᠤᠮᠳᠠᠳᠤ | ᠤᠯᠤᠰ ᠪᠤᠯᠤᠨ ᠰᠢᠶᠧᠷᠠ ᠯᠢᠶᠤᠨ ᠬᠤᠶᠠᠷ ᠲᠠᠯ᠎ᠠ ᠪᠠᠷ ᠢᠶᠠᠨ ᠪᠦᠷ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ | ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠬᠠᠷᠢᠯᠴᠠᠨ ᠲᠡᠮᠵᠢᠵᠥ᠂ | ᠡᠸ᠋ᠪᠦ᠋ᠯᠠ ᠪᠤᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠵᠡᠷᠭᠡ ᠬᠦᠨᠳᠦ ᠶᠡᠭᠡ ᠬᠢᠵᠢᠭ ᠤᠨ ᠪᠠᠶᠢᠳᠠᠯ ᠤᠨ ᠡᠮᠦᠨ᠎ᠡ | ᠢᠮᠠᠭᠲᠠ ᠡᠷᠡᠰ ᠪᠠᠲᠤ ᠵᠤᠭᠰᠤᠯᠳᠠ ᠨᠢᠬᠡᠳᠠᠢ ᠪᠠᠶᠢᠬᠤ ᠶᠢ ᠪᠠᠳᠤᠯᠠᠭᠰᠠᠭᠠᠷ ᠢᠷᠡᠵᠠᠢ᠃ ᠬᠤᠶᠠᠷ ᠲᠠᠯ᠎ᠠ ᠪᠠᠷ ᠢᠶᠠᠨ ᠢᠮᠠᠭᠲᠠ | ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠯᠠᠵᠤ᠂ ᠰᠠᠶᠢᠨ ᠠᠬ᠎ᠠ ᠳᠡᠭᠦᠦ᠂ ᠰᠠᠶᠢᠨ | ᠨᠠᠶᠢᠵᠠ ᠪᠣᠯᠪᠠ᠃ ᠰᠢᠶᠧᠷᠠ ᠯᠢᠶᠤᠨ ᠢ ᠲᠤᠰᠠᠯᠠᠬᠤ ᠳᠤᠮᠳᠠᠳᠤ ᠤᠯᠤᠰ ᠤᠨ ᠡᠮᠴᠢᠯᠡᠭᠡᠨ ᠤ ᠠᠩᠭᠢ᠂ ᠲᠤᠰᠬᠠᠶ | ᠮᠡᠷᠭᠡᠵᠢᠯᠲᠡᠨ ᠤ ᠳᠤᠭᠤᠶᠢᠯᠠᠩ᠂ ᠬᠢᠵᠢᠭ ᠲᠠᠢ ᠲᠡᠮᠡᠴᠡᠬᠦ ᠡᠳ᠋ ᠪᠣᠳᠠᠰ ᠪᠣᠯᠤᠨ ᠸᠠᠺᠼᠢᠨ ᠨᠢ ᠰᠢᠶᠧᠷᠠ ᠯᠢᠶᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠢᠳᠡᠪᠬᠢ ᠦᠢᠯᠡᠳᠦᠯ ᠦᠵᠡᠭᠦᠯᠪᠡ᠂ ᠳᠤᠮᠳᠠᠳᠤ ᠤᠯᠤᠰ ᠳᠤᠷᠠᠲᠠᠶ᠎ᠠ | ᠰᠢᠶᠧᠷᠠ ᠯᠢᠶᠤᠨ ᠲᠠᠢ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠶᠧᠷᠠ ᠯᠢᠶᠤᠨ ᠤ ᠬᠢᠵᠢᠭ ᠲᠠᠢ | ᠲᠡᠮᠡᠴᠡᠬᠦ ᠳᠤ ᠬᠠᠪᠰᠤᠷᠤᠯᠭ᠎ᠠ ᠳᠡᠮᠵᠢᠯᠭᠡ ᠬᠠᠩᠭᠠᠨ᠎ᠠ ᠭᠡᠪᠡ᠃ | ᠰᠢ ᠶᠢᠨ ᠫᠢᠩ᠂ 2021 ᠤᠨ ᠪᠣᠯ ᠳᠤᠮᠳᠠᠳᠤ ᠤᠯᠤᠰ ᠪᠤᠯᠤᠨ ᠰᠢᠶᠧᠷᠠ ᠯᠢᠶᠤᠨ ᠬᠤᠶᠠᠷ ᠤᠯᠤᠰ ᠬᠤᠶᠠᠷ ᠨᠠᠮ | ᠵᠢᠴᠢ ᠬᠤᠶᠠᠷ ᠤᠯᠤᠰ ᠤᠨ ᠬᠠᠷᠢᠯᠴᠠᠭ᠎ᠠ ᠳᠤ ᠴᠥᠮ ᠴᠢᠬᠤᠯᠠ ᠠᠴᠢ ᠬᠤᠯᠪᠤᠭᠳᠠᠯ ᠲᠠᠢ ᠵᠢᠯ ᠪᠣᠯᠤᠨ᠎ᠠ᠃ ᠬᠤᠶᠠᠷ | ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ | ᠬᠠᠮᠲᠤ ᠪᠠᠷ ᠰᠠᠶᠢᠲᠤᠷ ᠬᠢᠵᠦ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠤᠨ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠦᠷᠭᠦᠯᠵᠢᠯᠡᠨ | ᠰᠢᠶᠧᠷᠠ ᠯᠢᠶᠤᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠠᠨ ᠪᠡᠶᠡᠯᠡᠭᠦᠯᠬᠦ ᠳᠤ ᠴᠢᠲᠠᠯ ᠤᠨ ᠢᠶᠠᠨ ᠬᠢᠷᠢ ᠪᠠᠷ | ᠬᠠᠪᠰᠤᠷᠤᠯᠭ᠎ᠠ ᠳᠡᠮᠵᠢᠯᠭᠡ ᠬᠠᠩᠭᠠᠨ᠎ᠠ᠃ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠡᠮᠦᠨ᠎ᠡ᠂ ᠬᠤᠶᠠᠷ ᠲᠠᠯ᠎ᠠ ᠪᠠᠷ ᠢᠶᠠᠨ ᠪᠦᠯᠬᠦᠮᠳᠡᠨ ᠬᠠᠮᠲᠤᠷᠠᠯᠴᠠᠬᠤ ᠪᠠᠨ ᠴᠢᠩᠭᠠᠳᠬᠠᠨ᠂ ᠬᠠᠷᠢᠯᠴᠠᠨ | ᠡᠷᠡᠰ ᠲᠡᠮᠵᠢᠯᠴᠡᠵᠤ᠂ ᠤᠯᠠᠠ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠳᠤᠮᠳᠠᠳᠤ ᠤᠯᠤᠰ ᠳᠤᠷᠠᠲᠠᠶ᠎ᠠ ᠰᠢᠶᠧᠷᠠ | ᠯᠢᠶᠤᠨ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ | ᠳᠣᠲᠣᠷ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠤᠨ᠎ᠠ ᠭᠡᠵᠦ ᠴᠢᠬᠤᠯᠠᠴᠢᠯᠠᠪᠠ᠃ | ᠪᠢ᠊ ᠊ ᠣᠣ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠤᠨ | ᠰᠢᠶᠧᠷᠠ ᠯᠢᠶᠤᠠ ᠪᠠ ᠳᠤᠮᠳᠠᠳᠤ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠳᠤ ᠬᠠᠯᠠᠭᠤᠨ ᠪᠠᠶᠠᠷ | ᠬᠦᠷᠭᠡᠵᠦ ᠪᠠᠶᠢᠨ᠎ᠠ᠃ ᠳᠤᠮᠳᠠᠳᠤ ᠤᠯᠤᠰ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠶᠠᠳᠠᠭᠤ ᠬᠦᠴᠢᠷᠳᠡᠯ ᠠᠴᠠ | ᠠᠩᠭᠢᠵᠢᠷᠠᠭᠤᠯᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠲᠠᠯ᠎ᠠ ᠪᠠᠷ ᠲᠤᠪᠤᠶᠢᠮ᠎ᠠ | ᠴᠢᠬᠤᠯᠠ ᠶᠡᠭᠡ ᠠᠮᠵᠢᠯᠲᠠ ᠣᠯᠵᠤ᠂ ᠳᠤᠮᠳᠠᠳᠤ ᠤᠯᠤᠰ ᠢ ᠨᠡᠩ ᠬᠥᠭᠵᠢᠠ ᠴᠡᠴᠡᠭᠯᠡᠭᠦᠯᠦᠭᠰᠡᠨ ᠢᠶᠠᠷ ᠪᠠᠷᠠᠬᠤ ᠦᠭᠡᠢ | ᠳᠡᠯᠡᠬᠡᠢ ᠶᠢᠨ ᠡᠩᠭᠡ ᠲᠠᠶᠢᠪᠤᠩ ᠠᠮᠤᠷ ᠲᠦᠪᠰᠢᠨ ᠪᠣᠯᠤᠨ ᠠᠵᠤ ᠠᠬᠤᠢ ᠶᠢᠨ ᠨᠡᠮᠡᠭᠳᠡᠯ ᠳᠤ ᠴᠦ ᠴᠢᠬᠤᠯᠠ ᠬᠤᠪᠢ ᠨᠡᠮᠡᠷᠢ | ᠦᠵᠡᠭᠦᠯᠪᠡ᠃ ᠳᠤᠮᠳᠠᠳᠤ ᠤᠯᠤᠰ ᠤᠨ ᠰᠢᠶᠧᠷᠠ ᠯᠢᠶᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠵᠢᠴᠢ ᠬᠢᠵᠢᠭ ᠲᠠᠢ | ᠲᠡᠮᠡᠴᠡᠬᠦ ᠲᠡᠮᠡᠴᠡᠯ ᠳᠤ ᠦᠵᠡᠭᠦᠯᠦᠭᠰᠡᠨ ᠦᠨᠡᠨ ᠪᠣᠳᠠᠲᠠᠢ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ | ᠪᠣᠯ ᠰᠢᠶᠧᠷᠠ ᠯᠢᠶᠤᠨ ᠪᠣᠯᠤᠨ ᠠᠹᠷᠢᠺᠠ ᠲᠢᠪ ᠤᠨ ᠠᠷᠠᠳ ᠲᠦᠮᠡᠨ ᠤ ᠵᠢᠩᠬᠢᠨᠢ ᠨᠠᠶᠢᠳᠠᠪᠤᠷᠢᠳᠠᠢ ᠰᠠᠶᠢᠨ ᠨᠠᠶᠢᠵᠠ ᠮᠥᠨ᠃ | ᠰᠢᠶᠧᠷᠠ ᠯᠢᠶᠤᠨ ᠤ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ | ᠳᠤᠮᠳᠠᠳᠤ ᠶᠢᠨ ᠲᠠᠯ᠎ᠠ ᠶᠢᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠪᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠰᠢᠶᠧᠷᠠ ᠯᠢᠶᠤᠨ ᠳᠤᠷᠠᠲᠠᠶ᠎ᠠ ᠳᠤᠮᠳᠠᠳᠤ ᠤᠯᠤᠰ ᠯᠤᠭ᠎ᠠ ᠶᠢᠨ | ᠨᠥᠬᠦᠷᠰᠡᠭ ᠬᠠᠷᠢᠯᠴᠠᠭ᠎ᠠ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠮᠤ ᠪᠤᠳᠠᠭᠠᠨ ᠤ ᠠᠮᠤᠷ | ᠲᠦᠪᠰᠢᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠳᠤᠷᠠᠬᠢ ᠬᠠᠮᠲᠤᠷᠠᠯᠴᠠᠭ᠎ᠠ ᠶᠢ ᠠᠬᠢᠭᠤᠯᠤᠨ᠎ᠠ ᠭᠡᠵᠦ ᠢᠯᠡᠳᠭᠡᠵᠠᠢ᠃ |