ᠦᠨᠳᠦᠰᠦᠲᠡᠨ ᠤ ᠪᠦᠯᠬᠦᠮᠳᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠰᠡᠳᠬᠢᠯ ᠢᠶᠠᠨ ᠨᠢᠭᠳᠠᠷᠠᠭᠤᠯᠣᠨ ᠬᠦᠴᠦ ᠪᠠᠨ ᠬᠠᠮᠲᠤᠳᠬᠠᠵᠤ ᠠᠭᠤᠤ ᠶᠡᠭᠡ ᠳᠤᠮᠳᠠᠳᠤ ᠶᠢᠨ ᠬᠦᠰᠡᠯᠡᠩ ᠢ ᠬᠠᠮᠳᠣ ᠪᠠᠷ ᠪᠡᠶᠡᠯᠡᠬᠦᠯᠦᠶ᠎ᠡ
ᠨᠡᠶᠢᠲᠡᠯᠡᠭᠰᠡᠨ ᠴᠠᠭ᠄
2021/5/21
      — ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳ᠋ᠦᠩ ᠹᠧᠩ ᠰᠠᠨᠰᠠᠷ ᠤᠨ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠶᠢ ᠰᠤᠷᠪᠤᠯᠵᠢᠯᠠᠭᠰᠠᠨ ᠨᠢ       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠡᠷᠴᠢ ᠬᠦᠴᠦ ᠪᠠ ᠰᠦᠭ ᠰᠦᠨᠡᠰᠦ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠰᠢᠨ᠎ᠡ ᠴᠠᠭ ᠦᠶ᠎ᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠲᠦᠢᠯ ᠤᠨ ᠴᠢᠬᠤᠯᠠ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠲᠤᠬᠠᠶ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠳ᠋ᠦᠩ  ᠹᠧᠩ ᠰᠠᠨᠰᠠᠷ ᠤᠨ ᠬᠤᠲᠠ ᠳᠤ ᠰᠠᠭᠤᠭ᠎ᠠ  ᠵᠠᠰᠠᠭ ᠤᠨ ᠣᠷᠳᠣᠨ ᠤ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠮᠥᠩᠬᠡ ᠶᠢ ᠲᠤᠰᠬᠠᠶᠢᠯᠠᠨ ᠰᠤᠷᠪᠤᠯᠵᠢᠯᠠᠪᠠ᠃      ᠮᠥᠩᠬᠡ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠦᠨᠳᠦᠰᠦᠲᠡᠨ ᠤ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠪᠢᠳᠡ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠦᠯᠦᠬᠡᠢ ᠶᠢ ᠪᠠᠶᠢᠭᠤᠯᠬᠤ᠂ ᠦᠨᠳᠦᠰᠦᠲᠡᠨ ᠤ ᠳᠣᠬᠠᠢ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ ᠭᠡᠵᠦ ᠢᠯᠡᠳᠬᠡᠪᠡ᠃      ᠮᠥᠩᠬᠡ᠄ ︽ᠦᠨᠳᠦᠰᠦᠨ ᠱᠠᠲᠤᠨ ᠠᠴᠠ ᠦᠰᠦᠨ ᠪᠤᠶᠢᠵᠢᠭᠰᠠᠨ ᠮᠣᠩᠭᠤᠯ ᠦᠨᠳᠦᠰᠦᠲᠡᠨ ᠤ ᠺᠠᠳ᠋ᠷ ᠪᠣᠯᠤᠭᠰᠠᠨ ᠤ ᠬᠤᠪᠢ ᠳᠤ᠂ ᠡᠵᠡᠨ᠎ᠡ ᠬᠤᠰᠢᠭᠤᠨ ᠳᠤ ᠣᠯᠠᠨ ᠵᠢᠯ ᠠᠵᠢᠯᠯᠠᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠨᠠᠩ ᠭᠦᠨᠵᠡᠭᠡᠶ ᠲᠥᠷᠥᠭᠳᠡᠯ ᠲᠠᠢ ᠪᠣᠯᠵᠠᠶ᠃ ᠣᠯᠠᠨ ᠵᠢᠯ ᠤᠨ ᠲᠤᠷᠰᠢ᠂ ᠡᠵᠡᠨ᠎ᠡ ᠬᠤᠰᠢᠭᠤ ᠢᠮᠠᠭᠲᠠ ᠦᠨᠳᠦᠰᠦᠲᠡᠨ ᠤ ᠪᠦᠯᠬᠦᠮᠳᠡᠯ ᠤᠨ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠳᠣᠣᠱᠯᠠᠭᠤᠯᠵᠦ᠂ ᠦᠨᠳᠦᠰᠦᠲᠡᠨ ᠨᠦᠭᠦᠳ ᠤᠨ ︿ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ﹀ ᠭᠤᠤᠯ ᠰᠡᠳᠦᠪ ᠤᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ   ︿ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠶ ᠠᠬᠢᠭᠤᠯᠬᠤ﹀ ᠱᠠᠭᠠᠷᠳᠠᠯᠭ᠎ᠠ ᠶᠢ ᠬᠦᠴᠦᠯᠡᠨ ᠦᠢᠯᠡᠳᠦᠯᠬᠡᠵᠢᠬᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠵᠡᠨ᠎ᠡ ᠶᠢᠨ ᠣᠨᠴᠠᠯᠢᠭ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠠᠮ ᠢ ᠨᠡᠭᠡᠭᠡᠭᠰᠡᠨ ᠪᠠᠶᠢᠨ᠎ᠠ᠃ 1983 ᠣᠨ ᠠᠴᠠ ᠨᠠᠰᠢ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠯᠤᠰ ᠤᠨ ᠲᠡᠰ ᠤᠨ ᠲᠡᠷᠢᠭᠦᠨ ᠤ ᠬᠠᠮᠲᠤ ᠨᠡᠶᠢᠲᠡ 3᠂ ᠲᠡᠷᠢᠭᠦᠨ ᠤ ᠬᠤᠪᠢ ᠬᠥᠮᠦᠨ 4᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠡᠷᠢᠭᠦᠨ ᠤ ᠬᠠᠮᠲᠤ ᠨᠡᠶᠢᠲᠡ 13᠂ ᠲᠡᠷᠢᠭᠦᠨ ᠤ ᠬᠤᠪᠢ ᠬᠥᠮᠦᠨ 12᠂ ᠠᠶᠢᠮᠠᠭ ᠤᠨ ᠲᠡᠰ ᠤᠨ ᠲᠡᠷᠢᠭᠦᠨ ᠤ ᠬᠠᠮᠲᠤ ᠨᠡᠶᠢᠲᠡ 36᠂ ᠲᠡᠷᠢᠭᠦᠨ ᠤ ᠬᠤᠪᠢ ᠬᠥᠮᠦᠨ 55 ᠴᠣᠯᠭᠤᠷᠠᠨ ᠭᠠᠷᠴᠠᠢ᠃ ᠡᠲᠡᠭᠡᠷ ᠠᠮᠵᠢᠯᠲᠠ ᠨᠢ ᠭᠤᠤᠯᠳᠠᠭᠤ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠨᠢᠭᠳᠠᠷᠠᠵᠦ᠂ ᠬᠠᠮᠲᠤ ᠪᠠᠷ ᠬᠥᠭᠵᠢᠭᠰᠡᠨ ᠦᠷ᠎ᠡ ᠪᠦᠳᠦᠮᠵᠢ ᠳᠤ ᠳᠦᠰᠢᠭᠯᠡᠭᠰᠡᠨ ᠶᠣᠮ︾ ᠬᠡᠵᠡᠢ᠃      ᠮᠥᠩᠬᠡ᠄ ︽ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠠᠵᠢᠯ ᠢᠶᠠᠨ ᠨᠠᠷᠢᠯᠢᠭ ᠪᠣᠳᠠᠲᠠᠢ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠳᠤᠮᠳᠠ᠂ ᠪᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ  ᠪᠠᠶᠢᠩᠭᠤ ᠦᠷᠨᠢᠬᠦᠯᠦᠨ᠎ᠡ︾ ᠬᠡᠪᠡ᠃      ᠮᠥᠩᠬᠡ ᠠᠴᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠲᠠᠢ ᠦᠢᠯᠡᠰ ᠪᠣᠯᠭᠠᠨ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠠᠵᠢᠯ ᠢ ᠴᠢᠩᠭᠠᠳᠬᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠨ   ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠪᠣᠳᠠᠲᠠᠶ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠶᠢ ᠡᠷᠡᠰ ᠭᠤᠶᠢᠪᠢᠰᠢ ᠥᠬᠡᠶ᠂ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠢᠵᠦ᠂ ᠡᠨᠡᠬᠦ ᠠᠵᠢᠯ ᠢ ᠡᠵᠡᠨ᠎ᠡ ᠳᠤ ᠪᠥᠬᠦ ᠲᠠᠯ᠎ᠠ ᠪᠠᠷ ᠤᠷᠤᠭᠰᠢᠲᠠᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠴᠢᠬᠤᠯᠠ ᠪᠠᠶᠢᠷᠢᠨ ᠳᠤ ᠳᠠᠯᠪᠢᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠠᠶᠢᠲᠤᠷ ᠰᠣᠷᠣᠯᠴᠠᠵᠦ ᠳᠣᠣᠱᠯᠠᠭᠤᠯᠣᠨ᠂ ᠡᠯ᠎ᠡ ᠵᠦᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠪᠠᠷᠢᠮᠳᠠᠯᠠᠨ ᠪᠠᠳᠠᠷᠠᠭᠤᠯᠵᠦ᠂ ᠬᠤᠲᠠ ᠶᠢᠨ ᠦᠨᠳᠦᠰᠦᠲᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠨ ᠦᠢᠯᠡᠳᠦᠯᠬᠡᠵᠢᠬᠦᠯᠵᠦ᠂ ᠲᠠᠯᠠᠪᠠᠢ ᠵᠡᠭᠡᠯᠢ ᠭᠤᠳᠤᠮᠵᠢ᠂ ᠰᠣᠶᠣᠯ ᠤᠨ ᠣᠷᠳᠣᠨ᠂ ᠵᠢᠭᠤᠯᠴᠢᠯᠠᠯ ᠤᠨ ᠲᠥᠬᠦᠭᠡᠷᠦᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤᠮᠳᠠ ᠳᠤᠮᠳᠠᠳᠤ ᠶᠢᠨ ᠦᠨᠳᠦᠰᠦᠲᠡᠨ ᠤ ᠡᠯᠧᠮᠧᠨ᠋ᠲ᠂ ᠳᠤᠮᠳᠠᠳᠤ ᠶᠢᠨ ᠰᠣᠶᠣᠯ ᠤᠨ ᠣᠨᠴᠠᠯᠢᠭ ᠢ ᠬᠦᠢᠴᠡᠳ ᠠᠭᠤᠰᠣᠭᠤᠯᠵᠦ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ ᠣᠷᠣᠭᠤᠯᠵᠦ᠂ ᠰᠤᠷᠭᠠᠭᠤᠯᠢ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠬᠡᠪᠰᠢᠭᠰᠡᠨ ᠲᠣᠭᠲᠠᠴᠠ ᠶᠢ ᠪᠠᠶᠢᠭᠤᠯᠣᠨ᠂ ᠬᠠᠮ ᠵᠠᠭᠤᠴᠢᠯᠠᠭᠤᠷ᠂ ᠢᠨᠲ᠋ᠧᠷ ᠰᠦᠯᠵᠢᠶ᠎ᠡ ᠶᠢ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠵᠡᠨ᠎ᠡ ᠶᠢᠨ ᠦᠯᠢᠭᠡᠷ ᠢ ᠰᠠᠶᠢᠲᠤᠷ ᠶᠠᠷᠢᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠣᠯᠤᠨ ᠦᠨᠳᠦᠰᠦᠲᠡᠨ ᠤ ᠠᠵᠢᠯ ᠤᠨ ᠺᠠᠳ᠋ᠷᠴᠤᠳ ᠤᠨ ᠴᠢᠳᠠᠪᠤᠷᠢ ᠪᠣᠯᠤᠨ ᠬᠡᠪ ᠴᠢᠨᠠᠷ ᠢ ᠲᠡᠰᠦᠷᠡᠯᠳᠠ ᠤᠢᠭᠡᠢ ᠳᠡᠭᠡᠭᠰᠢᠯᠡᠬᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠶᠢ ᠵᠢᠷᠤᠮᠯᠠᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠶᠢ ᠬᠥᠲᠥᠯᠥᠨ ᠵᠢᠯᠣᠭᠤᠳᠴᠦ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠦᠨᠳᠦᠰᠦᠲᠡᠨ ᠤ ᠬᠠᠷᠢᠴᠠᠭ᠎ᠠ ᠶᠢ  ᠵᠣᠬᠢᠴᠠᠭᠤᠯᠵᠦ᠂ ᠦᠨᠳᠦᠰᠦᠲᠡᠨ ᠤ ᠪᠦᠯᠬᠦᠮᠳᠡᠯ ᠢ ᠪᠠᠲᠤᠯᠠᠬᠤ ᠬᠡᠷᠡᠭᠳᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠲᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠢ ᠪᠣᠯᠭᠠᠨ ᠪᠠᠳᠠᠷᠠᠭᠤᠯᠬᠤ ᠶᠢ ᠴᠢᠬᠤᠯᠠ ᠪᠠᠶᠢᠯᠳᠤᠬᠤ ᠪᠤᠳᠤᠯᠭ᠎ᠠ ᠶᠢᠨ ᠡᠭᠦᠷᠭᠡ ᠪᠣᠯᠭᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨᠡᠴᠢᠯᠡᠨ ᠬᠡᠷᠡᠭᠵᠢᠭᠦᠯᠵᠦ᠂ ᠰᠢᠯᠢᠳᠡᠭ ᠤᠯᠠᠮᠵᠢᠯᠠᠯᠲᠤ ᠰᠣᠶᠣᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠰᠣᠶᠣᠯ ᠤᠨ ᠬᠠᠩᠭᠠᠯᠭ᠎ᠠ ᠪᠠᠷ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠪᠡ᠃      ᠮᠥᠩᠬᠡ᠄ ︽ᠳᠤᠮᠳᠠᠳᠤ ᠶᠢᠨ ᠦᠨᠳᠦᠰᠦᠲᠡᠨ ᠡᠯᠢᠬᠡᠨ ᠰᠠᠳᠣᠨ ᠮᠡᠲᠦ ᠡᠯᠢᠭᠡᠰᠡᠭ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠬᠦᠯᠬᠦ ᠪᠣᠯ ᠪᠥᠬᠦ ᠳᠤᠮᠳᠠᠳᠤ ᠶᠢᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠠᠷᠠᠯᠲᠠ ᠮᠥᠨ᠃ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ ᠭᠡᠳᠡᠭ ᠢ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠠᠵᠢᠯ ᠢᠶᠠᠨ ᠨᠠᠷᠢᠯᠢᠭ ᠪᠣᠳᠠᠲᠠᠢ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠳᠣᠳᠬᠠᠵᠦ᠂ 56 ᠦᠨᠳᠦᠰᠦᠲᠡᠨ ᠢ ᠢᠮᠠᠭᠲᠠ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦᠨ ᠨᠢᠭᠡᠲᠡᠢ ᠪᠣᠯᠭᠠᠵᠤ᠂ ᠠᠤᠭ᠎ᠠ ᠶᠡᠭᠡ ᠬᠥᠭᠵᠢᠯᠲᠡ ᠶᠢᠨ ᠬᠦᠴᠦᠨ ᠢ ᠨᠢᠭᠲᠠᠷᠠᠭᠤᠯᠪᠠᠯ᠂ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯᠡᠩ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠵᠤ ᠴᠢᠳᠠᠨ᠎ᠠ︾  ᠬᠡᠪᠡ᠃
 
ᠢᠷᠡᠯᠲᠡ᠄ ᠰᠣᠷᠣᠯᠴᠠᠯᠭ᠎ᠠ ᠪᠠᠷ ᠣᠯᠣᠰ ᠢᠶᠠᠨ ᠬᠦᠴᠦᠷᠭᠡᠭᠵᠢᠬᠦᠯᠬᠦ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号