︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2021/5/19
     5 ᠰᠠᠷ᠎ᠠ ᠶᠢᠨ 16 ᠤ ᠡᠳᠦᠷ ᠬᠡᠪᠯᠡᠭᠳᠡᠭᠰᠡᠨ ᠠᠷᠪᠠᠳᠣᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠬᠯᠠᠵᠤ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠨ᠂ ᠬᠤᠪᠢᠰᠬᠠᠯ ᠤᠨ ᠲᠦᠷᠦ ᠶᠢ ᠦᠶ᠎ᠡ ᠶᠢᠨ ᠦᠶ᠎ᠡ ᠳᠡᠭᠡᠨ ᠤᠯᠠᠮᠵᠢᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃      ᠵᠣᠬᠢᠶᠠᠯ ᠳᠤ᠂ ᠬᠤᠪᠢᠰᠬᠠᠯ ᠤᠨ ᠮᠦᠽᠧᠢ᠂ ᠳᠤᠷᠠᠰᠬᠠᠯ ᠤᠨ ᠣᠷᠳᠣᠨ᠂ ᠨᠠᠮ ᠤᠨ ᠲᠡᠦᠬᠡ ᠶᠢᠨ ᠣᠷᠳᠣᠨ᠂ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠵᠡᠷᠭᠡ ᠪᠣᠯ ᠨᠠᠮ ᠪᠣᠯᠤᠨ ᠤᠯᠤᠰ ᠤᠨ ᠬᠤᠪᠢᠰᠬᠠᠯ ᠤᠨ ᠤᠳᠤᠮᠰᠢᠯ ᠤᠨ ᠬᠥᠮᠥᠷᠭᠡ ᠮᠦᠨ᠃ ᠬᠤᠪᠢᠰᠬᠠᠯ ᠤᠨ ᠡᠬᠢ ᠪᠠᠶᠠᠯᠢᠭ ᠢᠶᠠᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠠᠮᠢᠳᠤᠯᠢᠭ ᠵᠢᠭᠠᠬᠤ ᠮᠠᠲ᠋ᠧᠷᠢᠶᠠᠯ ᠪᠣᠯᠭᠠᠵᠤ᠂ ᠨᠠᠮ ᠤᠨ ᠦᠯᠢᠭᠡᠷ᠂ ᠬᠤᠪᠢᠰᠬᠠᠯ ᠤᠨ ᠦᠯᠢᠭᠡᠷ᠂ ᠰᠠᠭᠤᠷᠢᠨ ᠭᠠᠵᠠᠷ ᠤᠨ ᠦᠯᠢᠭᠡᠷ᠂ ᠪᠠᠭᠠᠲᠤᠷᠴᠤᠳ ᠪᠣᠯᠤᠨ ᠦᠷᠡᠭᠳᠡᠭᠰᠡᠨ ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠤᠯᠠᠮᠵᠢᠯᠠᠯ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠬᠥᠮᠦᠵᠢᠯ ᠢ ᠴᠢᠩᠭᠠᠳᠬᠠᠨ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠤ᠂ ᠬᠤᠪᠢᠰᠬᠠᠯ ᠤᠨ ᠲᠦᠷᠦ ᠥᠨᠢ ᠡᠭᠦᠷᠢᠳᠡ ᠦᠡᠭᠭᠡ ᠬᠤᠪᠢᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠵᠣᠬᠢᠶᠠᠯ ᠳᠤ᠂ ᠪᠢ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠳᠤ ᠰᠢᠨᠵᠢᠯᠡᠨ ᠪᠠᠶᠢᠴᠠᠭᠠᠬᠤ ᠪᠣᠯᠭᠠᠨ ᠴᠥᠮ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠭᠠᠵᠠᠷ ᠢ ᠪᠠᠷᠠᠯᠠᠳᠠᠭ᠂ ᠡᠨᠡ ᠨᠢ ᠳᠠᠷᠤᠢ ᠪᠦᠬᠦ ᠨᠠᠮ ᠤᠨ ᠨᠥᠬᠦᠳ ᠲᠤ ᠬᠤᠪᠢᠰᠬᠠᠯ ᠤᠨ ᠵᠠᠰᠠᠭ ᠶᠠᠭᠠᠬᠢᠵᠤ ᠢᠷᠡᠭᠰᠡᠨ᠂ ᠰᠢᠨ᠎ᠡ ᠳᠤᠮᠳᠠᠳᠤ ᠤᠯᠤᠰ ᠶᠠᠭᠠᠬᠢᠵᠤ ᠢᠷᠡᠭᠰᠡᠨ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠶᠠᠭᠠᠬᠢᠵᠤ ᠢᠷᠡᠭᠰᠡᠨ ᠢ ᠮᠠᠷᠲᠠᠵᠤ ᠪᠣᠯᠬᠤ ᠦᠭᠡᠢ ᠭᠡᠳᠡᠭ ᠢ ᠰᠡᠷᠡᠮᠵᠢᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠤᠯᠠᠭᠠᠨ ᠲᠤᠭ ᠢ ᠥᠨᠳᠥᠷ ᠮᠠᠨᠳᠤᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ ᠵᠠᠮᠨᠠᠵᠤ᠂ ᠠᠬᠠᠮᠠᠳ ᠨᠢᠭᠡ ᠦᠶ᠎ᠡ ᠶᠢᠨ ᠬᠢᠨ ᠤ ᠡᠭᠦᠳᠦᠨ ᠪᠦᠲᠦᠭᠡᠭᠰᠡᠨ ᠦᠢᠯᠡᠰ ᠢ ᠲᠠᠰᠤᠷᠠᠯᠲᠠ ᠦᠭᠡᠢ ᠤᠷᠤᠬᠰᠢ ᠠᠬᠢᠭᠤᠯᠤᠨ᠎ᠠ ᠭᠡᠳᠡᠭ ᠢ ᠲᠤᠩᠬᠠᠭᠯᠠᠬᠤ ᠶᠢᠨ ᠲᠥᠯᠥᠭᠡ ᠶᠤᠮ ᠭᠡᠪᠠ᠃       ᠵᠣᠬᠢᠶᠠᠯ ᠳᠤ᠂ ᠢᠮᠠᠬᠤ ᠶᠢᠨ ᠳᠡᠳᠦᠢ ᠭᠠᠵᠠᠷ ᠰᠢᠷᠤᠢ ᠶᠢ ᠴᠦ ᠬᠠᠯᠠᠭᠤᠨ ᠴᠢᠰᠤ ᠪᠠᠷ ᠰᠤᠯᠢᠵᠦ ᠠᠪᠴᠢᠷᠠᠭᠰᠠᠨ ᠶᠤᠮ᠂ ᠠᠳᠬᠤ ᠳᠡᠳᠦᠢ ᠬᠠᠯᠠᠭᠤᠨ ᠬᠦᠷᠦᠰᠦᠨ ᠳᠤ ᠴᠦ ᠠᠷᠢᠭᠤᠨ ᠰᠦᠨᠡᠰᠦ ᠤᠷᠤᠰᠢᠵᠦ ᠪᠠᠶᠢᠭ᠎ᠠ ᠶᠤᠮ᠃ ᠰᠢᠨ᠎ᠡ ᠳᠤᠮᠳᠠᠳᠤ ᠤᠯᠤᠰ ᠢ ᠲᠤᠭ᠎ᠠ ᠲᠣᠮᠰᠢ ᠦᠭᠡᠢ ᠤᠯᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠴᠣᠭᠴᠠᠯᠠᠭᠰᠠᠨ ᠶᠤᠮ᠃ ᠬᠤᠪᠢᠰᠬᠠᠯ ᠤᠨ ᠵᠠᠰᠠᠭ ᠤᠨ ᠬᠢᠯᠪᠠᠷ ᠪᠤᠰᠤ ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠢᠯᠪᠠᠷ ᠪᠤᠰᠤ ᠪᠠᠷ ᠢᠷᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠪᠢᠳᠡ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠬᠦ ᠭᠡᠷᠡᠭᠲᠡᠢ᠂ ᠪᠢᠳᠡ ᠲᠡᠳᠡᠨ ᠢ ᠡᠭᠦᠷᠢᠳᠡ ᠳᠤᠷᠠᠰᠤᠨ ᠰᠠᠨᠠᠭᠠᠯᠵᠠᠵᠤ᠂ ᠲᠡᠳᠡᠨ ᠢ ᠪᠠᠲᠤ ᠴᠡᠭᠡᠵᠢᠯᠡᠵᠦ᠂ ᠲᠡᠳᠡᠨ ᠤ ᠬᠤᠪᠢᠰᠬᠠᠯᠲᠤ ᠤᠳᠤᠮᠰᠢᠯ ᠢ ᠰᠠᠶᠢᠲᠤᠷ ᠤᠯᠠᠮᠵᠢᠯᠠᠬᠤ ᠬᠡᠷᠡᠭᠳᠠᠢ᠃ ᠠᠵᠢᠯ ᠦᠢᠯᠡᠰ ᠤᠨ ᠬᠥᠭᠵᠢᠯᠲᠡ ᠡᠭᠦᠷᠢᠳᠡ ᠵᠤᠭᠰᠤᠰᠢ ᠦᠭᠡᠢ᠂ ᠡᠪ ᠬᠠᠮᠲᠤᠴᠤᠳ ᠤᠨ ᠠᠩᠬᠠᠨ ᠤ ᠵᠣᠷᠢᠯᠳᠠ ᠡᠭᠦᠷᠢᠳᠡ ᠬᠤᠪᠢᠷᠠᠵᠤ ᠪᠣᠯᠬᠤ ᠦᠭᠡᠢ᠃ ᠭᠠᠭᠴᠠᠬᠦ ᠠᠩᠬᠠᠨ ᠤ ᠵᠣᠷᠢᠯᠳᠠ ᠪᠠᠨ ᠥᠯᠥ ᠮᠠᠷᠲᠠᠪᠠᠯ ᠰᠠᠶ᠋ᠢ ᠲᠡᠦᠬᠡ ᠶᠢ ᠲᠠᠶᠢᠳᠬᠤᠷᠠᠭᠤᠯᠵᠤ᠂ ᠤᠷᠢᠳᠤᠰ ᠢ ᠲᠠᠶᠢᠳᠬᠤᠷᠠᠭᠤᠯᠵᠤ ᠴᠢᠳᠠᠨ᠎ᠠ᠂ ᠠᠷᠠᠳ ᠤᠨ ᠰᠡᠳᠬᠢᠯ ᠢ ᠣᠯᠵᠤ᠂ ᠴᠠᠭ ᠦᠶ᠎ᠡ ᠶᠢ ᠣᠯᠵᠤ ᠴᠢᠳᠠᠨ᠎ᠠ᠂ ᠴᠢᠳᠠᠮᠠᠭᠠᠢ ᠠᠵᠢᠯᠯᠠᠨ ᠠᠮᠵᠢᠯᠳᠠ ᠪᠦᠳᠦᠮᠵᠢ ᠭᠠᠷᠭᠠᠵᠦ᠂ ᠴᠤᠴᠠᠯᠲᠠ ᠥᠬᠡᠶ ᠤᠷᠤᠭᠰᠢᠯᠠᠵᠤ ᠴᠢᠳᠠᠨ᠎ᠠ ᠭᠡᠪᠠ᠃    ᠵᠣᠬᠢᠶᠠᠯ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠲᠡᠦᠬᠡ ᠶᠢ ᠰᠤᠷᠤᠯᠴᠠᠨ ᠶᠣᠰᠣ ᠤᠴᠢᠷ ᠢ ᠮᠡᠳᠡᠬᠦ ᠬᠡᠷᠡᠭᠲᠡᠢ᠂ ᠶᠣᠰᠣ ᠤᠴᠢᠷ ᠢ ᠮᠡᠳᠡᠬᠦ ᠪᠣᠯ ᠢᠲᠡᠭᠡᠯ ᠢ ᠨᠡᠮᠡᠭᠳᠡᠭᠦᠯᠬᠦ᠂ ᠶᠣᠰᠣ ᠰᠤᠷᠲᠠᠬᠤᠨ ᠢ ᠲᠡᠭᠡᠳᠦᠯᠡᠬᠦ᠂ ᠴᠢᠷᠮᠠᠶᠢᠨ ᠦᠢᠯᠡᠳᠦᠯᠭᠡᠵᠢᠭᠦᠯᠬᠦ ᠶᠢᠨ ᠤᠷᠢᠲᠠᠯ ᠮᠥᠨ᠃ ᠨᠠᠮ ᠤᠨ ᠬᠡᠷᠡᠯ ᠰᠠᠴᠤᠷᠠᠩᠭᠤᠢ ᠠᠮᠵᠢᠯᠲᠠ᠂ ᠪᠡᠷᠬᠡ ᠬᠠᠲᠠᠭᠤᠵᠢᠯᠲᠠᠢ ᠥᠩᠭᠡᠷᠡᠯᠲᠡ᠂ ᠲᠡᠦᠬᠡ ᠶᠢᠨ ᠲᠤᠷᠰᠢᠯᠭ᠎ᠠ᠂ ᠰᠢᠯᠢᠳᠡᠭ ᠤᠯᠠᠮᠵᠢᠯᠠᠯ ᠳᠤᠮᠳᠠ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠳᠡᠶᠢᠯᠬᠦ᠂ ᠮᠠᠷᠺᠰ ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠬᠤ ᠵᠡᠷᠭᠡ ᠶᠣᠰᠣ ᠶᠢ ᠭᠦᠨᠵᠡᠭᠡᠢ ᠣᠶᠢᠯᠠᠭᠠᠵᠤ᠂ ᠲᠡᠭᠦᠨ ᠤ ᠳᠣᠲᠣᠷᠠᠬᠢ ᠲᠡᠦᠬᠡ ᠶᠢᠨ ᠯᠣᠭᠢᠭ᠂ ᠤᠨᠤᠯ ᠤᠨ ᠯᠣᠭᠢᠭ᠂ ᠦᠢᠯᠡᠳᠦᠯᠭᠡ ᠶᠢᠨ ᠯᠣᠭᠢᠭ ᠢ ᠲᠣᠳᠣᠷᠬᠠᠢ ᠣᠶᠢᠯᠠᠭᠠᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠠᠰᠢᠬᠯᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ︽ᠲᠦᠷᠪᠡᠨ ᠤᠬᠠᠮᠰᠠᠷ︾ ᠢ ᠨᠢ ᠴᠢᠩᠭᠠᠳᠬᠠᠨ᠂ ︽ᠲᠦᠷᠪᠡᠨ ᠢᠲᠡᠭᠡᠯ︾ ᠢ ᠨᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号