ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 26 ᠤ ᠡᠳᠦᠷ ᠨᠧᠫᠠᠯ ᠤᠨ ᠶᠡᠷᠦᠩᠬᠡᠶᠢᠯᠡᠭᠴᠢ | ᠪᠠᠨᠳᠠᠷᠢ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠤ ᠳᠠᠷᠠᠭ᠎ᠠ᠂ | ᠳᠤᠮᠳᠠᠳᠤ ᠨᠧᠫᠠᠯ ᠬᠤᠶᠠᠷ ᠤᠯᠤᠰ ᠬᠢᠵᠢᠭ ᠲᠠᠢ ᠲᠡᠮᠡᠴᠡᠬᠦ ᠲᠠᠯ᠎ᠠ ᠪᠠᠷ ᠬᠠᠷᠢᠯᠴᠠᠨ ᠡᠷᠡᠰ ᠲᠡᠮᠵᠢᠵᠥ᠂ ᠬᠢᠵᠢᠭ ᠲᠠᠢ ᠲᠡᠮᠡᠴᠡᠬᠦ | ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠤᠨ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠬᠤ ᠵᠣᠷᠢᠭ ᠰᠠᠨᠠᠭ᠎ᠠ ᠶᠢ ᠢᠯᠡᠷᠡᠭᠦᠯᠪᠡ᠃ ᠤᠢᠢᠷ᠎ᠠ ᠶᠢᠨ ᠬᠤᠭᠤᠴᠠᠭᠠᠨ ᠳᠤ᠂ ᠡᠮᠦᠨᠡᠲᠦ ᠠᠽᠢᠶ᠎ᠠ ᠳᠤ | ᠰᠢᠨ᠎ᠡ ᠨᠢᠬᠡ ᠡᠬᠡᠯᠵᠢ ᠶᠢᠨ ᠬᠢᠵᠢᠭ ᠦᠷᠪᠢᠰᠦᠨ ᠳᠡᠯᠭᠡᠷᠡᠵᠦ᠂ ᠨᠧᠫᠠᠯ ᠴᠦ ᠬᠦᠨᠳᠦ ᠬᠡᠴᠡᠭᠦᠦ ᠥᠷᠢᠰᠥᠯᠳᠦᠭᠡᠨ ᠳᠤ | ᠲᠤᠯᠭᠠᠷᠠᠪᠠ᠃ ᠳᠤᠮᠳᠠᠳᠤ ᠤᠯᠤᠰ ᠤᠨ ᠲᠥᠪ ᠪᠠ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠠᠷᠠᠳ ᠤᠨ | ᠪᠠᠶᠢᠭᠤᠯᠤᠮᠵᠢ ᠳᠠᠷᠤᠢ ᠲᠦᠷᠭᠡᠨ ᠬᠥᠳᠡᠯᠦᠯᠴᠡᠵᠦ᠂ ᠨᠧᠫᠠᠯ ᠤᠨ ᠲᠠᠯ᠎ᠠ ᠳᠤ ᠪᠠᠴᠢᠮ ᠬᠡᠷᠡᠭᠰᠡᠬᠦ ᠡᠮᠴᠢᠯᠡᠭᠡᠨ ᠤ ᠡᠳ᠋ ᠪᠣᠳᠠᠰ | ᠲᠥᠬᠦᠭᠡᠷᠦᠮᠵᠢ ᠪᠠ ᠸᠠᠺᠼᠢᠨ ᠬᠠᠩᠭᠠᠵᠤ᠂ ᠨᠧᠫᠠᠯ ᠤᠨ ᠲᠠᠯ᠎ᠠ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠣᠨᠣᠰᠢᠯᠠᠨ ᠡᠮᠨᠡᠬᠦ ᠲᠤᠷᠰᠢᠯᠭ᠎ᠠ ᠪᠠᠨ ᠬᠤᠪᠢᠶᠠᠯᠴᠠᠪᠠ᠃ ᠳᠤᠮᠳᠠᠳᠤ ᠤᠯᠤᠰ ᠨᠧᠫᠠᠯ ᠤᠨ ᠬᠢᠨ ᠤ ᠬᠢᠵᠢᠭ ᠲᠠᠢ ᠲᠡᠮᠡᠴᠡᠬᠦ ᠳᠤ | ᠴᠢᠳᠠᠯ ᠤᠨ ᠢᠶᠠᠨ ᠬᠢᠷᠢ ᠪᠠᠷ ᠦᠷᠭᠦᠯᠵᠢᠯᠡᠨ ᠳᠡᠮᠵᠢᠯᠭᠡ ᠬᠠᠩᠭᠠᠨ᠎ᠠ᠂ ᠨᠧᠫᠠᠯ ᠤᠨ ᠠᠷᠠᠳ ᠲᠦᠮᠡᠨ ᠬᠢᠵᠢᠭ ᠢ ᠯᠠᠪᠲᠠᠶ ᠢᠯᠠᠵᠤ | ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠢᠳᠤᠨᠤᠨ ᠤ 12 ᠰᠠᠷ᠎ᠠ ᠳᠤ ᠪᠢ ᠶᠡᠷᠦᠩᠬᠡᠶᠢᠯᠡᠭᠴᠢ ᠠᠪᠠᠭ᠋ᠠᠶ ᠲᠠᠢ ᠵᠦᠮᠤᠯᠠᠩᠮᠠ ᠣᠷᠭᠢᠯ ᠤᠨ | ᠬᠠᠮᠤᠭ ᠤᠨ ᠰᠢᠨ᠎ᠡ ᠦᠨᠲᠦᠷ ᠤᠨ ᠬᠡᠮᠵᠢᠶ᠎ᠠ ᠶᠢ ᠬᠠᠮᠳᠤ ᠪᠠᠷ ᠵᠠᠷᠯᠠᠨ ᠨᠡᠶᠢᠳᠡᠯᠡᠪᠡ᠃ ᠳᠤᠮᠳᠠᠳᠤ ᠶᠢᠨ ᠲᠠᠯ᠎ᠠ ᠳᠤᠮᠳᠠᠳᠤ | ᠨᠧᠫᠠᠯ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠨᠧᠫᠠᠯ ᠤᠨ ᠬᠢᠨ ᠲᠠᠢ | ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠬᠢᠶᠠᠯ ᠢ ᠬᠤᠪᠢᠶᠠᠯᠴᠠᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠭᠡᠨ ᠪᠠᠶᠢᠭᠤᠯᠬᠤ ᠶᠢ ᠲᠦᠷᠭᠡᠳᠬᠡᠵᠦ᠂ ᠾᠢᠮᠠᠯᠠᠶ᠎ᠠ ᠶᠢ ᠰᠤᠨᠲᠠᠯᠠᠭᠰᠠᠠ ᠪᠣᠰᠤᠭ᠎ᠠ ᠴᠣᠭᠴᠠᠲᠤ ᠬᠤᠯᠪᠣᠯᠳᠤᠨ | ᠨᠡᠪᠲᠡᠷᠡᠯᠴᠡᠬᠦ ᠰᠦᠯᠵᠢᠶᠡᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠂ ᠬᠤᠶᠠᠷ ᠤᠯᠤᠰ ᠤᠨ | ᠬᠦᠭᠵᠢᠯᠳᠡ ᠪᠠ ᠴᠡᠴᠡᠭᠯᠡᠯ ᠳᠤ ᠬᠠᠨᠳᠤᠭᠰᠠᠨ ᠦᠶ᠎ᠡ ᠳᠠᠮᠵᠢᠭᠰᠠᠨ ᠨᠥᠬᠦᠷᠰᠡᠭ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠣᠯᠭ᠎ᠠ ᠳᠠᠬᠢ | ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠣᠯᠤᠨ᠎ᠠ᠂ ᠳᠤᠮᠳᠠᠳᠤ ᠤᠯᠤᠰ | ᠨᠧᠫᠠᠯ ᠤᠨ ᠬᠢᠨ ᠤ ᠳᠤᠮᠳᠠᠳᠤ ᠤᠯᠤᠰ ᠲᠤ ᠦᠵᠡᠭᠦᠯᠦᠭᠰᠡᠨ ᠡᠷᠬᠢᠮ ᠨᠠᠨᠳᠢᠨ ᠳᠡᠮᠵᠢᠯᠭᠡ ᠶᠢ ᠮᠠᠷᠲᠠᠬᠤ ᠦᠭᠡᠢ ᠶᠤᠮ᠂ | ᠨᠧᠫᠠᠯ ᠤᠨ ᠬᠢᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ | ᠬᠠᠮᠠᠭᠠᠯᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠨᠧᠫᠠᠯ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ | ᠬᠥᠭᠵᠢᠯᠲᠡ ᠶᠢᠨ ᠵᠠᠮ ᠢᠶᠠᠨ ᠰᠣᠩᠭᠤᠬᠤ ᠶᠢ ᠬᠦᠨᠳᠦᠳᠬᠡᠨ᠂ ᠨᠧᠫᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠳᠡᠮᠵᠢᠨ᠎ᠠ᠃ | ᠳᠤᠮᠳᠠᠳᠤ ᠤᠯᠤᠰ ᠳᠤᠷᠠᠲᠠᠶ᠎ᠠ ᠨᠧᠫᠠᠯ ᠤᠨ ᠬᠢᠨ ᠲᠠᠢ ᠤᠯᠠᠨ ᠲᠠᠯ᠎ᠠ ᠶᠢᠨ ᠬᠠᠮᠵᠢᠯᠴᠠᠭ᠎ᠠ ᠬᠠᠮᠳᠤᠷᠠᠯᠴᠠᠭ᠎ᠠ ᠪᠠᠨ | ᠨᠢᠭᠲᠠᠷᠠᠭᠤᠯᠵᠤ᠂ ᠤᠯᠠᠨ ᠲᠠᠯᠠᠲᠤ ᠦᠵᠡᠯ ᠢ ᠡᠷᠡᠰ ᠪᠠᠷᠢᠮᠲᠠᠯᠠᠨ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠪᠠᠨᠳᠠᠷᠢ ᠨᠧᠫᠠᠯ ᠤᠨ ᠵᠠᠰᠠᠭ ᠤᠨ ᠣᠷᠳᠣᠨ ᠪᠣᠯᠤᠨ ᠠᠷᠠᠳ ᠲᠦᠮᠡᠨ ᠤ ᠡᠮᠦᠨ᠎ᠡ ᠠᠴᠠ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠠᠯ᠎ᠠ ᠪᠠᠷ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ᠂ ᠰᠠᠨᠰᠠᠷ ᠣᠭᠲᠠᠷᠭᠤᠢ ᠶᠢ ᠬᠠᠶᠢᠨ ᠰᠢᠨᠵᠢᠯᠡᠬᠦ | ᠵᠡᠷᠭᠡ ᠲᠠᠯ᠎ᠠ ᠪᠠᠷ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠤᠯᠪᠠ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠦᠷᠭᠦᠯᠵᠢᠯᠡᠨ ᠡᠩᠬᠡ ᠲᠠᠶᠢᠪᠤᠩ ᠬᠥᠭᠵᠢᠯᠲᠡ ᠶᠢᠨ | ᠵᠠᠮ ᠳᠡᠭᠡᠷ᠎ᠡ ᠨᠡᠩ ᠶᠡᠭᠡ ᠠᠮᠵᠢᠯᠲᠠ ᠤᠯᠬᠤ ᠶᠢ ᠢᠲᠡᠭᠡᠵᠦ ᠪᠠᠶᠢᠨ᠎ᠠ᠃ ᠨᠧᠫᠠᠯ ᠳᠤᠮᠳᠠᠳᠤ ᠪᠣᠯ ᠦᠶ᠎ᠡ ᠳᠠᠮᠵᠢᠭᠰᠠᠨ | ᠨᠥᠬᠦᠷᠰᠡᠭ ᠪᠠᠶᠢᠯᠳᠤᠬᠤ ᠪᠤᠳᠤᠯᠭ᠎ᠠ ᠶᠢᠨ ᠬᠠᠨᠢᠲᠠᠨ ᠮᠥᠨ᠂ ᠨᠧᠫᠠᠯ ᠤᠨ ᠬᠢᠨ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ | ᠡᠷᠡᠰ ᠬᠡᠷᠡᠭᠵᠢᠭᠦᠯᠤᠨ᠂ ᠳᠤᠮᠳᠠᠳᠤ ᠶᠢᠨ ᠲᠠᠯ᠎ᠠ ᠶᠢᠨ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ | ᠪᠦᠲᠦᠨ ᠢᠶᠠᠨ ᠬᠠᠮᠠᠭᠠᠯᠠᠬᠤ ᠶᠢ ᠡᠷᠡᠰ ᠲᠡᠮᠵᠢᠵᠤ᠂ ᠶᠠᠮᠠᠷᠪᠠ ᠬᠦᠴᠦᠨ ᠤ ᠨᠧᠫᠠᠯ ᠤᠨ ᠨᠤᠲᠤᠭ ᠳᠡᠪᠢᠰᠬᠡᠷ ᠢ ᠠᠰᠢᠠᠠᠯᠠᠠ | ᠳᠤᠮᠳᠠᠳᠤ ᠤᠯᠤᠰ ᠢ ᠡᠰᠡᠷᠭᠦᠴᠡᠬᠦ ᠠᠵᠢᠯᠯᠠᠭ᠎ᠠ ᠬᠢᠬᠦ ᠶᠢ ᠤᠬᠳᠤ ᠵᠥᠪᠰᠢᠶᠡᠷᠡᠬᠦ ᠦᠭᠡᠢ᠃ ᠨᠧᠫᠠᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠳᠤᠮᠳᠠᠳᠤ ᠶᠢᠨ ᠲᠠᠯ᠎ᠠ ᠶᠢᠨ ᠬᠠᠩᠭᠠᠭᠰᠠᠨ ᠡᠷᠬᠢᠮ ᠨᠠᠨᠳᠢᠨ | ᠳᠡᠮᠵᠢᠯᠭᠡ ᠪᠠ ᠬᠠᠪᠰᠤᠷᠤᠯᠭ᠎ᠠ ᠳᠤ ᠨᠧᠫᠠᠯ ᠤᠨ ᠬᠢᠨ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠳᠤᠷᠠᠳᠤᠭᠰᠠᠨ ᠬᠥᠮᠦᠨ | ᠲᠥᠷᠥᠯᠬᠢᠲᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ | ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠲᠡᠷᠢᠭᠦᠯᠡᠭᠴᠢ ᠰᠢ ᠶᠢᠨ | ᠫᠢᠩ ᠤᠨ ᠨᠧᠫᠠᠯ ᠳᠤ ᠠᠮᠵᠢᠯᠲᠠ ᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ ᠣᠯᠤᠭᠰᠠᠨ ᠴᠢᠬᠤᠯᠠ ᠦᠷ᠎ᠡ | ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠨᠧᠫᠠᠯ ᠳᠤᠮᠳᠠᠳᠤ ᠶᠢᠨ ᠬᠠᠷᠢᠯᠴᠠᠭ᠎ᠠ ᠶᠢᠨ ᠲᠠᠰᠤᠷᠠᠯᠳᠠ ᠦᠭᠡᠢ | ᠤᠷᠤᠬᠰᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠬᠠᠮᠲᠤ ᠶᠢᠨ ᠬᠥᠭᠵᠢᠯᠲᠡ ᠪᠠ ᠥᠨᠢ ᠤᠳᠠᠭᠠᠨ ᠤ ᠬᠥᠭᠵᠢᠯ | ᠴᠡᠴᠡᠭᠯᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | |