ᠠᠯᠠᠱᠠ ᠠᠶᠢᠮᠠᠭ ᠤᠨ ᠨᠡᠶᠢᠭᠡᠮ ᠤᠨ ᠠᠪᠤᠷᠠᠨ ᠳᠣᠰᠠᠯᠠᠯᠳᠠ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠳᠣᠷᠠᠨ ᠬᠦᠳᠡᠯᠦᠯᠴᠡᠬᠦ ᠲᠣᠭᠲᠠᠴᠠ ᠶᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/5/18
      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ           ︽ᠨᠡᠶᠢᠭᠡᠮ ᠤᠨ ᠠᠪᠤᠷᠠᠨ ᠳᠣᠰᠠᠯᠠᠯᠳᠠ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2021〕6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠵᠠᠷᠴᠢᠮ      ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠡᠷᠡᠭᠯᠡᠭᠡᠨ ᠤ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢ ᠲᠣᠭᠲᠠᠪᠤᠷᠢᠵᠢᠭᠤᠯᠤᠨ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠨᠡᠶᠢᠭᠡᠮ ᠤᠨ ᠠᠪᠤᠷᠠᠨ ᠳᠣᠰᠠᠯᠠᠯᠳᠠ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭ᠎ᠠ ᠶᠢᠨ ᠦᠨ᠎ᠡ ᠶᠢᠨ ᠥᠰᠥᠯᠲᠡ  ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠬᠥᠳᠡᠯᠦᠩᠭᠦᠶ ᠨᠥᠬᠦᠪᠥᠷᠢ ᠶᠢ ᠬᠡᠷᠡᠭᠵᠢᠭᠦᠯᠦᠨ᠂ ᠬᠦᠴᠢᠷᠳᠡᠯᠲᠡᠶ ᠣᠯᠠᠨ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠦᠷᠲᠡᠬᠦ ᠶᠢ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠳᠦᠪᠰᠢᠨ ᠢ ᠦᠨ᠎ᠡ ᠬᠠᠩᠰᠢ ᠶᠢᠨ ᠥᠰᠥᠯᠲᠡ ᠠᠴᠠ ᠪᠣᠯᠵᠤ ᠵᠣᠬᠢᠬᠤ ᠬᠡᠮᠵᠢᠶ᠎ᠡ ᠪᠠᠷ ᠪᠠᠭᠤᠷᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃      ᠬᠤᠶᠠᠷ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠠ ᠵᠣᠭᠰᠣᠭᠠᠬᠤᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ᠂ ᠪᠥᠬᠦ ᠠᠶᠢᠮᠠᠭ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠢᠭᠡᠳᠦᠯᠲᠡᠶ ᠡᠬᠢᠯᠡᠭᠦᠯᠦᠨ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠵᠣᠬᠢᠶᠠᠨ ᠪᠠᠶᠢᠭᠤᠯᠵᠤ ᠲᠠᠷᠬᠠᠭᠠᠨ᠎ᠠ᠃      ︵ᠨᠢᠭᠡ︶ ᠪᠦᠬᠦ ᠠᠶᠢᠮᠠᠭ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ︵CPI︶ ᠳᠠᠩ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠪᠠᠨ 3 % ᠪᠠᠷ ᠨᠡᠮᠡᠭᠳᠡᠭᠰᠡᠨ᠃      ︵ᠬᠤᠶᠠᠷ︶ ᠪᠦᠬᠦ ᠠᠶᠢᠮᠠᠭ ᠤᠨ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠳᠠᠩ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ ᠥᠰᠦᠭᠰᠡᠨ ᠬᠡᠮᠵᠢᠶ᠎ᠡ ᠨᠢ 6 % ᠳᠤ ᠬᠦᠷᠦᠭᠰᠡᠨ᠃      ᠲᠣᠰ ᠰᠠᠷ᠎ᠠ ᠠᠴᠠ ᠢᠯᠡᠬᠦᠦ ᠬᠤᠭᠤᠴᠠᠭᠠᠨ ᠳᠤ ᠡᠬᠢᠯᠡᠭᠦᠯᠬᠦ ᠨᠥᠬᠦᠴᠡᠯ ᠢ ᠴᠥᠮ ᠬᠠᠩᠭᠠᠵᠤ ᠳᠡᠶᠢᠯᠬᠦ ᠥᠬᠡᠶ ᠪᠣᠯ ᠬᠤᠯᠪᠣᠭᠠᠯᠠᠨ ᠬᠦᠳᠡᠯᠦᠯᠴᠡᠬᠦ ᠲᠣᠭᠲᠠᠴᠠ ᠶᠢ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠶᠢ ᠵᠣᠭᠰᠣᠭᠠᠨ᠎ᠠ᠃      ᠭᠤᠷᠪᠠ᠂ ᠲᠤᠰᠠᠯᠠᠮᠵᠢ ᠣᠯᠭᠤᠬᠤ ᠡᠲᠡᠭᠡᠳ ᠵᠢᠴᠢ ᠬᠡᠪᠴᠢᠶ᠎ᠡ      ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠨᠥᠬᠦᠪᠥᠷᠢ ᠣᠯᠭᠤᠬᠤ ᠡᠲᠡᠭᠡᠳ ᠲᠤ᠄ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠳᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠠᠭᠲᠠᠨ᠎ᠠ᠃      ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠨᠥᠬᠦᠪᠥᠷᠢ ᠣᠯᠭᠤᠬᠤ ᠬᠥᠮᠦᠰ ᠤᠨ ᠰᠠᠭᠤᠷᠢ ᠲᠤᠭ᠎ᠠ ᠶᠢ ᠵᠠᠷᠴᠢᠮ ᠳᠡᠭᠡᠷ᠎ᠡ ᠪᠠᠨ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠳᠡᠭᠡᠷ᠎ᠡ ᠵᠢᠯ ᠤᠨ ᠠᠳᠠᠯᠢ ᠲᠥᠷᠥᠯ ᠤᠨ ᠰᠠᠭᠤᠷᠢ ᠲᠤᠭ᠎ᠠ ᠪᠠᠷ ᠲᠣᠭᠲᠠᠭᠠᠨ᠎ᠠ᠃      ᠳᠥᠷᠪᠡ᠂ ᠨᠥᠬᠦᠪᠥᠷᠢ ᠥᠭᠬᠦ ᠪᠠᠷᠢᠮᠵᠢᠶ᠎ᠠ      ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠨᠢ ᠪᠦᠬᠦ ᠠᠶᠢᠮᠠᠭ ᠤᠨ ᠬᠤᠲᠠ ᠪᠠ ᠮᠠᠯᠵᠢᠬᠤ ᠲᠠᠷᠢᠶᠠᠯᠠᠬᠤ ᠣᠷᠣᠨ ᠳᠤ ᠨᠢᠭᠡᠳᠦᠯᠲᠡᠢ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠨᠥᠬᠦᠪᠥᠷᠢ ᠶᠢᠨ ᠪᠠᠷᠢᠮᠵᠢᠶ᠎ᠠ ᠶᠢ ᠳᠣᠣᠷᠠᠬᠢ ᠲᠣᠮᠢᠶ᠎ᠠ ᠪᠠᠷ ᠰᠠᠷ᠎ᠠ ᠪᠠᠷ ᠬᠡᠮᠵᠢᠨ ᠪᠣᠳᠣᠨ᠎ᠠ᠄      ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠬᠡᠮᠵᠢᠶ᠎ᠡ᠃      ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ = ᠠᠯᠠᠱᠠ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ × ᠠᠯᠠᠱᠠ ᠠᠶᠢᠮᠠᠭ ᠤᠨ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠬᠡᠮᠵᠢᠶ᠎ᠡ᠃      ᠬᠤᠲᠠ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠨᠡᠶᠢᠲᠡᠯᠡᠬᠦ ᠠᠴᠠ ᠡᠮᠦᠨ᠎ᠡ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂   ᠳᠡᠭᠡᠷ᠎ᠡ ᠨᠢᠭᠡ ᠵᠢᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠣᠰᠣᠭᠠᠷ ᠲᠥᠰᠦᠭᠡᠯᠡᠨ ᠪᠣᠳᠣᠵᠤ᠂ ᠲᠤᠰ ᠵᠢᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠨᠡᠶᠢᠲᠡᠯᠡᠭᠰᠡᠨ ᠤ ᠳᠠᠷᠠᠭ᠎ᠠ᠂ ᠰᠢᠨ᠎ᠡ ᠪᠠᠷᠢᠮᠵᠢᠶ᠎ᠠ ᠶᠣᠰᠣᠭᠠᠷ ᠳᠠᠬᠢᠨ ᠪᠣᠳᠣᠬᠤ ᠶᠢᠨ ᠬᠠᠮᠲᠤ ᠲᠤᠰᠠᠯᠠᠮᠵᠢ ᠶᠢᠨ ᠪᠡᠯᠡ ᠮᠥᠩᠭᠦ ᠶᠢ ᠢᠯᠡᠭᠦᠦ ᠪᠠᠶᠢᠪᠠᠯ ᠪᠤᠴᠠᠭᠠᠵᠤ ᠳᠤᠲᠠᠭᠤ ᠪᠠᠶᠢᠪᠠᠯ ᠨᠥᠬᠦᠪᠥᠷᠢᠯᠡᠨ᠎ᠡ᠃      ᠬᠠᠮᠲᠤᠷᠠᠨ ᠬᠥᠳᠡᠯᠦᠯᠴᠡᠬᠦ ᠲᠣᠭᠲᠠᠴᠠ  ᠶᠢ ᠡᠬᠢᠯᠡᠭᠦᠯᠦᠭᠰᠡᠨ  ᠤ ᠳᠠᠷᠠᠭ᠎ᠠ᠂ ᠬᠤᠲᠠ  ᠶᠢᠨ ᠬᠥᠮᠦᠨ ᠪᠦᠷᠢ   ᠶᠢᠨ ᠰᠠᠷ᠎ᠠ ᠶᠢᠨ ᠨᠥᠬᠦᠪᠥᠷᠢ  ᠨᠢ 30 ᠲᠥᠭᠦᠷᠢᠭ ᠬᠥᠷᠬᠦ ᠥᠬᠡᠶ  ᠶᠢ  ᠨᠢ 30 ᠲᠥᠭᠦᠷᠢᠭ  ᠢᠶᠠᠷ ᠥᠭᠴᠦ᠂ 30 ᠲᠥᠭᠦᠷᠢᠭ ᠠᠴᠠ ᠳᠠᠪᠠᠭᠰᠠᠨ  ᠢ ᠪᠣᠳᠠᠲᠤ ᠪᠠᠶᠢᠳᠠᠯ  ᠢ ᠦᠨᠳᠦᠰᠦᠯᠡᠨ ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ  ᠤ ᠬᠥᠮᠦᠨ ᠪᠦᠷᠢ  ᠶᠢᠨ ᠰᠠᠷ᠎ᠠ  ᠶᠢᠨ ᠨᠥᠬᠦᠪᠥᠷᠢ  ᠨᠢ 15 ᠲᠥᠭᠦᠷᠢᠭ  ᠲᠤ ᠬᠦᠷᠬᠦ ᠦᠭᠡᠶ  ᠶᠢ 15 ᠲᠥᠭᠦᠷᠢᠭ  ᠢᠶᠠᠷ ᠣᠯᠭᠤᠵᠤ᠂ 15 ᠲᠥᠭᠦᠷᠢᠭ  ᠠᠴᠠ ᠳᠠᠪᠠᠭᠰᠠᠨ  ᠢ ᠪᠣᠳᠠᠲᠤ ᠪᠠᠶᠢᠳᠠᠯ  ᠢ ᠦᠨᠳᠦᠰᠦᠯᠡᠨ ᠣᠯᠭᠤᠨ᠎ᠠ᠃      ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠨᠥᠬᠦᠪᠥᠷᠢ ᠥᠭᠬᠦ ᠪᠠᠷᠢᠮᠵᠢᠶ᠎ᠠ ᠶᠢ ᠬᠤᠲᠠ ᠪᠠᠯᠭᠠᠰᠤᠨ ᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠲᠠᠪᠤ᠂ ᠪᠡᠯᠡ ᠮᠥᠩᠭᠦ ᠶᠢᠨ ᠢᠷᠡᠯᠲᠡ      ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠯᠠ ᠮᠥᠩᠭᠦ ᠶᠢ ᠠᠳᠠᠯᠢ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠣᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠠᠶᠢᠮᠠᠭ᠂ ᠬᠤᠰᠢᠭᠤᠨ ᠤ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠣᠲᠣᠷ᠎ᠠ ᠠᠴᠠ ᠭᠠᠷᠭᠠᠨ᠎ᠠ᠃      ᠵᠢᠷᠭᠤᠭ᠎ᠠ᠂ ᠨᠥᠬᠦᠪᠥᠷᠢ ᠥᠭᠬᠦ ᠠᠷᠭ᠎ᠠ ᠮᠠᠶ᠋ᠢᠭ      ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ︽ᠰᠠᠷ᠎ᠠ ᠪᠠᠷ ᠪᠣᠳᠣᠬᠤ᠂ ᠰᠠᠷ᠎ᠠ ᠪᠠᠷ ᠣᠯᠭᠤᠬᠤ︾ ᠠᠷᠭ᠎ᠠ ᠶᠢ ᠠᠪᠴᠤ᠂ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ᠂ ᠡᠬᠢᠯᠡᠭᠦᠯᠬᠦ ᠨᠥᠬᠦᠴᠡᠯ ᠳᠤ ᠬᠦᠷᠦᠭᠰᠡᠨ ᠪᠣᠯ ᠴᠠᠭ ᠲᠤᠬᠠᠶ ᠳᠤᠨᠢ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠳᠣᠯᠤᠭ᠎ᠠ᠂ ᠠᠵᠢᠯ ᠤᠨ ᠲᠣᠭᠲᠠᠴᠠ      ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠠᠱᠠ ᠶᠢᠨ ᠪᠠᠶᠢᠴᠠᠭᠠᠯᠲᠠ ᠶᠢᠨ ᠠᠩᠭᠢ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠪᠠᠷ ᠣᠷᠣᠯᠴᠠᠨ ᠬᠠᠷᠢᠭᠤᠴᠠᠭᠰᠠᠨ ᠬᠤᠯᠪᠣᠭᠠᠯᠠᠨ ᠵᠥᠪᠳᠡᠯᠴᠡᠵᠦ ᠬᠦᠢᠴᠡᠳᠬᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠤᠶᠤ ᠵᠣᠭᠰᠣᠭᠠᠬᠤ ᠶᠢ ᠰᠣᠳᠣᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠰᠤᠳᠤᠯᠤᠨ ᠳ᠋ᠦᠩᠨᠡᠵᠦ ᠮᠡᠳᠡᠬᠦᠯᠦᠨ᠎ᠡ᠃      ᠪᠣᠳᠠᠲᠠᠶ ᠠᠵᠢᠯ ᠤᠨ ᠡᠭᠦᠷᠭᠡ ᠬᠠᠷᠢᠭᠤᠴᠠᠯᠭ᠎ᠠ᠄      ︵ᠨᠢᠭᠡ︶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠡᠬᠢᠯᠡᠭᠦᠯᠬᠦ ᠨᠥᠬᠦᠴᠡᠯ ᠳᠤ ᠨᠡᠶᠢᠴᠡᠭᠰᠡᠨ ᠦᠶ᠎ᠡ ᠳᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠣᠨᠣᠪᠴᠢᠲᠠᠶ ᠪᠤᠳᠤᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠲᠦᠷᠦᠭᠦᠯᠡᠨ ᠬᠤᠷᠠᠯᠳᠤᠭᠤᠯᠵᠤ ᠵᠥᠪᠳᠡᠯᠴᠡᠬᠦ ᠶᠢ ᠥᠷᠨᠢᠭᠦᠯᠦᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠵᠠᠬᠢᠷᠭ᠎ᠠ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠶᠢ ᠬᠠᠷᠢᠭᠤᠴᠠᠨ᠎ᠠ᠃      ︵ᠬᠤᠶᠠᠷ︶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠠᠱᠠ ᠶᠢᠨ ᠪᠠᠶᠢᠴᠠᠭᠠᠯᠲᠠ ᠶᠢᠨ ᠠᠩᠭᠢ ᠨᠢ ᠰᠠᠷ᠎ᠠ ᠪᠦᠷᠢ ᠴᠠᠭ ᠲᠤᠬᠠᠶ ᠳᠤᠨᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠠᠨ ᠤ ᠠᠶᠢᠮᠠᠭ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠳᠠ ᠲᠤᠭ᠎ᠠ ᠵᠡᠷᠭᠡ ᠰᠠᠭᠤᠷᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠣᠯᠤᠨ ᠮᠠᠨ ᠤ ᠠᠶᠢᠮᠠᠭ ᠤᠨ ᠬᠤᠲᠠ ᠪᠠᠯᠭᠠᠰᠤ ᠶᠢᠨ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠳᠠ ᠲᠤᠭ᠎ᠠ ᠵᠡᠷᠭᠡ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠨ᠎ᠠ᠃      ︵ᠭᠤᠷᠪᠠ︶ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠯᠠ ᠮᠥᠩᠭᠦ ᠶᠢ ᠳᠣᠭᠢᠷᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠠᠭᠤᠯᠭᠠᠵᠦ᠂ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠨᠥᠬᠦᠪᠥᠷᠢ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ︵ᠳᠥᠷᠪᠡ︶ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠪᠥᠬᠦ ᠠᠶᠢᠮᠠᠭ ᠤᠨ ᠬᠤᠲᠠ ᠶᠢᠨ ᠠᠮᠢᠳᠣᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠮᠠᠯᠵᠢᠬᠤ ᠲᠠᠷᠢᠶᠠᠯᠠᠬᠤ ᠣᠷᠣᠨ ᠤ ᠠᠮᠢᠳᠣᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠲᠤᠭ᠎ᠠ ᠪᠠᠷᠢᠮᠲᠠ ᠶᠢ ᠬᠠᠩᠭᠠᠬᠤ ᠶᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ ᠢᠶᠠᠨ ᠪᠠᠲᠤᠯᠠᠭ᠎ᠠ ᠬᠦᠷᠳᠡᠭᠦ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠯᠠ ᠮᠥᠩᠭᠦ ᠣᠯᠭᠤᠬᠤ ᠠᠵᠢᠯ ᠢ ᠵᠣᠬᠢᠶᠠᠨ ᠪᠠᠶᠢᠭᠤᠯᠵᠤ᠂ ᠡᠯ᠎ᠡ ᠬᠤᠰᠢᠭᠤ           ︵ᠨᠡᠭᠡᠭᠡᠯᠳᠡ ᠶᠢᠨ ᠣᠷᠣᠨ︶ ᠶᠢᠨ ᠨᠥᠬᠦᠪᠥᠷᠢ ᠶᠢᠨ ᠪᠠᠯᠠ ᠮᠥᠩᠭᠦ ᠣᠯᠭᠤᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ︵ᠲᠠᠪᠤ︶ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ ᠤᠨ ᠪᠥᠬᠦ ᠠᠶᠢᠮᠠᠭ ᠤᠨ ᠬᠤᠲᠠ ᠬᠥᠳᠡᠭᠡ ᠶᠢᠨ ᠬᠦᠴᠢᠷᠳᠡᠯᠲᠡᠶ ᠬᠥᠮᠦᠰ ᠤᠨ ᠪᠠᠲᠤᠯᠠᠭ᠎ᠠ ᠬᠦᠷᠳᠡᠵᠦ ᠪᠠᠶᠢᠭ᠎ᠠ ᠡᠲᠡᠭᠡᠳ ᠤᠨ ᠰᠠᠭᠤᠷᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ ᠪᠠᠲᠤᠯᠠᠭ᠎ᠠ ᠬᠦᠷᠳᠡᠵᠦ ᠪᠠᠶᠢᠭ᠎ᠠ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠪᠠᠯᠠ ᠮᠥᠩᠭᠦ ᠣᠯᠭᠤᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠯ᠎ᠡ ᠬᠤᠰᠢᠭᠤ               ︵ᠨᠡᠭᠡᠭᠡᠯᠳᠡ ᠶᠢᠨ ᠣᠷᠣᠨ︶ ᠶᠢᠨ ᠨᠥᠬᠦᠪᠥᠷᠢ ᠶᠢᠨ ᠪᠠᠯᠠ ᠮᠥᠩᠭᠦ ᠣᠯᠭᠤᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠨᠠᠢᠮᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠨᠢ ᠲᠣᠰ ᠭᠠᠵᠠᠷ ᠣᠷᠣᠨ ᠤ ᠪᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃      ︵ᠬᠤᠶᠠᠷ︶ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠴᠠᠭ ᠲᠤᠬᠠᠶ ᠳᠤᠨᠢ ᠡᠬᠢᠯᠡᠭᠦᠯᠬᠦ ᠬᠡᠷᠡᠭᠲᠡᠶ᠃ ᠡᠬᠢᠯᠡᠭᠦᠯᠦᠭᠰᠡᠨ ᠡᠳᠦᠷ ᠠᠴᠠ ᠡᠬᠢᠯᠡᠨ᠂ 5 ᠠᠵᠢᠯᠯᠠᠬᠤ ᠡᠳᠦᠷ ᠤᠨ ᠳᠣᠲᠣᠷ᠎ᠠ ᠪᠡᠯᠡ ᠮᠥᠩᠭᠦ ᠶᠢᠨ ᠭᠤᠶᠤᠴᠢᠯᠠᠯ ᠢᠶᠠᠨ ᠳᠤᠷᠠᠳᠴᠤ᠂  ᠡᠳ᠋ ᠤᠨ ᠵᠠᠰᠠᠭ ᠤᠨ ᠰᠠᠯᠠᠭ᠎ᠠ ᠮᠥᠴᠢᠷ 5 ᠠᠵᠢᠯᠯᠠᠬᠤ ᠡᠳᠦᠷ ᠤᠨ ᠳᠣᠲᠣᠷ᠎ᠠ ᠪᠡᠯᠡ ᠮᠥᠩᠭᠦ ᠶᠢ ᠪᠠᠭᠤᠯᠭᠠᠨ᠂ 20 ᠠᠵᠢᠯᠯᠠᠬᠤ ᠡᠳᠦᠷ ᠤᠨ ᠳᠣᠲᠣᠷ᠎ᠠ ᠣᠯᠭᠤᠬᠤ ᠠᠵᠢᠯ ᠢᠶᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢᠨ ᠬᠡᠪᠴᠢᠶ᠎ᠡ ᠪᠣᠯᠤᠨ ᠬᠦᠷᠳᠡᠬᠦ ᠡᠲᠡᠭᠡᠳ ᠢ ᠳᠣᠭᠳᠠᠭᠠᠯ ᠶᠣᠰᠣᠭᠠᠷ ᠴᠢᠩᠭ᠎ᠠ ᠵᠢᠷᠤᠮᠯᠠᠨ ᠨᠥᠬᠦᠪᠥᠷᠢ ᠣᠯᠭᠤᠵᠤ᠂ ᠪᠠᠲᠤᠯᠠᠭ᠎ᠠ ᠬᠦᠷᠳᠡᠬᠦ ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠰᠢᠨᠡᠳᠬᠡᠵᠦ᠂        ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠶᠢ ᠨᠢ ᠨᠥᠬᠦᠪᠥᠷᠢᠯᠡᠬᠦ︾ ᠶᠢ ᠪᠡᠶᠡᠯᠡᠭᠦᠯᠬᠦ ᠬᠡᠷᠡᠭᠲᠡᠶ᠃      ︵ᠭᠤᠷᠪᠠ︶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠦᠷᠦᠭᠦᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠵᠣᠬᠢᠴᠠᠭᠤᠯᠬᠤ ᠠᠵᠢᠯ ᠢᠶᠠᠨ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠠᠶᠢᠮᠠᠭ ᠤᠨ ᠵᠠᠬᠢᠷᠭ᠎ᠠ ᠳᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠣᠯᠭᠤᠭᠰᠠᠨ ᠪᠠᠶᠢᠳᠠᠯ ᠢᠶᠠᠨ ᠰᠠᠷ᠎ᠠ ᠪᠠᠷ ᠨᠢᠭᠡᠴᠢᠯᠡᠨ ᠮᠡᠳᠡᠭᠦᠯᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠡᠯ᠎ᠡ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠭᠰᠡᠨ ᠨᠢ ᠬᠠᠭᠤᠷᠮᠠᠭ᠂ ᠨᠥᠬᠦᠪᠥᠷᠢ ᠣᠯᠭᠤᠭᠰᠠᠨ ᠨᠢ ᠴᠠᠭ ᠲᠤᠬᠠᠶ ᠳᠤᠨᠢ ᠪᠤᠰᠤ ᠪᠠᠶᠢᠭ᠎ᠠ ᠬᠤᠰᠢᠭᠤ ︵ᠨᠡᠭᠡᠭᠡᠯᠳᠡ ᠶᠢᠨ ᠣᠷᠣᠨ︶ ᠪᠣᠯᠤᠨ ᠰᠠᠯᠠᠭ᠎ᠠ ᠮᠥᠴᠢᠷ ᠢ ᠣᠯᠠᠨ ᠳᠤ ᠵᠠᠷᠯᠠᠨ ᠮᠡᠳᠡᠭᠳᠡᠬᠦ ᠬᠡᠷᠡᠭᠲᠡᠶ᠃      ︵ᠳᠥᠷᠪᠡ︶ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠬᠤᠰᠢᠭᠤ     ︵ᠨᠡᠭᠡᠭᠡᠯᠳᠡ ᠶᠢᠨ ᠣᠷᠣᠨ︶ ᠨᠢ ᠣᠲᠣ ᠶᠢᠨ ᠪᠠᠶᠢᠭ᠎ᠠ ᠠᠷᠭ᠎ᠠ ᠵᠠᠮ ᠢᠶᠠᠷ ᠳᠠᠮᠵᠢᠭᠤᠯᠤᠨ ᠬᠦᠴᠢᠷᠳᠡᠯᠲᠡᠶ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠣᠯᠭᠤᠬᠤ ᠳᠠᠭᠠᠨ᠂ ᠣᠯᠭᠤᠭᠰᠠᠨ ᠨᠥᠬᠦᠪᠥᠷᠢ ᠶᠢ   ︽ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ︾ ᠭᠡᠳᠡᠭ ᠢ ᠲᠣᠳᠣᠷᠬᠠᠶᠢᠯᠠᠬᠤ ᠬᠡᠷᠡᠭᠲᠡᠶ᠃      ︵ᠲᠠᠪᠤ︶ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂      ︽ᠠᠯᠠᠱᠠ ᠠᠶᠢᠮᠠᠭ ᠤᠨ ᠨᠡᠶᠢᠭᠡᠮ ᠤᠨ ᠠᠪᠣᠷᠠᠨ ᠳᠣᠰᠠᠯᠠᠯᠳᠠ  ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠳᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠮᠡᠳᠡᠭᠳᠡᠯ︾     ︵ᠵᠠᠬᠢᠷᠭ᠎ᠠ ᠠᠯᠪᠠᠨ ᠲᠠᠷᠬᠠᠭᠠᠭᠰᠠᠨ〔2019〕50 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号