ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ ᠲᠤᠰᠬᠠᠢ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/5/25
     ᠤᠢᠢᠷ᠎ᠠ  ᠳᠤ᠂ ᠨᠠᠮ  ᠤᠨ ᠲᠥᠪ ᠬᠤᠷᠢᠶᠠᠨ  ᠤ ᠠᠯᠪᠠᠨ ᠲᠢᠩᠬᠢᠮ᠂ ᠲᠦᠷᠦ  ᠶᠢᠨ ᠶᠠᠪᠤᠳᠠᠯ  ᠤᠨ ᠬᠤᠷᠢᠶᠠᠨ  ᠤ ᠠᠯᠪᠠᠨ ᠲᠢᠩᠬᠢᠮ ︽ᠬᠠᠷ᠎ᠠ ᠪᠦᠯᠦᠭᠲᠡᠨ ᠬᠠᠷᠭᠢᠰ ᠬᠦᠴᠦᠨ  ᠢ ᠠᠷᠢᠯᠭᠠᠬᠤ ᠲᠡᠮᠡᠴᠡᠯ  ᠢ ᠪᠠᠶᠢᠩᠭᠤᠵᠢᠭᠤᠯᠤᠨ ᠥᠷᠨᠢᠭᠦᠯᠵᠦ ᠲᠤᠰᠬᠠᠢ ᠲᠡᠮᠡᠴᠡᠯ  ᠤᠨ ᠦᠷ᠎ᠡ ᠪᠦᠲᠦᠭᠡᠯ  ᠢ ᠪᠠᠬᠢᠵᠢᠭᠦᠯᠬᠦ ᠲᠤᠬᠠᠢ ᠰᠠᠨᠠᠯ︾  ᠢ ᠳᠠᠷᠤᠮᠠᠯᠯᠠᠨ ᠲᠠᠷᠬᠠᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ  ᠢ ᠠᠷᠢᠯᠭᠠᠬᠤ ᠲᠡᠮᠡᠴᠡᠯ  ᠢ ᠪᠠᠶᠢᠩᠭᠤᠵᠢᠭᠤᠯᠤᠨ ᠥᠷᠨᠢᠭᠦᠯᠬᠦ ᠲᠤᠬᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ︽ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠤᠷᠳᠡᠬᠦᠯᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠪᠦᠲᠦᠮᠵᠢᠲᠡᠶ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠶ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢᠨ ᠰᠢᠨ᠎ᠡ ᠬᠠᠨᠳᠤᠰᠢ ᠶᠢ ᠣᠨᠣᠪᠴᠢᠲᠠᠶ ᠡᠵᠡᠮᠳᠡᠵᠦ᠂ ᠠᠵᠢᠯ ᠲᠥᠷᠥᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠪᠠ ᠲᠤᠰᠬᠠᠶ ᠴᠡᠭᠴᠡᠯᠡᠨ ᠵᠠᠰᠠᠯᠲᠠ ᠶᠢ ᠲᠠᠰᠤᠷᠠᠯᠲᠠ ᠤᠢᠭᠡᠢ ᠴᠢᠩᠭᠠᠳᠬᠠᠨ᠂ ᠢᠯᠵᠠᠷᠠᠯ ᠢ ᠡᠰᠡᠷᠭᠦᠴᠡᠵᠦ     ︽ᠢᠯᠠᠭ᠎ᠠ ᠠᠯᠠᠬᠤ︾᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠲᠠᠢ ᠤᠶᠠᠯᠳᠤᠭᠤᠯᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠷᠢᠭᠤᠴᠠᠬᠤ᠂ ᠠᠷᠠᠳᠴᠢᠯᠠᠯ ᠢᠶᠠᠷ ᠵᠥᠪᠯᠡᠬᠦ᠂ ᠨᠡᠶᠢᠭᠡᠮ ᠢᠶᠠᠷ ᠢᠶᠠᠨ ᠬᠠᠮᠵᠢᠯᠴᠠᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢᠵᠢᠯ ᠢᠶᠠᠷ ᠪᠠᠲᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠥᠷᠥᠭᠳᠡᠯ ᠢᠶᠠᠷ ᠤᠳᠤᠷᠢᠳᠤᠮᠵᠢ ᠪᠣᠯᠭᠠᠭᠰᠠᠨ ᠦᠨᠡᠯᠡᠯᠲᠡ ᠶᠢᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠬᠠᠤᠯᠢᠵᠢᠭᠤᠯᠬᠤ᠂ ᠳᠦᠷᠢᠮᠵᠢᠭᠦᠯᠬᠦ᠂ ᠲᠤᠰᠬᠠᠶᠢᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠨᠠᠮ ᠤᠨ ᠲᠦᠷᠦ ᠪᠠᠷᠢᠬᠤ ᠰᠠᠭᠤᠷᠢ ᠶᠢ ᠦᠨᠡᠨ ᠬᠦ ᠪᠠᠬᠢᠵᠢᠭᠦᠯᠵᠦ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠠᠬᠤᠢ ᠠᠮᠤᠷ ᠲᠣᠭᠲᠠᠭᠤᠨ ᠡᠮᠬᠢ ᠵᠢᠷᠤᠮ ᠲᠠᠢ᠂ ᠤᠯᠤᠰ ᠣᠷᠣᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠵᠤ ᠦᠭᠭᠦ ᠬᠡᠷᠡᠭᠳᠠᠢ ᠭᠡᠪᠠ᠃      ︽ᠰᠠᠨᠠᠯ︾ ᠳᠤ᠂ ᠡᠬᠢ ᠡᠭᠦᠰᠦᠯ ᠠᠴᠠ ᠨᠢ ᠵᠠᠰᠠᠬᠤ ᠰᠡᠷᠭᠡᠶᠢᠯᠡᠨ ᠵᠠᠰᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠠᠵᠢᠯ ᠲᠥᠷᠥᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ ᠤᠨ ᠭᠦᠢᠯᠭᠡᠭᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠮᠡᠳᠡᠭᠡ ᠵᠠᠩᠭᠢ ᠰᠦᠯᠵᠢᠶ᠎ᠡ ᠪᠣᠯᠤᠨ ᠨᠡᠶᠢᠭᠡᠮ ᠤᠨ ᠠᠮᠤᠷ ᠲᠦᠪᠰᠢᠨ ᠵᠡᠷᠭᠡ ᠠᠵᠢᠯ ᠲᠥᠷᠥᠯ ᠤᠨ ᠬᠦᠷᠢᠶᠡᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠣᠯᠤᠨ ᠰᠠᠮᠠᠭᠤᠨ ᠦᠵᠡᠭᠳᠡᠯ ᠢ ᠭᠤᠤᠯᠳᠠᠯᠭ᠎ᠠ ᠲᠠᠢ ᠪᠠᠷ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠲᠠᠰᠤᠷᠠᠯᠲᠠ ᠥᠬᠡᠶ ᠪᠠᠬᠢᠵᠢᠭᠦᠯᠵᠦ᠂ ︽ᠲᠣᠰᠬᠤᠨ ᠤ ᠡᠵᠡᠷᠬᠡᠭᠴᠢ︾ ᠵᠡᠷᠭᠡ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠷᠰᠢᠯᠠᠯ᠂ ᠠᠶᠢᠮᠠᠬ ᠤᠭᠰᠠᠭᠠᠳᠡᠨ ᠤ ᠬᠦᠴᠦᠨ ᠤ ᠨᠥᠯᠥᠭᠡ ᠬᠦᠨᠳᠦ ᠨᠣᠴᠢᠲᠠᠶ ᠪᠠᠶᠢᠬᠤ ᠵᠡᠷᠭᠡ ᠠᠰᠠᠭᠤᠳᠠᠯ ᠢ ᠦᠷᠭᠦᠯᠵᠢᠯᠡᠨ ᠰᠡᠷᠭᠡᠶᠢᠯᠡᠬᠦ ᠪᠠ ᠴᠡᠭᠴᠡᠯᠡᠨ ᠵᠠᠰᠠᠨ᠎ᠠ᠃ ᠣᠶᠤᠨᠴᠢ ᠢᠯᠡ ᠪᠦᠬᠦᠢ ᠢᠯᠡᠴᠢᠯᠡᠨ ᠮᠡᠳᠡᠭᠦᠯᠤᠯᠳᠡ ᠶᠢ ᠱᠠᠩᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠷᠲᠡ ᠴᠣᠬᠢᠯᠲᠡ ᠦᠭᠴᠦ ᠪᠠᠭ᠎ᠠ ᠳᠤᠨᠢ ᠴᠣᠬᠢᠯᠲᠠ ᠥᠭᠬᠦ ᠬᠠᠤᠯᠢ ᠶᠣᠰᠣᠭᠠᠷ ᠵᠠᠯᠬᠠᠭᠠᠨ ᠰᠢᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠠ᠃ ᠣᠨᠣᠪᠴᠢᠳᠠᠢ ᠪᠥᠭᠡᠳ ᠪᠦᠲᠦᠮᠵᠢᠲᠡᠶ ᠱᠠᠯᠠᠪᠳᠠᠭᠤᠯᠤᠨ ᠵᠢᠯᠣᠭᠤᠳᠴᠤ ᠱᠠᠯᠠᠪᠳᠠᠭᠤᠯᠤᠨ ᠭᠦᠢᠴᠡᠳᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠷᠭᠦᠯᠵᠢᠯᠡᠨ ᠠᠬᠢᠭᠤᠯᠬᠤ ᠵᠣᠬᠢᠶᠠᠨ ᠪᠠᠶᠢᠭᠤᠯᠵᠤ ᠤᠳᠤᠷᠢᠳᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠭᠡᠵᠦ ᠳᠤᠷᠠᠳᠪᠠ᠃      ︽ᠰᠠᠨᠠᠯ︾ ᠳᠤ᠂ ᠡᠯ᠎ᠡ ᠭᠠᠵᠠᠷ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠳ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭᠲᠠᠶ ᠪᠠᠷ ᠬᠠᠲᠠᠭᠤ ᠲᠠᠢ ᠨᠢ ᠬᠠᠯᠳᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠲᠤᠭ ᠲᠡᠮᠳᠡᠭ ᠲᠣᠳᠣᠷᠬᠠᠶ ᠪᠠᠷ ᠳᠡᠮᠵᠢᠵᠦ᠂ ᠤᠯᠤᠰ ᠲᠥᠷᠥ ᠬᠠᠤᠯᠢ ᠴᠠᠭᠠᠵᠠ ᠶᠢᠨ  ᠪᠠᠶᠢᠭᠤᠯᠣᠯᠭ᠎ᠠ ᠶᠢᠨ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ︽ᠦᠮᠦᠭ ᠳᠦᠰᠢᠭ︾ ᠢ ᠭᠦᠨᠵᠡᠭᠡᠶ ᠢᠯᠡᠷᠡᠭᠦᠯᠦᠨ ᠲᠦᠢᠯᠪᠤᠷᠢᠲᠠᠶ ᠪᠠᠶᠢᠴᠠᠭᠠᠬᠤ ᠳᠤ ᠬᠠᠷᠰᠢ ᠰᠠᠭᠠᠳ ᠢ ᠠᠷᠢᠯᠭᠠᠨ᠂ ᠬᠦᠴᠦᠲᠡᠶ ᠳᠡᠮᠵᠢᠯᠭᠡ ᠬᠠᠩᠭᠠᠬᠤ ᠬᠡᠷᠡᠭᠲᠡᠶ᠃ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠣᠯᠭ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠪᠣᠯ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠰᠢᠭᠤᠳ ᠬᠠᠷᠢᠭᠤᠴᠠᠯᠭᠠᠲᠠᠨ ᠪᠣᠯᠤᠨ᠎ᠠ᠂ ᠳᠡᠭᠡᠳᠦ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠣᠯᠭ᠎ᠠ ᠨᠢ ᠳᠤᠤᠷᠠᠳᠦ ᠱᠠᠲᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠵᠢᠯᠣᠭᠤᠳᠤᠨ ᠵᠣᠬᠢᠴᠠᠭᠤᠯᠬᠤ ᠪᠠ ᠳᠡᠮᠵᠢᠨ ᠬᠠᠪᠰᠤᠷᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠴᠢᠭᠯᠡᠯ ᠢ ᠵᠥᠪ ᠪᠠᠶᠢᠯᠭᠠᠬᠤ᠂ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠠᠵᠢᠯ ᠲᠥᠷᠥᠯ ᠡᠯ᠎ᠡ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠣᠯ ᠲᠣᠰ ᠠᠵᠢᠯ ᠲᠥᠷᠥᠯ ᠲᠣᠰ ᠬᠦᠷᠢᠶᠡᠨ ᠤ ᠵᠠᠰᠠᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ᠠᠵᠢᠯ ᠲᠥᠷᠥᠯ ᠤᠨ ᠬᠦᠷᠢᠶᠡᠨ ᠤ ᠵᠠᠰᠠᠯᠲᠠ ᠶᠢ ᠪᠥᠬᠦ ᠶᠠᠪᠤᠴᠠ ᠪᠠᠷ ᠤᠳᠤᠷᠢᠳᠴᠤ᠂ ᠪᠥᠬᠦ ᠲᠠᠯ᠎ᠠ ᠪᠠᠷ ᠡᠵᠡᠮᠳᠡᠨ᠂ ᠠᠵᠢᠯ ᠲᠥᠷᠥᠯ ᠤᠨ ᠬᠦᠷᠢᠶᠡᠨ ᠤ ᠬᠠᠮᠢᠶ᠎ᠠ ᠪᠥᠬᠦᠶ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠢᠯᠡᠷᠡᠭᠦᠯᠦᠭᠰᠡᠨ ᠠᠰᠠᠭᠤᠳᠠᠯ ᠢ ᠳᠣᠣᠱᠳᠠᠢ ᠪᠠᠶᠢᠴᠠᠭᠠᠵᠤ᠂ ᠥᠴᠦᠬᠡᠨ ᠴᠦ ᠢᠯᠳᠠᠷ ᠬᠠᠶᠠᠬᠤ ᠥᠬᠡᠶ ᠪᠠᠶᠢᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ᠂ ᠠᠵᠢᠯ ᠲᠥᠷᠥᠯ ᠤᠨ ᠬᠦᠷᠢᠶᠡᠨ ᠤ ᠰᠠᠮᠠᠭᠤᠨ ᠪᠠᠶᠢᠳᠠᠯ ᠨᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠪᠣᠯᠵᠣ ᠬᠤᠪᠢᠷᠬᠠᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号