ᠰᠢ ᠶᠢᠨ ᠫᠢᠩ ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠪᠦᠬᠡᠳ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/5/24
     5 ᠰᠠᠷ᠎ᠠ ᠶᠢᠨ 21 ᠤ ᠤᠷᠤᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠢᠯᠭ᠎ᠠ ᠪᠠᠷ ᠪᠡᠭᠡᠵᠢᠩ ᠳᠤ ᠸᠢᠳᠢᠣ᠋ ᠬᠡᠯᠪᠡᠷᠢ ᠪᠠᠷ ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ       ︽ᠭᠠᠷ ᠬᠤᠯᠪᠣᠨ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠬᠠᠮᠲᠤ ᠪᠠᠷ ᠪᠦᠳᠦᠬᠡᠨ ᠪᠠᠶᠢᠭᠤᠯᠤᠶ᠎ᠠ︾ ᠭᠡᠬᠦ ᠰᠡᠳᠦᠪ ᠲᠠᠢ ᠴᠢᠬᠤᠯᠠ ᠶᠠᠷᠢᠶ᠎ᠠ ᠲᠠᠯᠪᠢᠪᠠ᠃      ᠰᠢ ᠶᠢᠨ ᠫᠢᠩ᠂ ᠵᠢᠯ ᠭᠠᠷᠤᠢ ᠶᠢᠨ ᠲᠤᠷᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠬᠢᠨ ᠳᠡᠪᠳᠠᠨ ᠡᠬᠦᠰᠴᠤ᠂ ᠵᠠᠭᠤᠨ ᠵᠢᠯ ᠤᠨ ᠲᠤᠷᠰᠢᠬᠢ ᠡᠨᠡ ᠬᠦ ᠬᠠᠮᠤᠭ ᠤᠨ ᠬᠦᠨᠳᠦ ᠨᠣᠴᠢᠲᠠᠢ ᠬᠠᠯᠳᠠᠪᠤᠷᠢᠲᠤ ᠡᠪᠡᠳᠴᠢᠨ ᠦᠷᠪᠢᠰᠦᠨ ᠳᠡᠯᠭᠡᠷᠡᠭᠰᠡᠭᠡᠷ ᠪᠠᠶᠢᠨ᠎ᠠ᠃ ᠬᠢᠵᠢᠭ ᠤᠨ ᠪᠠᠶᠢᠳᠠᠯ ᠢ ᠡᠷᠲᠡᠬᠡᠨ ᠢᠯᠠᠨ ᠳᠠᠪᠠᠵᠤ᠂ ᠠᠵᠤ ᠠᠬᠤᠢ ᠶᠢᠨ ᠨᠡᠮᠡᠭᠳᠡᠯ ᠢ ᠰᠡᠷᠭᠦᠭᠡᠬᠦ ᠪᠣᠯ ᠳᠡᠯᠡᠬᠡᠢ ᠨᠡᠶᠢᠭᠡᠮ ᠤᠨ ᠲᠡᠷᠢᠭᠦᠨ ᠴᠢᠬᠤᠯᠠ ᠡᠭᠦᠷᠭᠡ ᠮᠥᠨ᠃ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠬᠦᠨ ᠪᠦᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠣᠯᠤᠨ ᠲᠦᠪᠰᠢᠨ ᠢ ᠬᠦᠴᠦᠯᠡᠨ ᠳᠡᠭᠡᠭᠰᠢᠯᠡᠭᠦᠯᠪᠡᠯ ᠵᠣᠬᠢᠨ᠎ᠠ ᠬᠡᠪᠠ᠃
     ᠰᠢ ᠶᠢᠨ ᠫᠢᠩ ᠳᠠᠪᠣᠨ ᠳᠠᠯ᠎ᠠ ᠶᠢᠨ ᠰᠠᠨᠠᠯ ᠳᠤᠷᠠᠳᠴᠠᠢ᠄      ᠨᠢᠭᠡᠳᠦᠭᠡᠷ ᠲᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ᠃ ᠬᠢᠵᠢᠭ ᠲᠠᠢ ᠲᠡᠮᠡᠴᠡᠬᠦ ᠨᠢ ᠠᠷᠠᠳ ᠲᠦᠮᠡᠨ ᠤ ᠲᠥᠯᠥᠭᠡ ᠶᠤᠮ᠂ ᠪᠠᠰᠠ ᠡᠷᠬᠡᠪᠰᠢ ᠠᠷᠠᠳ ᠲᠦᠮᠡᠨ ᠳᠤ ᠲᠦᠰᠢᠭᠯᠡᠬᠦ ᠬᠡᠷᠡᠭᠲᠡᠢ᠂ ᠡᠷᠬᠡᠪᠰᠢ ᠲᠦᠢᠯ ᠤᠨ ᠶᠡᠭᠡ ᠤᠯᠤᠰ ᠲᠦᠷᠦ ᠶᠢᠨ ᠡᠭᠦᠷᠭᠡᠯᠡᠯ ᠪᠠ ᠰᠥᠰᠥ ᠵᠣᠷᠢᠭ ᠢᠶᠠᠷ᠂ ᠶᠡᠷᠦ ᠪᠤᠰᠤ ᠶᠢᠨ ᠠᠵᠢᠯᠯᠠᠭ᠎ᠠ ᠪᠠᠷ ᠶᠡᠷᠦ ᠪᠤᠰᠤ ᠶᠢᠨ ᠶᠠᠪᠤᠳᠠᠯ ᠢ ᠠᠷᠭᠠᠴᠠᠭᠠᠵᠤ᠂ ᠬᠥᠮᠦᠨ ᠨᠢᠭᠡᠪᠦᠷᠢ ᠶᠢᠨ ᠠᠮᠢ ᠨᠠᠰᠤᠨ ᠤ ᠦᠨ᠎ᠡ ᠦᠷᠳᠡᠭ ᠪᠠ ᠨᠡᠷ᠎ᠡ ᠬᠦᠨᠳᠦ ᠶᠢ ᠦᠨᠡᠨ ᠬᠦ ᠬᠦᠨᠳᠦᠳᠬᠡᠵᠦ᠂ ᠠᠷᠠᠳ ᠤᠯᠠᠨ ᠤ ᠠᠮᠢᠳᠤᠷᠠᠯ ᠪᠠᠭ᠎ᠠ ᠨᠥᠯᠥᠭᠡᠯᠡᠭᠳᠡᠬᠦ᠂ ᠨᠡᠶᠢᠭᠡᠮ ᠤᠨ ᠡᠮᠬᠢ ᠳᠢᠭᠯᠢᠮ ᠶᠡᠷᠦᠩᠬᠡᠢ ᠳᠡᠭᠡᠨ ᠬᠡᠪ ᠤᠨ ᠪᠠᠶᠢᠬᠤ ᠶᠢ ᠪᠠᠲᠤᠯᠠᠪᠠᠯ ᠵᠤᠬᠢᠨ᠎ᠠ᠃      ᠬᠤᠶᠠᠳᠤᠭᠠᠷ ᠲᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠰᠢᠰᠲ᠋ᠧᠮ ᠲᠠᠢ ᠠᠷᠭᠠᠴᠠᠭᠠᠬᠤ ᠶᠢ ᠪᠠᠷᠢᠮᠲᠠᠯᠠᠨ᠎ᠠ᠃ ᠡᠮ ᠤᠨ ᠵᠦᠢᠯ ᠪᠠ ᠡᠮ ᠤᠨ ᠪᠤᠰᠤ ᠵᠦᠢᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠵᠦ᠂ ᠪᠠᠶᠢᠩᠭᠤᠵᠢᠭᠤᠯᠤᠨ ᠣᠨᠣᠪᠴᠢᠳᠠᠢ ᠪᠠᠷ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠪᠡᠯ ᠵᠤᠬᠢᠨ᠎ᠠ᠃ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠬᠦᠨ ᠬᠠᠷᠢᠭᠤᠴᠠᠯᠭ᠎ᠠ ᠲᠠᠢ ᠪᠦᠬᠦᠢ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠠᠪᠴᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠰᠢᠭᠤᠳ ᠰᠢᠯᠤᠭᠤᠨ ᠡᠷᠭᠢᠯᠲᠡ ᠶᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠢᠯᠠᠩᠭᠤᠶ᠎ᠠ ᠬᠦᠴᠢᠷᠳᠡᠯ  ᠲᠠᠢ ᠣᠨᠴᠠ ᠶᠡᠭᠡ ᠪᠠᠭᠤᠷᠠᠢ ᠤᠯᠤᠰ ᠢ ᠦᠷᠭᠦᠯᠵᠢᠯᠡᠨ ᠳᠡᠮᠵᠢᠪᠡᠯ ᠵᠤᠬᠢᠨ᠎ᠠ᠃      ᠭᠤᠷᠪᠠᠳᠤᠭᠠᠷ ᠲᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠬᠤ ᠶᠢ ᠰᠠᠨᠠᠭᠠᠴᠢᠯᠠᠨ᠎ᠠ᠃ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠲᠥᠷᠥᠴᠢᠯᠡᠬᠦ᠂ ᠲᠡᠮᠳᠡᠭ ᠬᠠᠳᠠᠬᠤ᠂ ᠮᠠᠭᠤ ᠨᠡᠷ᠎ᠡ ᠵᠡᠭᠦᠯᠭᠡᠬᠦ ᠡᠯ᠎ᠡ ᠵᠦᠢᠯ ᠤᠨ ᠭᠤᠷᠢᠳᠠᠯᠭ᠎ᠠ ᠶᠢ ᠡᠷᠡᠰ ᠡᠰᠡᠷᠭᠦᠴᠡᠨ᠎ᠠ᠃ ᠤᠯᠤᠰ ᠲᠥᠷᠥ ᠶᠢᠨ ᠠᠵᠢᠯᠯᠠᠭ᠎ᠠ ᠠᠪᠬᠤ ᠨᠢ ᠲᠣᠰ ᠤᠯᠤᠰ ᠤᠨ ᠬᠢᠨ ᠤ ᠬᠢᠵᠢᠭ ᠲᠠᠢ ᠲᠡᠮᠡᠴᠡᠬᠦ ᠳᠤ ᠥᠴᠦᠬᠡᠨ ᠴᠦ ᠲᠤᠰᠠ ᠪᠣᠯᠬᠤ ᠥᠬᠡᠶ᠂ ᠵᠥᠪᠬᠡᠨ ᠣᠯᠠᠨ ᠤᠯᠤᠰ ᠤᠨ ᠬᠢᠵᠢᠭ ᠲᠠᠢ ᠲᠡᠮᠡᠴᠡᠬᠦ ᠬᠠᠮᠲᠤᠷᠠᠯᠴᠠᠭ᠎ᠠ ᠶᠢ ᠰᠠᠮᠠᠭᠤᠷᠠᠭᠤᠯᠵᠤ᠂ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠳᠤ ᠨᠠᠩ ᠶᠡᠭᠡ ᠬᠤᠬᠢᠷᠠᠯ ᠤᠴᠠᠷᠠᠭᠤᠯᠬᠤ ᠪᠣᠯᠤᠨ᠎ᠠ᠃      ᠳᠥᠷᠪᠡᠳᠦᠭᠡᠷ ᠲᠤ᠂ ᠲᠥᠪ ᠭᠤᠣᠯᠴᠢ ᠵᠦᠢ ᠵᠣᠬᠢᠰᠲᠠᠢ ᠪᠠᠶᠢᠬᠤ ᠶᠢ ᠪᠠᠷᠢᠮᠲᠠᠯᠠᠵᠤ᠂ ︽ᠡᠭᠡᠯᠢᠯᠡᠭᠡ ᠶᠢᠨ ᠵᠠᠭᠠᠭ︾ ᠢ ᠠᠨᠠᠭᠠᠨ᠎ᠠ᠃ ︽ᠸᠠᠺᠼᠢᠨ ᠤ ᠦᠨᠳᠦᠰᠦᠲᠡᠨ ᠤ ᠦᠵᠡᠯ︾ ᠢ ᠲᠠᠶᠠᠭᠳᠠᠵᠤ᠂ ᠸᠠᠺᠼᠢᠨ ᠤ ᠦᠢᠯᠡᠳᠪᠦᠷᠢᠯᠡᠯ ᠤᠨ ᠴᠢᠳᠠᠪᠤᠷᠢ ᠪᠣᠯᠤᠨ ᠬᠤᠪᠢᠶᠠᠷᠢᠯᠠᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠦᠷᠦᠯᠴᠠᠬᠦ᠋ᠢᠴᠡ ᠴᠢᠨᠠᠷ ᠪᠣᠯᠤᠨ ᠡᠭᠦᠷᠭᠡᠯᠡᠵᠦ ᠪᠣᠯᠬᠤ ᠴᠢᠨᠠᠷ ᠢ ᠴᠢᠩᠭᠠᠳᠬᠠᠨ᠎ᠠ᠃ ᠸᠠᠺᠼᠢᠨ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠲᠣᠮᠣ ᠤᠯᠤᠰ ᠬᠠᠷᠢᠭᠤᠴᠠᠯᠭ᠎ᠠ ᠪᠠᠨ ᠡᠭᠦᠷᠭᠡᠯᠡᠵᠦ᠂ ᠪᠠᠴᠢᠮ ᠬᠡᠷᠡᠭᠴᠡᠭᠡ ᠲᠠᠢ ᠬᠥᠭᠵᠢᠵᠦ ᠪᠠᠶᠢᠭ᠎ᠠ ᠤᠯᠤᠰ ᠲᠤ ᠸᠠᠺᠼᠢᠨ ᠢ ᠢᠯᠡᠭᠦᠬᠡᠨ ᠬᠠᠩᠭᠠᠨ᠎ᠠ᠃ ᠤᠯᠠᠨ ᠲᠠᠯᠠᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠥᠭᠵᠢᠵᠦ ᠪᠠᠶᠢᠭ᠎ᠠ ᠤᠯᠤᠰ ᠤᠳ ᠤᠨ ᠸᠠᠺᠼᠢᠨ ᠬᠤᠳᠠᠯᠳᠤᠨ ᠠᠪᠬᠤ ᠳᠤ ᠪᠡᠯᠡ ᠬᠤᠷᠠᠮᠳᠤᠭᠤᠯᠬᠤ ᠳᠡᠮᠵᠢᠯᠭᠡ ᠦᠵᠡᠭᠦᠯᠪᠡᠯ ᠵᠣᠬᠢᠨ᠎ᠠ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠶᠢ ᠲᠦᠷᠭᠡᠳᠬᠡᠨ ᠠᠬᠢᠭᠤᠯᠪᠠᠯ ᠵᠤᠬᠢᠨ᠎ᠠ᠃      ᠲᠠᠪᠤᠳᠤᠭᠠᠷ ᠲᠤ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠠᠨ ᠤᠯᠤᠰ ᠤᠨ ᠬᠤᠯᠪᠣᠭᠠᠲᠤ ᠪᠠᠶᠢᠭᠤᠯᠣᠯᠭ᠎ᠠ ᠪᠠ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠩᠭᠠᠳᠬᠠᠨ ᠪᠠᠳᠠᠷᠠᠭᠤᠯᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ᠬᠥᠭᠵᠢᠵᠦ ᠪᠠᠶᠢᠭ᠎ᠠ ᠤᠯᠤᠰ ᠤᠨ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠨ ᠲᠤᠰᠬᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ᠂ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ ᠪᠠ ᠪᠠᠲᠤᠯᠠᠬᠤ ᠴᠢᠳᠠᠪᠤᠷᠢ᠂ ᠬᠤᠳᠠᠯ ᠬᠠᠭᠤᠷᠮᠠᠭ ᠮᠡᠳᠡᠭᠡ ᠵᠠᠩᠭᠢ ᠳᠤ ᠴᠣᠬᠢᠯᠲᠠ ᠥᠭᠬᠦ ᠴᠢᠳᠠᠪᠤᠷᠢ᠂ ᠬᠥᠭᠵᠢᠵᠦ ᠪᠠᠶᠢᠭ᠎ᠠ ᠤᠯᠤᠰ ᠲᠤ ᠳᠡᠮᠵᠢᠯᠭᠡ ᠬᠠᠩᠭᠠᠬᠤ ᠴᠢᠳᠠᠪᠤᠷᠢ ᠶᠢ ᠳᠡᠬᠡᠭᠰᠢᠯᠡᠬᠦᠯᠤᠨ᠎ᠡ᠃      ᠪᠦᠬᠦ ᠪᠥᠮᠪᠥᠷᠴᠡᠭ ᠤᠨ ᠪᠦᠯᠬᠦᠮᠳᠡᠨ ᠬᠢᠵᠢᠭ ᠲᠠᠢ ᠲᠡᠮᠡᠴᠡᠬᠦ ᠶᠢ ᠦᠷᠭᠦᠯᠵᠢᠯᠡᠨ ᠳᠡᠮᠵᠢᠬᠦ ᠶᠢᠨ ᠲᠥᠯᠥᠭᠡ᠂ ᠰᠢ ᠶᠢᠨ ᠫᠢᠩ᠄      — ᠳᠤᠮᠳᠠᠳᠤ ᠤᠯᠤᠰ ᠢᠷᠡᠬᠦ 3 ᠵᠢᠯ ᠤᠨ ᠳᠣᠲᠣᠷ᠎ᠠ ᠲᠠᠬᠢᠨ 30 ᠳ᠋ᠦᠩᠰᠢᠭᠤᠷ ᠳ᠋ᠣᠯᠯᠠᠷ ᠤᠨ ᠤᠯᠠᠨ ᠤᠯᠤᠰ ᠤᠨ ᠲᠤᠰᠠᠯᠠᠮᠵᠢ ᠬᠠᠩᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠢᠵᠢᠭ ᠲᠠᠢ ᠲᠡᠮᠡᠴᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠰᠡᠷᠭᠦᠭᠡᠬᠦ ᠶᠢ ᠳᠡᠮᠵᠢᠬᠦ ᠳᠤ ᠬᠡᠷᠡᠭᠯᠡᠨ᠎ᠡ᠃      — ᠳᠤᠮᠳᠠᠳᠤ ᠤᠯᠤᠰ ᠨᠢᠭᠡᠨᠲᠡ ᠪᠥᠬᠦ ᠳᠡᠯᠡᠬᠡᠶ ᠳᠤ 3 ᠳ᠋ᠦᠩᠰᠢᠭᠤᠷ ᠸᠠᠺᠼᠢᠨ ᠬᠠᠩᠭᠠᠪᠠ᠂ ᠴᠢᠳᠠᠯ ᠤᠨ ᠬᠢᠷᠢ ᠪᠠᠷ ᠢᠶᠠᠨ ᠭᠠᠳᠠᠭᠠᠳᠤ ᠳᠤ ᠨᠠᠩ ᠣᠯᠠᠨ ᠸᠠᠺᠼᠢᠨ ᠬᠠᠩᠭᠠᠨ᠎ᠠ᠃      — ᠳᠤᠮᠳᠠᠳᠤ ᠤᠯᠤᠰ ᠲᠣᠰ ᠤᠯᠤᠰ ᠤᠨ ᠢᠶᠠᠨ ᠸᠠᠺᠼᠢᠨ ᠤ ᠠᠵᠤ ᠠᠬᠤᠶᠢᠯᠠᠯ ᠤᠨ ᠬᠥᠭᠵᠢᠵᠦ ᠪᠠᠶᠢᠭ᠎ᠠ ᠤᠯᠤᠰ ᠲᠤ ᠮᠡᠷᠭᠡᠵᠢᠯ ᠢᠶᠠᠨ ᠰᠢᠯᠵᠢᠭᠦᠯᠦᠨ ᠥᠭᠴᠦ᠂ ᠬᠠᠮᠲᠤᠷᠠᠨ ᠦᠢᠯᠡᠳᠪᠦᠷᠢᠯᠡᠬᠦ ᠶᠢ ᠳᠡᠮᠵᠢᠨ᠎ᠡ᠃      — ᠳᠤᠮᠳᠠᠳᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠢ ᠳᠡᠮᠵᠢᠨ᠎ᠡ ᠭᠡᠵᠦ ᠨᠡᠶᠢᠲᠡᠯᠡᠭᠰᠡᠨ ᠪᠥᠭᠡᠳ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠣᠯᠠᠨ ᠤᠯᠤᠰ ᠤᠨ ᠪᠠᠶᠢᠭᠤᠯᠤᠮᠵᠢ ᠶᠢᠨ ᠡᠷᠲᠡᠬᠡᠨ ᠡᠭᠦᠨ ᠤ ᠲᠤᠬᠠᠶ ᠲᠣᠭᠲᠠᠭᠠᠯ ᠭᠠᠷᠭᠠᠬᠤ ᠶᠢ ᠳᠡᠮᠵᠢᠨ᠎ᠡ᠃      — ᠳᠤᠮᠳᠠᠳᠤ ᠤᠯᠤᠰ ᠸᠠᠺᠼᠢᠨ ᠤ ᠬᠠᠮᠲᠤᠷᠠᠯᠴᠠᠭᠠᠨ ᠤ ᠣᠯᠠᠨ ᠤᠯᠤᠰ ᠤᠨ ᠶᠠᠷᠢᠶᠠᠨ ᠤ ᠲᠠᠪᠴᠠᠩ ᠢ ᠪᠠᠶᠢᠭᠤᠯᠵᠥ᠂ ᠸᠠᠺᠼᠢᠨ ᠦᠢᠯᠡᠳᠪᠦᠷᠢᠯᠡᠵᠦ ᠰᠤᠳᠤᠯᠤᠨ ᠨᠡᠭᠡᠭᠡᠬᠦ ᠤᠯᠤᠰ᠂ ᠠᠵᠤ ᠠᠬᠤᠶᠢᠯᠠᠯ᠂ ᠠᠰᠢᠭ ᠲᠤᠰᠠ ᠶᠢᠨ ᠬᠤᠯᠪᠣᠭᠳᠠᠯ ᠪᠥᠬᠦᠶ ᠲᠠᠯ᠎ᠠ ᠶᠢᠨ ᠬᠢᠨ ᠪᠥᠬᠦ ᠪᠥᠮᠪᠥᠷᠴᠡᠭ ᠤᠨ ᠸᠠᠺᠼᠢᠨ ᠤ ᠡᠷᠬᠡ ᠲᠡᠭᠰᠢ ᠵᠦᠶ ᠵᠣᠬᠢᠰᠲᠠᠶ ᠬᠤᠪᠢᠶᠠᠷᠢᠯᠠᠯᠲᠠ ᠶᠢ ᠬᠡᠷᠬᠢᠨ ᠠᠬᠢᠭᠤᠯᠬᠤ ᠲᠤᠬᠠᠶ ᠬᠠᠮᠲᠤ ᠪᠠᠷ ᠰᠤᠳᠤᠯᠤᠨ ᠶᠠᠷᠢᠯᠴᠠᠬᠤ ᠶᠢ ᠰᠠᠨᠠᠭᠠᠴᠢᠯᠠᠨ᠎ᠠ ᠬᠡᠵᠥ ᠨᠡᠶᠢᠳᠡᠯᠡᠪᠡ᠃      ᠰᠢ ᠶᠢᠨ ᠫᠢᠩ ᠬᠠᠮᠤᠭ ᠤᠨ ᠰᠡᠭᠦᠯ ᠳᠤ᠂ ᠪᠢᠳᠡ ᠭᠠᠷ ᠬᠤᠯᠪᠣᠨ ᠮᠥᠷᠥ ᠵᠡᠷᠭᠡᠴᠡᠨ ᠤᠷᠤᠭᠰᠢᠯᠠᠵᠤ᠂ ᠬᠥᠮᠦᠨ ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠵᠤ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠰᠠᠬᠢᠨ ᠬᠠᠮᠠᠭᠠᠯᠠᠶ᠎ᠠ ᠬᠡᠵᠥ ᠴᠢᠬᠤᠯᠠᠴᠢᠯᠠᠪᠠ᠃      ᠪᠦᠬᠦ ᠪᠥᠮᠪᠥᠷᠴᠡᠭ ᠤᠨ ᠡᠷᠡᠭᠦᠯ ᠮᠡᠨᠳᠦ ᠶᠢᠨ ᠲᠦᠷᠦᠭᠦᠴᠦᠳ ᠤᠨ ᠬᠤᠷᠠᠯ ᠢ ᠬᠤᠷᠢᠨ ᠤᠯᠤᠰ ᠤᠨ ᠪᠦᠯᠦᠭᠯᠡᠯ ᠤᠨ ᠲᠡᠷᠢᠭᠦᠯᠡᠭᠴᠢ ᠤᠯᠤᠰ ᠪᠤᠯᠬᠤ ᠢᠲ᠋ᠠᠯᠢ ᠪᠣᠯᠤᠨ ᠧᠦ᠋ᠷᠣᠫᠠ ᠲᠢᠪ ᠤᠨ ᠤᠯᠤᠰ ᠤᠳ ᠤᠨ ᠬᠤᠯᠪᠣᠭᠠᠨ ᠤ ᠵᠥᠪᠯᠡᠯ ᠠᠴᠠ ᠬᠠᠮᠲᠤᠷᠠᠨ ᠰᠠᠨᠠᠭᠠᠴᠢᠯᠠᠵᠥ ᠡᠷᠬᠢᠯᠡᠪᠡ᠃ ᠬᠤᠷᠠᠯ ᠨᠢ ᠸᠢᠳᠢᠣ᠋ ᠬᠡᠯᠪᠡᠷᠢ ᠪᠠᠷ ᠶᠠᠪᠤᠭᠳᠠᠵᠤ᠂ ᠭᠤᠤᠯᠳᠠᠭᠤ ᠬᠠᠮᠲᠤᠷᠠᠯᠴᠠᠵᠤ ᠬᠢᠵᠢᠭ ᠤᠨ ᠪᠠᠶᠢᠳᠠᠯ ᠢ ᠠᠷᠭᠠᠴᠠᠭᠠᠬᠤ᠂ ᠬᠤᠶᠢᠰᠢᠳᠠ ᠶᠢᠨ ᠶᠡᠭᠡ ᠪᠠᠷ ᠳᠡᠯᠭᠡᠷᠡᠬᠦ ᠶᠢ ᠰᠡᠷᠭᠡᠶᠢᠯᠡᠬᠦ ᠶᠢ ᠴᠢᠩᠭᠠᠳᠬᠠᠬᠤ ᠵᠡᠷᠭᠡ ᠠᠰᠠᠭᠤᠳᠠᠯ ᠢ ᠶᠠᠷᠢᠯᠴᠠᠪᠠ᠃ ᠲᠦᠷᠦᠭᠦᠴᠤᠳ ᠤᠨ ᠬᠤᠷᠠᠯ ᠠᠴᠠ ︽ᠷᠤᠮᠠ ᠶᠢᠨ ᠲᠤᠩᠬᠠᠭ︾ ᠢ ᠨᠡᠶᠢᠳᠡᠯᠡᠵᠦ᠂ ᠬᠤᠷᠢᠨ ᠤᠯᠤᠰ ᠤᠨ ᠪᠦᠯᠦᠭᠯᠡᠯ ᠤᠨ ᠬᠢᠨ ᠪᠦᠯᠬᠦᠮᠳᠡᠯ ᠢᠶᠠᠨ ᠴᠢᠩᠭᠠᠳᠬᠠᠵᠤ᠂ ᠬᠠᠮᠳᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ ᠪᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠷᠠᠳ ᠲᠦᠮᠡᠨ ᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠯᠠᠬᠤ ᠪᠠᠶᠢᠷᠢᠨ ᠳᠤ ᠲᠠᠯᠪᠢᠵᠤ᠂ ᠮᠦᠩᠭᠦᠨ ᠭᠦᠢᠯᠭᠡᠭᠡ᠂ ᠸᠠᠺᠼᠢᠨ ᠵᠡᠷᠭᠡ ᠲᠠᠯ᠎ᠠ ᠪᠠᠷ ᠬᠦᠭᠵᠢᠭᠡᠳᠦᠢ ᠤᠯᠤᠰ ᠲᠤ ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠦᠨ᠎ᠠ ᠭᠡᠵᠦ ᠳᠠᠬᠢᠨᠳᠠ ᠢᠯᠡᠷᠬᠡᠶᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号