ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 9 ᠤ ᠡᠳᠦᠷ ︽ᠰᠣᠶᠣᠯ ᠲᠡᠦᠬᠡ ᠭᠦᠨ ᠤᠬᠠᠭᠠᠨ︾ | ᠰᠡᠳᠬᠦᠯ ᠤᠨ ᠨᠠᠶᠢᠷᠠᠭᠤᠯᠬᠤ ᠬᠡᠯᠲᠡᠰ ᠤᠨ ᠪᠦᠬᠦ ᠨᠠᠶᠢᠷᠠᠭᠤᠯᠤᠭᠴᠢ ᠳᠤ ᠬᠠᠷᠢᠭᠤ ᠵᠠᠬᠢᠳᠠᠯ ᠢᠯᠡᠭᠡᠵᠦ᠂ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠤᠭᠤᠴᠠᠭᠠᠳᠦ ᠰᠡᠳᠬᠦᠯ ᠢ ᠰᠠᠶᠢᠲᠤᠷ ᠡᠷᠬᠢᠯᠡᠬᠦ ᠲᠤᠬᠠᠢ ᠴᠢᠩ ᠰᠡᠳᠬᠢᠯ ᠤᠨ ᠬᠦᠰᠡᠯ | ᠨᠠᠶᠢᠳᠠᠯᠭ᠎ᠠ ᠳᠤᠷᠠᠳᠴᠠᠢ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ︽ᠰᠣᠶᠣᠯ ᠲᠡᠦᠬᠡ ᠭᠦᠨ ᠤᠬᠠᠭᠠᠨ︾ ᠰᠡᠳᠭᠦᠯ ᠬᠡᠪᠯᠡᠯ ᠡᠬᠢᠯᠡᠭᠰᠡᠨ | 70 ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠤᠤᠷ᠎ᠠ ᠬᠡᠳᠦᠨ ᠦᠶ᠎ᠡ ᠶᠢᠨ ᠨᠠᠶᠢᠷᠠᠭᠤᠯᠤᠭᠴᠢᠳ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠭᠠᠯ ᠭᠤᠯᠤᠮᠳᠠ ᠪᠠᠨ ᠵᠠᠯᠭᠠᠮᠵᠢᠯᠠᠵᠤ᠂ ᠳᠤᠮᠳᠠᠳᠤ ᠶᠢᠨ ᠪᠣᠯᠪᠠᠰᠤᠨ ᠢ ᠪᠠᠳᠠᠷᠠᠭᠤᠯᠬᠤ᠂ | ᠡᠷᠳᠡᠮ ᠰᠢᠨᠵᠢᠯᠡᠭᠡᠨ ᠤ ᠰᠤᠳᠤᠯᠭᠠᠨ ᠢ ᠴᠡᠴᠡᠭᠯᠡᠭᠦᠯᠦᠨ ᠬᠥᠭᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ | ᠤᠯᠤᠰ ᠤᠨ ᠳᠣᠲᠣᠭᠠᠳᠤ ᠭᠠᠳᠠᠭᠠᠳᠤ ᠳᠤ ᠵᠣᠬᠢᠬᠤ ᠨᠡᠷ᠎ᠡ ᠬᠦᠨᠳᠦ ᠶᠢ ᠤᠯᠪᠠ᠂ ᠲᠠ ᠨᠠᠷ ᠤᠨ ᠭᠠᠷᠭᠠᠭᠰᠠᠨ ᠴᠢᠷᠮᠠᠶᠢᠯᠭ᠎ᠠ ᠶᠢ | ᠨᠤᠲᠠᠯᠠᠭᠤᠰᠢᠲᠠᠶ ᠪᠠᠶᠢᠨ᠎ᠠ ᠭᠡᠵᠦ ᠬᠡᠯᠡᠪᠡ᠃ | ᠰᠢ ᠶᠢᠨ ᠫᠢᠩ᠂ ᠳᠤᠮᠳᠠᠳᠤᠴᠤᠳ ᠤᠨ ᠵᠤᠷᠢᠭ ᠰᠢᠨᠲᠠᠰᠦ ᠪᠣᠯᠤᠨ ᠢᠲᠡᠭᠡᠯ ᠵᠣᠷᠢᠭ ᠢᠶᠠᠨ ᠴᠢᠩᠭᠠᠳᠬᠠᠵᠤ᠂ ᠳᠡᠯᠡᠬᠡᠢ | ᠳ᠋ᠠᠬᠢᠨ ᠳᠤ ᠳᠤᠮᠳᠠᠳᠤ ᠤᠯᠤᠰ ᠢ ᠨᠡᠩ ᠰᠠᠶᠢᠨ ᠲᠠᠨᠢᠭᠤᠯᠵᠤ᠂ ᠳᠤᠮᠳᠠᠳᠤ ᠤᠯᠤᠰ ᠢ ᠨᠡᠩ ᠰᠠᠶᠢᠨ ᠤᠢᠢᠯᠠᠭᠠᠭᠤᠯᠬᠤ ᠳᠤ᠂ | ᠳᠤᠮᠳᠠᠳᠤ ᠶᠢᠨ ᠪᠣᠯᠪᠠᠰᠤᠨ ᠢ ᠭᠦᠨᠵᠡᠭᠡᠢ ᠣᠶᠢᠯᠠᠭᠠᠭᠤᠯᠵᠤ᠂ ᠲᠡᠦᠬᠡ ᠪᠣᠯᠤᠨ ᠪᠣᠳᠠᠲᠤ ᠠᠬᠤᠢ᠂ ᠤᠨᠤᠯ ᠪᠣᠯᠤᠨ | ᠦᠢᠯᠡᠳᠦᠯᠭᠡ ᠶᠢ ᠤᠶᠠᠯᠳᠤᠭᠤᠯᠬᠤ ᠬᠠᠷᠠᠭᠠᠰᠤ ᠠᠴᠠ ᠬᠡᠷᠬᠢᠨ ᠳᠤᠮᠳᠠᠳᠤ ᠤᠯᠤᠰ ᠤᠨ ᠵᠠᠮ ᠢ ᠨᠡᠩ ᠰᠠᠶᠢᠨ ᠪᠠᠷᠢᠮᠲᠠᠯᠠᠵᠤ᠂ | ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠬᠦᠴᠦᠨ ᠴᠢᠳᠠᠯ ᠢ | ᠨᠢᠭᠲᠠᠷᠠᠭᠤᠯᠬᠤ ᠶᠢ ᠭᠦᠨᠵᠡᠭᠡᠢ ᠲᠠᠶᠢᠯᠪᠤᠷᠢᠯᠠᠬᠤ ᠴᠢᠬᠤᠯᠠᠲᠠᠢ᠃ ᠡᠨᠡ ᠬᠦ ᠴᠢᠬᠤᠯᠠ ᠶᠡᠭᠡ ᠰᠡᠳᠦᠪ ᠢ ᠰᠠᠶᠢᠲᠤᠷ | ᠬᠠᠷᠢᠭᠤᠯᠬᠤ ᠳᠤ ᠥᠷᠭᠡᠨ ᠤᠯᠠᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠳᠠᠨ ᠬᠠᠮᠲᠤ ᠪᠠᠷ | ᠴᠢᠷᠮᠠᠶᠢᠵᠤ᠂ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠬᠦᠯᠬᠦ ᠶᠢ ᠠᠬᠢᠭᠤᠯᠬᠤ ᠬᠡᠷᠡᠭᠲᠡᠢ᠃ | ᠴᠢᠨᠠᠷ ᠰᠠᠶᠢᠲᠠᠢ ᠡᠷᠳᠡᠮ ᠰᠢᠨᠵᠢᠯᠡᠭᠡᠨ ᠤ ᠬᠤᠭᠤᠴᠠᠭᠠᠳᠦ ᠰᠡᠳᠬᠦᠯ ᠨᠢ ᠠᠩᠬᠠᠨ ᠤ ᠵᠣᠷᠢᠯᠳᠠ ᠪᠠᠨ ᠪᠠᠲᠤ ᠴᠡᠭᠡᠵᠢᠯᠡᠵᠦ᠂ | ᠰᠢᠨ᠎ᠡ ᠶᠢ ᠡᠭᠦᠳᠬᠦ ᠶᠢ ᠬᠦᠳᠦᠯᠤᠨ ᠳᠠᠭᠠᠭᠤᠯᠵᠤ᠂ ᠥᠨᠳᠥᠷ ᠲᠦᠪᠰᠢᠨ ᠪᠦᠬᠦᠢ ᠰᠤᠳᠤᠯᠭᠠᠨ ᠤ ᠦᠷ᠎ᠡ ᠪᠦᠲᠦᠭᠡᠯ ᠢ | ᠦᠵᠡᠬᠦᠯᠵᠤ᠂ ᠡᠷᠳᠡᠮ ᠰᠢᠨᠵᠢᠯᠡᠭᠡᠨ ᠤ ᠰᠢᠯᠢᠳᠡᠭ ᠴᠢᠳᠠᠪᠤᠷᠢᠲᠠᠨ ᠤ ᠦᠰᠦᠨ ᠪᠤᠶᠢᠵᠢᠬᠤ ᠶᠢ ᠲᠡᠮᠵᠢᠵᠤ᠂ ᠳᠤᠮᠳᠠᠳᠤ | ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠠᠬᠢᠭᠤᠯᠬᠤ ᠭᠡᠷᠡᠭᠲᠡᠢ᠃ ᠲᠠ ᠨᠠᠷ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠰᠡᠳᠬᠦᠯ ᠢᠶᠠᠨ ᠨᠡᠩ ᠰᠠᠶᠢᠨ ᠡᠷᠬᠢᠯᠡᠬᠦ ᠶᠢ ᠬᠦᠰᠡᠵᠦ ᠪᠠᠶᠢᠨ᠎ᠠ ᠭᠡᠪᠡ᠃ | ᠱᠠᠨᠳᠦ᠋ᠩ ᠶᠡᠭᠡ ᠰᠤᠷᠭᠠᠭᠤᠯᠢ ᠶᠢᠨ ︽ᠰᠣᠶᠣᠯ ᠲᠡᠦᠬᠡ ᠭᠦᠨ ᠤᠬᠠᠭᠠᠨ︾ ᠰᠡᠳᠬᠦᠯ 1951 ᠣᠨ ᠤ 5 | ᠰᠠᠷ᠎ᠠ ᠳᠤ ᠭᠡᠪᠯᠡᠯ ᠡᠬᠢᠯᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠬᠡᠪᠯᠡᠯ ᠡᠬᠢᠯᠡᠭᠰᠡᠨ | ᠠᠩᠬᠠᠳᠠᠭᠴᠢ ᠶᠡᠭᠡ ᠳᠡᠭᠡᠳᠦ ᠰᠤᠷᠭᠠᠭᠤᠯᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠰᠡᠳᠬᠦᠯ ᠪᠣᠯᠬᠤ | ᠪᠦᠭᠡᠳ ᠪᠠᠰᠠ ᠴᠤ ᠮᠠᠨ ᠤ ᠤᠯᠤᠰ ᠤᠨ ᠣᠳᠣᠬᠠᠨ ᠤ ᠬᠡᠪᠯᠡᠯ ᠡᠬᠢᠯᠡᠭᠰᠡᠡ ᠴᠠᠭ ᠬᠤᠭᠤᠴᠠᠭ᠎ᠠ ᠪᠠᠷ ᠬᠠᠮᠤᠭ ᠤᠨ ᠤᠷᠳᠤ | ᠪᠤᠯᠵᠤ ᠪᠠᠶᠢᠭ᠎ᠠ ᠶᠡᠷᠦᠩᠬᠡᠶᠢᠯᠡᠭᠰᠡᠨ ᠴᠢᠨᠠᠷᠲᠠᠢ ᠰᠣᠶᠣᠯ ᠢᠷᠭᠡᠨᠰᠢᠯ ᠨᠡᠶᠢᠭᠡᠮ ᠤᠨ ᠰᠢᠨᠵᠢᠯᠡᠬᠦ ᠤᠬᠠᠭᠠᠨ ᠤ ᠡᠷᠲᠡᠮ | ᠰᠢᠨᠵᠢᠯᠡᠭᠡᠨ ᠤ ᠬᠤᠭᠤᠴᠠᠭᠠᠲᠤ ᠰᠡᠳᠬᠦᠯ ᠪᠣᠯᠤᠨ᠎ᠠ᠃ ᠤᠢᠢᠷ᠎ᠠ ᠳᠤ᠂ ︽ᠰᠣᠶᠣᠯ ᠲᠡᠦᠬᠡ ᠭᠦᠨ ᠤᠬᠠᠭᠠᠨ︾ | ᠰᠡᠳᠬᠦᠯ ᠤᠨ ᠨᠠᠶᠢᠷᠠᠭᠤᠯᠬᠤ ᠬᠡᠯᠲᠡᠰ ᠤᠨ ᠪᠦᠬᠦ ᠨᠠᠶᠢᠷᠠᠭᠤᠯᠤᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ | 70 ᠵᠢᠯ ᠤᠨ ᠲᠤᠷᠰᠢᠬᠢ ᠰᠡᠳᠬᠦᠯ ᠡᠷᠬᠢᠯᠡᠭᠰᠡᠨ ᠠᠮᠵᠢᠯᠲᠠ ᠪᠠᠨ ᠬᠠᠷᠢᠭᠤ ᠮᠡᠳᠡᠭᠦᠯᠵᠦ᠂ ᠴᠠᠭ ᠦᠶ᠎ᠡ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠬᠤᠭᠤᠴᠠᠭᠠᠲᠤ ᠰᠡᠳᠬᠦᠯ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ | ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ ᠰᠢᠢᠳᠮᠡᠭ ᠵᠣᠷᠢᠭ ᠢᠶᠠᠨ ᠢᠯᠡᠳᠬᠡᠭᠰᠡᠨ ᠪᠠᠶᠢᠨ᠎ᠠ᠃ | |