ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2021/5/31
      5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃       ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ
       5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠨᠠᠷ ᠶᠡᠭᠡ ᠬᠤᠷᠠᠯ ᠳᠤ ᠣᠷᠣᠯᠴᠠᠪᠠ᠃        ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ       ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 28 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠡᠯ ᠪᠣᠯᠭᠠᠬᠤ ᠶᠢ ᠪᠠᠷᠢᠮᠲᠠᠯᠠᠵᠥ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠳᠦᠯᠦᠪᠰᠢᠯ ᠢ ᠪᠣᠢ ᠪᠣᠯᠭᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠥ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠬᠦᠷᠢᠶᠡᠨ ᠳᠤ ᠬᠠᠨᠳᠤᠨ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠳᠤ ᠬᠠᠨᠳᠤᠨ᠂ ᠠᠷᠠᠳ ᠲᠦᠮᠡᠨ ᠤ ᠠᠮᠢ ᠨᠠᠰᠤᠨ ᠤ ᠡᠷᠡᠭᠦᠯ ᠮᠡᠨᠳᠦ ᠳᠤ ᠬᠠᠨᠳᠤᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠦᠨᠵᠡᠬᠡᠢ ᠬᠡᠷᠡᠭᠵᠢᠬᠦᠯᠤᠨ᠂ ᠶᠡᠭᠡ ᠬᠠᠨᠳᠤᠰᠢ ᠶᠢ ᠡᠵᠡᠮᠳᠡᠵᠤ ᠠᠵᠠ ᠲᠣᠬᠢᠶᠠᠯ ᠢ ᠠᠮᠵᠢᠨ᠂ ᠠᠰᠠᠭᠤᠳᠠᠯ ᠳᠤ ᠰᠢᠭᠤᠳ ᠬᠠᠨᠳᠤᠨ ᠬᠦᠴᠢᠷ ᠢ ᠰᠦᠷᠦᠨ ᠤᠷᠤᠭᠰᠢᠯᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠱᠠᠯᠠᠪᠳᠠᠨ ᠪᠠᠶᠢᠭᠤᠯᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠥᠨᠳᠥᠷ ᠲᠦᠪᠰᠢᠨ ᠢᠶᠠᠷ ᠪᠡᠶᠡᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃       ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠶᠡᠭᠡ ᠬᠤᠷᠠᠯ ᠢ ᠡᠷᠬᠢᠯᠡᠪᠡ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃       ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠳᠠᠯᠠᠪᠠᠢ ᠳᠠᠶᠠᠭᠠᠷ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃       ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠮᠠᠨ ᠤ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠨ ᠠᠭᠤᠯᠵᠠᠷ ᠲᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠴᠢᠬᠤᠯᠠ ᠴᠠᠭ ᠮᠥᠴᠡ ᠳᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠬᠦ ᠶᠢᠨ ᠲᠦᠯᠦᠭᠡ ᠬᠤᠷᠠᠯᠳᠤᠭᠰᠠᠨ ᠨᠢᠭᠡ ᠤᠳᠠᠭ᠎ᠠ ᠶᠢᠨ ᠦᠪᠡᠳᠡᠭᠰᠢ ᠬᠤᠷᠠᠯ ᠪᠣᠯᠤᠨ᠎ᠠ ᠬᠡᠪᠠ᠃ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠥ᠂ ᠡᠯ᠎ᠡ ᠠᠵᠢᠯ ᠤᠨ ᠪᠠᠶᠢᠷᠢ ᠳᠤ ᠰᠢᠷᠭᠠᠭᠤ ᠠᠵᠢᠯᠯᠠᠵᠤ ᠬᠤᠪᠢ ᠨᠡᠮᠡᠷᠢ ᠦᠵᠡᠭᠦᠯᠵᠤ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ 5 ᠰᠠᠷ᠎ᠠ ᠶᠢᠨ 30 ᠤ ᠡᠳᠦᠷ ᠪᠣᠯ ᠲᠠᠪᠤᠳᠡᠬᠢ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠡᠳᠦᠷ ᠪᠣᠯᠤᠨ᠎ᠠ᠂ ᠰᠢ ᠶᠢᠨ ᠫᠢᠩ ᠪᠦᠬᠦ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃       ᠰᠢ ᠶᠢᠨ ᠫᠢᠩ ᠠᠴᠠ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ᠂ ᠮᠠᠨ ᠤ ᠨᠠᠮ ᠴᠦᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠨᠢ ᠨᠠᠮ ᠪᠣᠯᠤᠨ ᠠᠷᠠᠳ ᠲᠦᠮᠡᠨ ᠤ ᠦᠢᠯᠡᠰ ᠤᠨ ᠳᠤᠮᠳᠠ ᠢᠮᠠᠭᠲᠠ ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ ᠪᠠᠶᠢᠵᠥ᠂ ᠲᠦᠢᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠦᠢᠯᠡᠳᠦᠯ ᠦᠵᠡᠭᠦᠯᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶ᠎ᠠ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠷᠢᠰᠥᠯᠳᠦᠭᠡᠨ ᠤ ᠪᠠᠶᠢᠳᠠᠯ ᠢ ᠪᠦᠬᠦ ᠲᠠᠯ᠎ᠠ ᠪᠠᠷ ᠵᠠᠳᠠᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠬᠦ ᠲᠠᠯ᠎ᠠ ᠪᠠᠷ ᠲᠥᠯᠥᠪᠯᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠡᠭᠡ ᠬᠠᠨᠳᠤᠰᠢ ᠶᠢ ᠠᠵᠢᠡᠡᠯᠠᠨ᠂ ᠪᠦᠬᠦ ᠲᠠᠯ᠎ᠠ ᠶᠢ ᠲᠥᠯᠥᠪᠵᠢᠭᠦᠯᠵᠦ᠂ ᠦᠨᠳᠦᠰᠦᠨ ᠵᠦᠢᠯ ᠢ ᠠᠳᠬᠤᠵᠤ᠂ ᠥᠨᠳᠥᠷ ᠪᠦᠲᠦᠮᠵᠢᠲᠡᠢ ᠵᠣᠬᠢᠶᠠᠨ ᠪᠠᠶᠢᠭᠤᠯᠤᠨ ᠳᠠᠶᠢᠴᠢᠯᠠᠬᠤ ᠰᠢᠰᠲ᠋ᠧᠮ ᠪᠣᠯᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠤᠬᠢᠷᠠᠭᠤᠯᠬᠤ ᠵᠠᠭᠪᠤᠷ ᠢ ᠪᠦᠷᠢᠯᠳᠦᠭᠦᠯᠪᠡ᠃ ᠪᠢᠳᠡ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠥᠷᠯᠥᠭᠡ ᠦᠳᠡᠰᠢ ᠶᠢ ᠲᠡᠮᠡᠴᠡᠬᠦ ᠡᠭᠦᠷᠭᠡᠲᠦ ᠪᠤᠳᠤᠯ᠂ ᠬᠠᠷᠢᠭᠤᠴᠠᠯᠭᠠᠲᠤ ᠰᠡᠳᠬᠢᠯᠭᠡ᠂ ᠳᠣᠯᠭᠠᠮ᠎ᠠ ᠪᠤᠳᠤᠯ ᠢᠶᠠᠷ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠰᠠᠭᠤᠷᠢ ᠬᠤᠰᠢᠭᠤᠷᠠᠯ ᠬᠦᠷᠢᠶᠡᠨ ᠳᠤ ᠭᠠᠪᠰᠢᠭᠠᠶᠢᠯᠠᠨ ᠲᠡᠮᠡᠴᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠤᠭᠠᠯ ᠰᠢᠨ᠎ᠡ ᠡᠭᠦᠳᠦᠯᠳᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ ᠲᠠᠪᠠᠯᠳᠠᠳᠤ ᠴᠢᠨᠠᠷᠳᠠᠢ ᠬᠥᠭᠵᠢᠯᠲᠡ ᠶᠢ ᠪᠡᠶᠡᠯᠡᠭᠦᠯᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠠᠯᠢ ᠤᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠥ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠠᠰᠢᠬ ᠢ ᠳᠡᠭᠡᠭᠰᠢᠯᠡᠭᠦᠯᠪᠡ᠃ ᠪᠢᠳᠡ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠵᠦ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠪᠡ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠨᠡᠬᠡᠬᠡᠯᠳᠡ ᠬᠠᠮᠲᠤᠷᠠᠯᠴᠠᠭ᠎ᠠ ᠶᠢ ᠥᠷᠭᠡᠳᠬᠡᠨ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠥᠷᠢᠰᠥᠯᠳᠦᠭᠡᠨ ᠢ ᠰᠢᠢᠳᠪᠦᠷᠢᠯᠡᠬᠦ ᠳᠤ ᠢᠳᠡᠪᠬᠢᠲᠡᠢ ᠣᠷᠣᠯᠴᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠨᠡᠩ ᠤᠯᠠᠨ ᠤᠯᠤᠰ ᠪᠠ ᠠᠷᠠᠳ ᠲᠦᠮᠡᠨ ᠳᠤ ᠠᠰᠢᠬ ᠬᠦᠷᠲᠡᠭᠡᠬᠦ ᠶᠢ ᠴᠢᠷᠮᠠᠶᠢᠨ ᠠᠬᠢᠭᠤᠯᠪᠠ ᠬᠡᠵᠥ ᠴᠢᠬᠤᠯᠠᠴᠢᠯᠠᠪᠠ᠃      ᠰᠢ ᠶᠢᠨ ᠫᠢᠩ ᠠᠴᠠ᠂ ᠬᠡᠳᠦᠨ ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠶᠠᠭ ᠲᠣᠭᠠᠨ ᠤ ᠬᠤᠷᠠᠮᠳᠤᠯ ᠠᠴᠠ ᠴᠢᠨᠠᠷ ᠤᠨ ᠦᠰᠦᠷᠦᠯᠲᠡ ᠲᠡᠰᠢ ᠠᠬᠢᠵᠤ᠂ ᠴᠡᠭ ᠤᠨ ᠰᠢᠪᠲᠤᠯᠤᠯᠲᠠ ᠠᠴᠠ ᠰᠢᠰᠲ᠋ᠧᠮᠳᠤ ᠴᠢᠳᠠᠪᠤᠷᠢ ᠶᠢᠨ ᠳᠡᠭᠡᠭᠰᠢᠯᠡᠯᠲᠡ ᠲᠡᠰᠢ ᠠᠬᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠲᠡᠦᠬᠡᠲᠦ ᠴᠢᠨᠠᠷᠲᠠᠢ ᠠᠮᠵᠢᠯᠲᠠ ᠤᠯᠪᠠ᠃ ᠰᠠᠭᠤᠷᠢ ᠰᠤᠳᠤᠯᠭᠠᠨ ᠪᠠ ᠤᠤᠭᠠᠯ ᠰᠢᠨ᠎ᠡ ᠡᠭᠦᠳᠦᠯᠲᠡ ᠶᠢᠨ ᠲᠠᠯ᠎ᠠ ᠪᠠᠷ ᠴᠢᠬᠤᠯᠠ ᠠᠬᠢᠴᠠ ᠲᠠᠢ ᠪᠠᠶᠢᠵᠤ᠂ ᠪᠠᠶᠢᠯᠳᠤᠬᠤ ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠬᠦᠷᠢᠶᠡᠨ ᠳᠤ ᠰᠢᠨ᠎ᠡ ᠳᠠᠪᠠᠯᠲᠠ ᠲᠠᠢ ᠪᠤᠯᠵᠤ᠂ ᠳᠡᠭᠡᠳᠦ ᠲᠡᠰ ᠤᠨ ᠠᠵᠤ ᠦᠢᠯᠡᠰ ᠲᠤ ᠰᠢᠨ᠎ᠡ ᠰᠢᠪᠲᠤᠯᠤᠯᠲᠠ ᠲᠠᠢ ᠪᠠᠶᠢᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠳᠤᠮᠳᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠬᠤᠯᠠ ᠦᠢᠯᠡᠳᠦᠯ ᠦᠵᠡᠭᠦᠯᠤᠨ᠂ ᠠᠷᠠᠳ ᠤᠨ ᠠᠮᠢᠳᠤᠷᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠤ ᠲᠤᠪᠤᠶᠢᠮ᠎ᠠ ᠠᠮᠵᠢᠯᠲᠠ ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠲᠠᠯ᠎ᠠ ᠪᠠᠷ ᠴᠢᠬᠤᠯᠠ ᠶᠡᠭᠡ ᠠᠮᠵᠢᠯᠲᠠ ᠤᠯᠪᠠ᠃ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠦᠢᠯᠡᠰ ᠶᠡᠭᠡ ᠠᠮᠵᠢᠯᠳᠠ ᠤᠯᠵᠤ ᠪᠤᠯᠤᠨ᠎ᠠ᠂ ᠮᠠᠨ ᠤ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠶᠡᠭᠡ ᠵᠢᠳᠭᠦᠯ ᠴᠢᠷᠮᠠᠶᠢᠯᠭ᠎ᠠ ᠲᠠᠢ ᠭᠡᠳᠡᠭ ᠢ ᠦᠢᠯᠡᠳᠦᠯᠭᠡ ᠭᠡᠷᠡᠴᠢᠯᠡᠵᠠᠢ᠃ ᠮᠠᠨ ᠤ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠵᠣᠷᠢᠭ ᠰᠠᠨᠠᠭ᠎ᠠ᠂ ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ ᠰᠥᠰᠥ ᠵᠣᠷᠢᠭ᠂ ᠰᠢᠨᠲᠠᠷᠠᠰᠢ ᠦᠭᠡᠢ ᠳᠤᠭᠳᠠᠯ ᠬᠦᠴᠦᠨ ᠢᠶᠠᠷ ᠴᠠᠭ ᠦᠶ᠎ᠡ ᠠᠴᠠ ᠤᠯᠭᠤᠭᠰᠠᠨ ᠬᠦᠨᠳᠦ ᠡᠭᠦᠷᠭᠡ ᠶᠢ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠥᠨᠳᠥᠷ ᠲᠦᠪᠰᠢᠨ ᠢᠶᠠᠷ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠠ᠃      ᠰᠢ ᠶᠢᠨ ᠫᠢᠩ ᠠᠴᠠ᠂ ᠤᠤᠭᠠᠯ ᠡᠭᠦᠳᠦᠯᠲᠡ ᠶᠢᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠳᠣᠯᠣᠯᠳᠠ ᠶᠢᠨ ᠠᠵᠢᠯ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠳᠣᠯᠣᠯᠳᠠ ᠶᠢᠨ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠢ᠃ ᠰᠠᠭᠤᠷᠢ ᠰᠤᠳᠤᠯᠭᠠᠨ ᠤ ᠲᠠᠯ᠎ᠠ ᠪᠠᠷ ᠵᠣᠷᠢᠭᠲᠠᠢ ᠰᠦᠪᠡᠭᠴᠢᠯᠡᠵᠦ᠂ ᠤᠤᠭᠠᠯ ᠡᠭᠦᠳᠦᠯᠲᠡ ᠶᠢ ᠲᠤᠪᠤᠶᠢᠯᠭᠠᠨ᠂ ᠪᠠᠶᠢᠭᠠᠯᠢ ᠶᠢᠨ ᠲᠤᠬᠠᠢ ᠲᠠᠨᠢᠯᠳᠠ ᠪᠠᠨ ᠥᠷᠭᠡᠳᠬᠡᠵᠤ᠂ ᠰᠢᠨ᠎ᠡ ᠲᠠᠨᠢᠨ ᠮᠡᠳᠡᠬᠦᠢ ᠶᠢᠨ ᠬᠦᠷᠢᠶ᠎ᠠ ᠶᠢ ᠨᠡᠭᠡᠭᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠳᠣᠯᠣᠯᠳᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠮᠤᠭ ᠤᠨ ᠪᠠᠴᠢᠮ᠂ ᠬᠠᠮᠤᠭ ᠤᠨ ᠲᠤᠯᠭᠠᠮ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠪᠠᠴᠢᠮ ᠲᠤᠯᠭᠠᠮ᠎ᠠ ᠬᠡᠷᠡᠭᠴᠡᠭᠡ ᠪᠣᠯᠤᠨ ᠠᠯᠤᠰ ᠬᠡᠳᠦ ᠶᠢᠨ ᠬᠡᠷᠡᠭᠴᠡᠭᠡ ᠶᠢ ᠪᠤᠳᠤᠯᠬᠢᠯᠠᠬᠤ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠴᠢᠩᠭᠠᠳᠬᠠᠵᠤ᠂ ᠠᠵᠤ ᠠᠬᠤᠶᠢᠯᠠᠯ ᠤᠨ ᠰᠡᠳᠦᠪ ᠭᠠᠷᠭᠠᠭᠴᠢ ᠶᠢᠨ ᠦᠢᠯᠡᠳᠦᠯ ᠢ ᠪᠠᠳᠠᠷᠠᠭᠤᠯᠤᠨ᠂ ᠳᠠᠭᠠᠭᠤᠯᠤᠭᠴᠢ ᠠᠵᠤ ᠠᠬᠤᠶᠢᠯᠠᠯ ᠲᠦᠷᠦᠭᠦᠯᠡᠨ ᠬᠢᠬᠦ᠂ ᠶᠡᠭᠡ ᠳᠡᠭᠡᠳᠦ ᠰᠤᠷᠭᠠᠭᠤᠯᠢ ᠰᠤᠳᠤᠯᠭᠠᠨ ᠤ ᠬᠦᠷᠢᠶᠡᠯᠡᠩ ᠭᠠᠵᠠᠷ ᠲᠤᠯᠭᠠᠭᠤᠷᠢᠯᠠᠬᠤ᠂ ᠡᠯ᠎ᠡ ᠰᠢᠨ᠎ᠡ ᠶᠢ ᠡᠭᠦᠳᠬᠦ ᠭᠤᠣᠯ ᠴᠣᠭᠴᠠ ᠬᠠᠷᠢᠯᠴᠠᠨ ᠬᠠᠮᠵᠢᠯᠴᠠᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠱᠠᠯᠠᠪᠳᠠᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠯᠠᠷᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠠᠨ ᠰᠢᠨᠵᠢᠯᠡᠭᠡᠨ ᠤ ᠰᠠᠯᠠᠭ᠎ᠠ ᠶᠢ ᠤᠶᠠᠯᠳᠤᠭᠤᠯᠤᠭᠰᠠᠨ ᠤᠳᠤ ᠦᠶ᠎ᠡ ᠶᠢᠨ ᠢᠨᠵᠧᠨᠧᠷᠢᠩ ᠪᠠ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠶᠡᠭᠡ ᠪᠠᠷ ᠴᠢᠩᠭᠠᠳᠬᠠᠵᠤ᠂ ᠰᠠᠭᠤᠷᠢ ᠰᠢᠨᠵᠢᠯᠡᠬᠦ ᠤᠬᠠᠭᠠᠨ ᠪᠠ ᠢᠨᠵᠧᠨᠧᠷᠢᠩ ᠤᠨ ᠮᠡᠷᠭᠡᠵᠢᠯ ᠤᠨ ᠬᠥᠭᠵᠢᠯᠲᠡ ᠶᠢ ᠲᠠᠶᠢᠴᠢᠯᠠᠨ᠂ ᠪᠦᠷᠢᠨ ᠲᠡᠭᠦᠯᠳᠡᠷ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠰᠲ᠋ᠧᠮ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ ᠠᠴᠠ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠲᠤᠷᠰᠢᠯᠲᠠ ᠶᠢᠨ ᠲᠠᠰᠤᠭ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠭᠠᠭᠤᠯᠤᠬᠴᠢ ᠠᠵᠤ ᠠᠬᠤᠶᠢᠯᠠᠯ ᠪᠣᠯ ᠴᠥᠮ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠡᠭᠦᠷᠭᠡᠯᠡᠯ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠭᠦᠢᠴᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠢᠯᠡᠭᠦᠬᠡᠨ ᠭᠠᠷᠭᠠᠵᠤ᠂ ᠤᠯᠤᠰ ᠤᠨ ᠬᠥᠭᠵᠢᠯᠲᠡ ᠶᠢᠨ ᠪᠦᠬᠦ ᠲᠠᠯ᠎ᠠ ᠪᠠ ᠠᠯᠤᠰ ᠬᠡᠳᠤ ᠶᠢᠨ ᠠᠰᠢᠭ ᠲᠤᠰᠠ ᠶᠢ ᠨᠥᠯᠥᠭᠡᠯᠡᠨ ᠬᠢᠵᠠᠭᠠᠷᠯᠠᠬᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠤᠭᠠᠯ ᠰᠢᠨ᠎ᠡ ᠡᠭᠦᠳᠦᠯᠳᠡ ᠶᠢᠨ ᠭᠤᠯᠤᠮᠳᠠ ᠤᠷᠤᠨ ᠢ ᠱᠠᠯᠠᠪᠳᠠᠨ ᠪᠠᠶᠢᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠰᠤᠳᠤᠯᠭᠠᠨ ᠤ ᠬᠡᠯᠪᠡᠷᠢ ᠶᠢᠨ ᠶᠡᠭᠡ ᠰᠤᠷᠭᠠᠭᠤᠯᠢ ᠰᠠᠭᠤᠷᠢ ᠰᠤᠳᠤᠯᠭᠠᠨ ᠭᠦᠨ ᠵᠤᠵᠠᠭᠠᠨ᠂ ᠰᠢᠨᠵᠢᠯᠡᠭᠡᠨ ᠤ ᠰᠠᠯᠠᠭ᠎ᠠ ᠰᠣᠯᠪᠢᠴᠠᠨ ᠠᠭᠤᠰᠤᠯᠴᠠᠬᠤ ᠳᠠᠪᠠᠭᠤᠯᠢᠭ ᠢᠶᠠᠨ ᠪᠠᠳᠠᠷᠠᠭᠤᠯᠵᠤ᠂ ᠰᠠᠭᠤᠷᠢ ᠰᠤᠳᠤᠯᠭᠠᠨ ᠤ ᠭᠤᠣᠯ ᠬᠦᠴᠦᠨ ᠪᠣᠯᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ ᠰᠢᠨ᠎ᠡ ᠬᠦᠴᠦᠨ ᠪᠣᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠠᠬ᠎ᠠ ᠳᠡᠯᠭᠡᠭᠦᠷ ᠤᠨ ᠬᠡᠷᠡᠭᠴᠡᠭᠡ᠂ ᠬᠤᠷᠠᠮᠠᠯ ᠰᠢᠨ᠎ᠡ ᠡᠭᠦᠳᠦᠯᠳᠡ᠂ ᠵᠣᠬᠢᠶᠠᠨ ᠪᠠᠶᠢᠭᠤᠯᠬᠤ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠤᠯᠤᠰ ᠤᠨ ᠠᠵᠤ ᠦᠢᠯᠡᠰ ᠤᠨ ᠰᠠᠭᠤᠷᠢ ᠴᠢᠳᠠᠪᠤᠷᠢ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ ᠭᠡᠵᠠᠢ᠃      ᠰᠢ ᠶᠢᠨ ᠫᠢᠩ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠲᠦᠷᠢᠮ ᠢ ᠪᠦᠷᠢᠯᠳᠦᠭᠦᠯᠬᠦ ᠬᠡᠷᠡᠭᠲᠡᠢ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷᠠᠬᠢ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ ᠲᠡᠭᠦᠯᠳᠡᠷᠵᠢᠭᠦᠯᠵᠦ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠵᠣᠬᠢᠶᠠᠨ ᠪᠠᠶᠢᠭᠤᠯᠤᠭᠴᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠨᠡᠯᠡᠬᠦ ᠲᠦᠷᠢᠮ ᠢ ᠲᠡᠭᠦᠯᠳᠡᠷᠵᠢᠭᠦᠯᠬᠦ ᠵᠡᠷᠭᠡ ᠰᠠᠭᠤᠷᠢ ᠥᠭᠡᠷᠡᠴᠢᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠶᠠᠰᠤ ᠴᠢᠨᠠᠷ᠂ ᠠᠮᠵᠢᠯᠲᠠ ᠪᠦᠲᠦᠮᠵᠢ᠂ ᠬᠤᠪᠢ ᠨᠡᠮᠡᠷᠢ ᠪᠠᠷ ᠭᠤᠣᠯ ᠪᠣᠯᠭᠠᠭᠰᠠᠨ ᠦᠨᠡᠯᠡᠬᠦ ᠤᠳᠤᠷᠢᠳᠤᠮᠵᠢ ᠶᠢ ᠪᠠᠷᠢᠮᠲᠠᠯᠠᠨ᠂ ᠦᠷ᠎ᠡ ᠪᠦᠲᠦᠭᠡᠯ ᠤᠨ ᠰᠢᠨ᠎ᠡ ᠶᠢ ᠡᠭᠦᠳᠦᠭᠰᠡᠨ ᠲᠦᠪᠰᠢᠨ᠂ ᠣᠯᠠᠷᠢᠭᠤᠯᠣᠨ ᠬᠡᠷᠡᠭᠯᠡᠭᠰᠡᠨ ᠠᠮᠵᠢᠯᠲᠠ ᠪᠦᠲᠦᠮᠵᠢ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠪᠣᠳᠠᠲᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠣᠨᠣᠪᠴᠢᠲᠠᠢ ᠲᠤᠰᠬᠠᠬᠤ ᠬᠡᠷᠡᠭᠲᠡᠢ᠃ ᠨᠡᠩ ᠶᠡᠭᠡ ᠰᠥᠰᠥ ᠵᠣᠷᠢᠭ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢᠨ ᠬᠤᠪᠢᠷᠠᠯᠳᠠ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢ ᠠᠳᠬᠤᠬᠤ᠂ ᠥᠭᠡᠷᠡᠴᠢᠯᠡᠯᠲᠡ ᠶᠢ ᠠᠳᠬᠤᠬᠤ᠂ ᠲᠥᠯᠥᠪᠵᠢᠭᠦᠯᠭᠡ ᠶᠢ ᠠᠳᠬᠤᠬᠤ᠂ ᠦᠢᠯᠡᠴᠢᠯᠡᠭᠡ ᠶᠢ ᠠᠳᠬᠤᠬᠤ ᠪᠠᠶᠢᠷᠢ ᠲᠣᠭᠲᠠᠭᠠᠯᠲᠠ ᠶᠣᠰᠣᠭᠠᠷ᠂ ᠰᠤᠷᠲᠠᠯ ᠢ ᠬᠤᠪᠢᠷᠠᠭᠤᠯᠤᠨ᠂ ᠴᠢᠳᠠᠪᠤᠷᠢ ᠶᠢ ᠳᠡᠭᠡᠭᠰᠢᠯᠡᠭᠦᠯᠵᠦ᠂ ᠲᠥᠯᠥᠪᠵᠢᠭᠦᠯᠭᠡ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠬᠡᠴᠡ ᠳᠤ ᠨᠡᠩ ᠤᠯᠠᠨ ᠡᠵᠡᠨ ᠮᠡᠳᠡᠬᠦ ᠡᠷᠬᠡ ᠣᠯᠭᠤᠵᠤ᠂ ᠰᠢᠨᠵᠢᠯᠡᠬᠦ ᠤᠬᠠᠭᠠᠨᠲᠠᠨ ᠳᠤ ᠨᠡᠩ ᠶᠡᠭᠡ ᠮᠡᠷᠭᠡᠵᠢᠯ ᠤᠨ ᠱᠤᠭᠤᠮ ᠢ ᠲᠣᠭᠲᠠᠭᠠᠬᠤ ᠡᠷᠬᠡ ᠪᠣᠯᠤᠨ ᠵᠠᠷᠤᠳᠠᠯ ᠢ ᠬᠡᠷᠡᠭᠯᠡᠬᠦ ᠡᠷᠬᠡ ᠣᠯᠭᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠬᠡᠴᠡ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠶᠠᠷᠰᠢᠭ ᠲᠦᠪᠡᠭᠲᠡᠢ᠂ ᠴᠢᠬᠤᠯᠠ ᠪᠤᠰᠤ ᠪᠠᠶᠢᠭᠤᠯᠤᠮᠵᠢ ᠲᠣᠭᠲᠠᠴᠠ ᠶᠢᠨ ᠬᠦᠯᠢᠶᠡᠰᠦᠯᠡᠯ ᠠᠴᠠ ᠴᠢᠯᠥᠭᠡᠯᠡᠬᠦ ᠬᠡᠷᠡᠭᠲᠡᠢ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠬᠡᠯᠪᠡᠷᠢ ᠶᠢ ᠥᠭᠡᠷᠡᠴᠢᠯᠡᠵᠦ᠂ ︽ᠡᠭᠦᠷᠭᠡ ᠬᠦᠯᠢᠶᠡᠵᠦ ᠲᠦᠷᠦᠭᠦᠯᠡᠨ ᠬᠢᠬᠦ︾    ︽ᠮᠣᠷᠢ ᠤᠷᠤᠯᠳᠤᠬᠤ︾ ᠵᠡᠷᠭᠡ ᠲᠦᠷᠢᠮ ᠢ ᠬᠡᠷᠡᠭᠵᠢᠭᠦᠯᠤᠨ᠂ ᠬᠢᠷᠢ ᠭᠡᠮ ᠢᠶᠠᠷ ᠬᠢᠵᠠᠭᠠᠷᠯᠠᠬᠤ ᠦᠭᠡᠢ᠂ ᠨᠦᠬᠦᠴᠡᠯ ᠪᠠᠷᠢᠮᠵᠢᠶ᠎ᠠ ᠲᠣᠭᠲᠠᠭᠠᠬᠤ ᠦᠭᠡᠢ ᠪᠠᠶᠢᠬᠤ ᠶᠢ ᠪᠡᠶᠡᠯᠡᠭᠦᠯᠵᠤ᠂ ᠵᠢᠩᠬᠢᠨᠢ ᠡᠷᠳᠡᠮ ᠴᠢᠳᠠᠪᠤᠷᠢ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠴᠢᠳᠠᠪᠤᠷᠢ ᠪᠠᠨ ᠪᠠᠳᠠᠷᠠᠭᠤᠯᠬᠤ ᠭᠠᠵᠠᠷ ᠲᠠᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠵᠠᠢ᠃       ᠰᠢ ᠶᠢᠨ ᠫᠢᠩ ᠠᠴᠠ᠂ ᠨᠡᠭᠡᠭᠡᠯᠲᠡᠲᠦ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠤᠯᠭᠠᠨ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠣᠷᠣᠯᠴᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠳᠡᠯᠡᠬᠡᠶᠢᠴᠢ ᠴᠢᠨᠠᠷ᠂ ᠴᠠᠭ ᠦᠶᠡᠴᠢ ᠴᠢᠨᠠᠷ ᠲᠠᠢ ᠪᠠᠶᠢᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠦᠪ ᠬᠦᠷᠦᠩᠭᠡ ᠪᠤᠯᠤᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠪᠥᠬᠦ ᠪᠥᠮᠪᠥᠷᠴᠡᠭ ᠤᠨ ᠬᠠᠷᠠᠭᠠᠰᠤ ᠠᠴᠠ ᠰᠢᠨ᠎ᠡ ᠶᠢ ᠡᠭᠦᠳᠬᠦ ᠶᠢ ᠲᠥᠯᠥᠪᠵᠢᠭᠦᠯᠦᠨ ᠠᠬᠢᠭᠤᠯᠵᠤ᠂ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠤᠤᠷ ᠲᠤ ᠢᠳᠡᠪᠬᠢᠲᠡᠶ ᠠᠭᠤᠰᠤᠯᠴᠠᠨ᠂ ᠠᠭᠤᠷ ᠠᠮᠢᠰᠬᠤᠯ ᠤᠨ ᠬᠤᠪᠢᠷᠠᠯᠲᠠ᠂ ᠬᠥᠮᠦᠨ ᠲᠥᠷᠥᠯᠬᠢᠲᠡᠨ ᠤ ᠡᠷᠡᠭᠦᠯ ᠮᠡᠨᠳᠦ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠠᠢ ᠬᠠᠮᠳᠤᠷᠠᠨ ᠰᠤᠳᠤᠯᠬᠤ ᠪᠠᠨ ᠴᠢᠩᠭᠠᠳᠬᠠᠬᠤ ᠬᠡᠷᠡᠭᠲᠡᠶ᠃ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠳᠤᠮᠳᠠᠳᠤ ᠤᠯᠤᠰ ᠤᠨ ᠤᠶᠤᠨ ᠤᠬᠠᠭᠠᠨ ᠢᠶᠠᠨ ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠤ ᠠᠵᠠ ᠵᠢᠷᠭᠠᠯ ᠢ ᠨᠡᠩ ᠰᠠᠶᠢᠳᠦᠷ ᠨᠡᠮᠡᠭᠳᠡᠭᠦᠯᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃      ᠰᠢ ᠶᠢᠨ ᠫᠢᠩ ᠠᠴᠠ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠬᠦ ᠪᠥᠮᠪᠥᠷᠴᠡᠭ ᠤᠨ ᠴᠢᠳᠠᠪᠤᠷᠢᠲᠠᠨ ᠤ  ᠦᠨᠳᠦᠷ ᠳᠦᠪᠰᠢᠨ ᠢ ᠪᠣᠢ ᠪᠣᠯᠭᠠᠬᠤ ᠬᠡᠷᠡᠭᠲᠡᠢ᠃ ᠣᠳᠣᠬᠠᠨ ᠤ ᠳᠡᠯᠡᠬᠡᠢ ᠶᠢᠷᠲᠢᠨᠴᠦ ᠶᠢᠨ ᠥᠷᠢᠰᠥᠯᠳᠦᠭᠡᠨ ᠨᠢ ᠡᠴᠦᠰ ᠤᠨ ᠡᠴᠦᠰ ᠲᠡᠭᠡᠨ ᠴᠢᠳᠠᠪᠤᠷᠢᠲᠠᠨ ᠤ ᠥᠷᠢᠰᠥᠯᠳᠦᠭᠡᠨ᠂ ᠰᠤᠷᠭᠠᠨ ᠬᠥᠮᠦᠵᠢᠯ ᠤᠨ ᠥᠷᠢᠰᠥᠯᠳᠦᠭᠡᠨ ᠪᠣᠯᠤᠨ᠎ᠠ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠶᠢ ᠨᠡᠩ ᠢᠯᠡᠭᠦᠦ ᠴᠢᠬᠤᠯᠠᠴᠢᠯᠠᠵᠤ᠂ ᠨᠢᠭᠡ ᠪᠦᠯᠦᠭ ᠳᠡᠯᠡᠬᠡᠢ ᠳᠤ ᠨᠥᠯᠥᠭᠡᠯᠡᠬᠦ ᠬᠦᠴᠦᠨ ᠲᠠᠢ ᠣᠷᠦ᠋ᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠵᠦ᠂ ᠨᠢᠭᠡ ᠪᠦᠯᠦᠭ ᠰᠢᠨ᠎ᠡ ᠶᠢ ᠡᠭᠦᠳᠬᠦ ᠪᠦᠯᠬᠦᠮ ᠢ ᠲᠣᠭᠲᠠᠭᠤᠨ ᠢᠶᠠᠷ ᠳᠡᠮᠵᠢᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠳᠠᠨ᠂ ᠤᠷᠠᠨ ᠳᠠᠷᠬᠠᠨ᠂ ᠶᠡᠭᠡ ᠤᠯᠤᠰ ᠤᠨ ᠭᠠᠷᠮᠠᠭᠠᠢ ᠳᠠᠷᠬᠠᠨ ᠢ ᠬᠥᠮᠦᠵᠢᠭᠦᠯᠬᠦ ᠬᠡᠷᠡᠭᠲᠡᠢ᠃ ᠮᠠᠨ ᠤ ᠤᠯᠤᠰ ᠤᠨ ᠰᠤᠷᠭᠠᠨ ᠬᠥᠮᠦᠵᠢᠯ ᠶᠡᠭᠡ ᠪᠠᠭᠰᠢᠳᠠᠨ ᠢ ᠬᠥᠮᠦᠵᠢᠭᠦᠯᠵᠦ ᠴᠢᠳᠠᠨ᠎ᠠ᠂ ᠪᠢᠳᠠ ᠡᠶᠢᠮᠦ ᠢᠲᠡᠭᠡᠯ ᠲᠠᠢ ᠪᠠᠶᠢᠬᠤ ᠬᠡᠷᠡᠭᠲᠡᠢ︕ ᠪᠦᠬᠦ ᠲᠡᠯᠡᠭᠡᠢ ᠶᠢᠨ ᠰᠢᠯᠢᠳᠡᠭ ᠴᠢᠳᠠᠪᠤᠷᠢᠲᠠᠨ ᠢ ᠴᠤᠭᠯᠠᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠦᠨᠳᠦᠷ ᠳᠦᠪᠰᠢᠨ ᠢ ᠪᠣᠢ ᠪᠣᠯᠭᠠᠵᠦ᠂ ᠳᠡᠭᠡᠳᠦ ᠲᠡᠰ ᠤᠨ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠰᠣᠯᠢᠯᠴᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠭᠤᠣᠯ ᠬᠦᠴᠦᠨ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠤᠳᠤᠯᠤᠨ ᠨᠡᠭᠡᠭᠡᠬᠦ ᠠᠵᠢᠯᠯᠠᠭ᠎ᠠ ᠳᠤ ᠵᠤᠷᠢᠭᠤᠯᠬᠤ ᠬᠡᠷᠡᠭᠲᠡᠢ᠂ ᠬᠡᠷᠬᠢᠪᠡᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ ᠶᠡᠭᠡ ᠬᠡᠮᠵᠢᠶᠡᠨ ᠤ ᠴᠠᠭ ᠢᠶᠠᠨ ᠬᠡᠷᠡᠭ ᠦᠭᠡᠢ ᠤᠭᠲᠤᠵᠤ ᠬᠦᠷᠭᠡᠬᠦ ᠠᠵᠢᠯᠯᠠᠭ᠎ᠠ᠂ ᠴᠢᠬᠤᠯᠠ ᠪᠤᠰᠤ ᠬᠢᠨᠠᠨ ᠦᠨᠡᠯᠡᠬᠦ ᠠᠵᠢᠯᠯᠠᠭ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠵᠦᠢᠯ ᠪᠦᠷᠢ ᠶᠢᠨ ᠠᠵᠢᠯᠯᠠᠭ᠎ᠠ ᠳᠡᠭᠡᠷ᠎ᠡ ᠵᠤᠷᠢᠭᠤᠯᠵᠤ ᠪᠣᠯᠬᠤ ᠦᠭᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠠᠴᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠣᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠪᠣᠯᠤᠨ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠬᠠᠮᠤᠭ ᠤᠨ ᠳᠡᠭᠡᠳᠦ ᠡᠷᠳᠡᠮ ᠰᠢᠨᠵᠢᠯᠡᠭᠡᠨ ᠤ ᠪᠠᠶᠢᠭᠤᠯᠤᠮᠵᠢ ᠮᠥᠨ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠮᠥᠨ᠃ ᠬᠤᠶᠠᠷ ᠬᠦᠷᠢᠶᠡᠯᠡᠩ ᠤᠨ ᠤᠯᠤᠰ ᠤᠨ ᠠᠩᠬᠢ ᠪᠤᠯᠤᠭᠰᠠᠨ ᠤ ᠬᠤᠪᠢ ᠳᠤ ᠡᠷᠳᠡᠮ ᠰᠢᠨᠵᠢᠯᠡᠭᠡᠨ ᠤ ᠬᠦᠳᠦᠯᠦᠨ ᠳᠠᠭᠠᠭᠤᠯᠬᠤ ᠦᠢᠯᠡᠳᠦᠯ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠬᠤ ᠦᠢᠯᠡᠳᠦᠯ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠰᠢᠢᠳᠪᠦᠷᠢᠯᠡᠨ᠂ ᠵᠣᠷᠢᠭᠲᠠᠢ ᠪᠠᠷ ᠰᠢᠨ᠎ᠠ ᠶᠢ ᠡᠬᠦᠳᠦᠨ ︽ᠡᠵᠡᠭᠦᠢ ᠤᠷᠤᠨ︾ ᠢᠶᠠᠷ ᠠᠶᠠᠯᠠᠨ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠪᠲᠤᠯᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠪᠣᠯᠤᠨ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠦᠯᠬᠦᠮ ᠢ ᠢᠯᠡᠷᠡᠭᠦᠯᠤᠨ ᠬᠥᠮᠦᠵᠢᠭᠦᠯᠵᠦ ᠲᠥᠪᠯᠡᠷᠡᠭᠦᠯᠬᠦ ᠬᠡᠷᠡᠭᠲᠡᠢ᠃ ᠬᠤᠶᠠᠷ ᠬᠦᠷᠢᠶᠡᠯᠡᠩ ᠤᠨ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ ᠶᠢᠨ ᠴᠢᠳᠠᠪᠬᠢ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨᠲᠠᠨ ᠤ ᠦᠢᠯᠡᠳᠦᠯ ᠢ ᠪᠠᠳᠠᠷᠠᠭᠤᠯᠤᠨ᠂ ᠵᠥᠪᠯᠡᠯᠭᠡ ᠥᠭᠴᠦ ᠦᠨᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠤᠯᠤᠰ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠬᠡᠷᠡᠭᠲᠡᠢ ᠭᠡᠪᠠ᠃      ᠰᠢ ᠶᠢᠨ ᠫᠢᠩ ᠠᠴᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠨᠠᠮ ᠪᠣᠯᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠳᠤ ᠦᠢᠯᠡᠴᠢᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠳᠤ ᠦᠢᠯᠡᠴᠢᠯᠡᠬᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠦᠢᠯᠡᠴᠢᠯᠡᠬᠦ᠂ ᠨᠠᠮ ᠪᠣᠯᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠢᠯᠡᠴᠢᠯᠡᠬᠦ ᠶᠢ ᠪᠠᠷᠢᠮᠲᠠᠯᠠᠨ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠢ ᠨᠠᠮ ᠤᠨ ᠲᠣᠭᠤᠷᠢᠨ ᠳᠤ ᠨᠡᠩ ᠥᠷᠭᠡᠨ ᠢᠶᠠᠷ ᠪᠦᠯᠬᠦᠮᠳᠡᠭᠦᠯᠵᠦ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ ᠡᠷᠳᠡᠮ ᠰᠢᠨᠵᠢᠯᠡᠭᠡᠨ ᠤ ᠰᠤᠷᠲᠠᠯ ᠢ ᠪᠤᠢ ᠪᠤᠯᠭᠠᠬᠤ ᠬᠡᠷᠡᠭᠲᠡᠢ᠃ ᠳᠡᠯᠡᠬᠡᠢ ᠳᠤ ᠬᠠᠨᠳᠤᠬᠤ᠂ ᠢᠷᠡᠭᠡᠳᠦᠢ ᠳᠤ ᠬᠠᠨᠳᠤᠬᠤ ᠶᠢ ᠪᠠᠷᠢᠮᠲᠠᠯᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠯᠦᠭᠡ ᠶᠢᠨ ᠨᠡᠭᠡᠭᠡᠯᠲᠡ᠂ ᠢᠲᠡᠭᠡᠯᠴᠡᠭᠡ᠂ ᠬᠠᠮᠲᠤᠷᠠᠯᠴᠠᠭ᠎ᠠ ᠶᠢ ᠨᠡᠮᠡᠭᠳᠡᠭᠦᠯᠤᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠠᠴᠠ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯ ᠤᠯᠤᠰ ᠤᠨ ᠦᠪ ᠬᠦᠷᠦᠩᠭᠡ᠂ ᠠᠷᠠᠳ ᠲᠦᠮᠡᠨ ᠤ ᠣᠮᠣᠭᠰᠢᠯ᠂ ᠦᠨᠳᠦᠰᠦᠲᠡᠨ ᠤ ᠢᠷᠠᠭᠤ ᠠᠯᠳᠠᠷ ᠮᠥᠨ᠃ ᠠᠺᠠᠳᠧᠮᠢᠴᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠴᠣᠯᠠ ᠶᠢ ᠢᠷᠠᠭᠤ ᠠᠯᠳᠠᠷᠲᠤ ᠴᠢᠨᠠᠷ᠂ ᠡᠷᠳᠡᠮ ᠰᠢᠨᠵᠢᠯᠡᠭᠡᠨ ᠤ ᠴᠢᠨᠠᠷ ᠲᠤ ᠡᠭᠡᠭᠦᠯᠦᠨ᠂ ᠠᠺᠠᠳᠧᠮᠢᠴᠢ ᠶᠢᠨ ᠴᠣᠯᠠ ᠶᠢᠨ ᠴᠡᠪᠡᠷ ᠴᠢᠨᠠᠷ ᠢ ᠬᠠᠮᠠᠭᠠᠯᠠᠬᠤ ᠬᠡᠷᠡᠭᠲᠡᠢ᠃ ᠥᠷᠭᠡᠨ ᠣᠯᠠᠨ ᠠᠺᠠᠳᠧᠮᠢᠴᠢ ᠰᠡᠳᠬᠢᠯ ᠵᠢᠷᠦᠭᠡᠨ ᠳᠡᠭᠡᠨ ᠡᠬᠡ ᠤᠯᠤᠰ ᠢᠶᠠᠨ ᠪᠤᠳᠤᠬᠤ᠂ ᠠᠷᠠᠳ ᠲᠦᠮᠡᠨ ᠳᠤ ᠦᠢᠯᠡᠴᠢᠯᠡᠬᠦ ᠦᠯᠢᠭᠡᠷ ᠳᠠᠭᠤᠷᠢᠶᠠᠯ ᠪᠣᠯᠵᠣ᠂ ᠦᠨᠡᠨ ᠶᠣᠰᠣ ᠶᠢ ᠬᠥᠭᠡᠭᠡᠴᠡᠯᠳᠦᠬᠦ᠂ ᠵᠣᠷᠢᠭᠲᠠᠶ ᠪᠠᠷ ᠨᠤᠶᠠᠠ ᠣᠷᠭᠢᠯ ᠳᠤ ᠠᠪᠠᠷᠢᠬᠤ ᠦᠯᠢᠭᠡᠷ ᠳᠠᠭᠤᠷᠢᠶᠠᠯ ᠪᠣᠯᠵᠣ᠂ ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠢ ᠪᠠᠲᠤ ᠰᠠᠬᠢᠬᠤ᠂ ᠴᠢᠩᠭ᠎ᠠ ᠨᠢᠮᠪᠠᠢ ᠪᠠᠷ ᠡᠷᠳᠡᠮ ᠰᠢᠨᠵᠢᠯᠡᠭᠡᠨ ᠤ ᠠᠵᠢᠯ ᠬᠢᠬᠦ ᠥᠯᠢᠭᠡᠷ ᠳᠠᠭᠤᠷᠢᠶᠠᠯ ᠪᠣᠯᠵᠣ᠂ ᠳᠤᠷᠠᠲᠠᠶ᠎ᠠ ᠬᠤᠶᠢᠴᠢ ᠦᠶ᠎ᠠ ᠪᠠᠨ ᠬᠦᠮᠦᠵᠢᠭᠦᠯᠬᠦ᠂ ᠬᠤᠶᠢᠴᠢ ᠦᠶ᠎ᠠ ᠪᠠᠨ ᠤᠷᠮᠠᠰᠢᠭᠤᠯᠤᠨ ᠵᠤᠷᠢᠡᠡᠵᠢᠭᠤᠯᠬᠤ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠥᠷᠭᠡᠨ ᠣᠯᠠᠨ ᠠᠺᠠᠳᠧᠮᠢᠴᠢ ᠠᠩᠬᠠᠨ ᠤ ᠵᠣᠷᠢᠯᠳᠠ ᠪᠠᠨ ᠮᠠᠷᠳᠠᠯ ᠥᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠨᠠᠮ ᠤᠨ ᠤᠷᠢᠶᠠᠯᠠᠭ᠎ᠠ ᠶᠢ ᠳᠠᠭᠠᠵᠤ᠂ ᠡᠬᠡ ᠤᠯᠤᠰ ᠤᠨ ᠢᠶᠠᠨ ᠤᠷᠢᠶᠠᠯᠠᠭ᠎ᠠ ᠶᠢ ᠳᠠᠭᠠᠵᠤ᠂ ᠵᠣᠷᠢᠭᠲᠠᠶ ᠪᠠᠷ ᠲᠦᠷᠦᠭᠦᠯᠡᠨ ᠬᠢᠵᠦ᠂ ᠭᠠᠪᠰᠢᠭᠠᠶᠢᠯᠠᠨ ᠴᠢᠷᠮᠠᠶᠢᠵᠤ᠂ ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠶᠣᠰᠣ ᠰᠤᠷᠲᠠᠬᠤᠨ ᠢ ᠪᠠᠲᠤ ᠰᠠᠬᠢᠵᠤ᠂ ᠳᠤᠷᠠᠲᠠᠶ᠎ᠠ ᠬᠤᠶᠢᠴᠢ ᠦᠶ᠎ᠡ ᠪᠠᠨ ᠵᠢᠯᠤᠭᠤᠳᠤᠨ ᠳᠠᠭᠠᠭᠤᠯᠵᠤ᠂ ᠨᠠᠮ ᠤᠨ ᠲᠥᠯᠥᠭᠡ᠂ ᠡᠬᠡ ᠤᠯᠤᠰ ᠤᠨ ᠲᠥᠯᠥᠭᠡ᠂ ᠠᠷᠠᠳ ᠲᠦᠮᠡᠨ ᠤ ᠲᠥᠯᠥᠭᠡ ᠮᠡᠷᠡᠶᠢᠨ ᠵᠢᠳᠬᠦᠵᠦ᠂ ᠴᠥᠬᠦᠷᠡᠰᠢ ᠥᠬᠡᠶ ᠲᠡᠮᠡᠴᠡᠬᠦ ᠬᠡᠷᠡᠭᠲᠡᠶ ᠭᠡᠪᠠ᠃      ᠰᠢ ᠶᠢᠨ ᠫᠢᠩ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠴᠢᠳᠠᠪᠤᠷᠢᠲᠠᠨ ᠢ ᠳᠡᠭᠡᠳᠦ ᠬᠡᠮᠵᠢᠶ᠎ᠡ ᠪᠠᠷ ᠬᠦᠨᠳᠦᠳᠬᠡᠵᠦ᠂ ᠠᠺᠠᠳᠧᠮᠢᠴᠢ ᠶᠢ ᠤᠯᠤᠰ ᠲᠥᠷᠥ ᠶᠢᠨ ᠲᠠᠯ᠎ᠠ ᠪᠠᠷ ᠬᠠᠯᠠᠮᠵᠢᠯᠠᠵᠤ᠂ ᠠᠵᠢᠯ ᠤᠨ ᠲᠠᠯ᠎ᠠ ᠪᠠᠷ ᠳᠡᠮᠵᠢᠵᠤ᠂ ᠠᠮᠢᠳᠤᠷᠠᠯ ᠤᠨ ᠲᠠᠯ᠎ᠠ ᠪᠠᠷ ᠬᠠᠯᠠᠮᠵᠢᠯᠠᠵᠤ᠂ ᠠᠺᠠᠳᠧᠮᠢᠴᠢ ᠶᠢ ᠪᠠᠭᠲᠠᠭᠠᠭᠰᠠᠨ ᠥᠷᠭᠡᠨ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠠᠨᠠᠯ ᠢ ᠨᠠᠷᠢᠨ ᠬᠢᠨᠠᠮᠠᠭᠠᠶ ᠰᠣᠨᠣᠰᠴᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ ᠦᠢᠯᠡᠴᠢᠯᠡᠭᠡᠨ ᠤ ᠪᠠᠳᠤᠯᠠᠭ᠎ᠠ ᠬᠠᠩᠭᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠠᠶᠢᠨ ᠰᠠᠶᠢᠬᠠᠨ ᠰᠢᠨ᠎ᠡ ᠶᠢ ᠡᠭᠦᠳᠬᠦ ᠣᠷᠴᠢᠨ ᠡᠭᠦᠳᠴᠦ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃      ᠯᠢ ᠺᠧ ᠴᠢᠶᠠᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠮᠠᠨ ᠤ ᠨᠠᠮ ᠤᠨ ᠡᠯ᠎ᠡ ᠲᠡᠦᠬᠡᠨ ᠴᠠᠭ ᠦᠶ᠎ᠡ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠢᠷᠡᠭᠰᠡᠨ ᠢ ᠡᠷᠭᠢᠴᠡᠭᠦᠯᠵᠦ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠣᠯᠤᠭᠰᠠᠨ ᠰᠢᠨ᠎ᠡ ᠲᠡᠦᠬᠡᠲᠦ ᠴᠢᠨᠠᠷᠲᠠᠢ ᠠᠮᠵᠢᠯᠲᠠ ᠶᠢ ᠳ᠋ᠦᠩᠨᠡᠨ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠬᠤᠪᠢᠷᠠᠯᠲᠠ ᠶᠢᠨ ᠬᠠᠨᠳᠤᠰᠢ ᠶᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠱᠠᠯᠠᠪᠳᠠᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠬᠤᠶᠠᠷ ᠬᠦᠷᠢᠶᠡᠯᠡᠩ ᠤᠨ ᠠᠺᠠᠳᠧᠮᠢᠴᠢ ᠪᠣᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠤ ᠨᠠᠨᠳᠢᠨ ᠬᠦᠰᠡᠯ ᠲᠠᠯᠪᠢᠵᠤ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠴᠢᠭᠯᠡᠯᠳᠦ ᠴᠢᠨᠠᠷ ᠲᠠᠢ ᠶᠤᠮ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠵᠦ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ  ᠪᠡᠶᠡᠯᠡᠬᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃      ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠶᠡᠭᠡ ᠬᠤᠷᠠᠯ ᠤᠨ ᠲᠥᠯᠥᠭᠡᠯᠡᠭᠴᠢ ᠵᠡᠷᠭᠡ 3000 ᠭᠠᠷᠤᠢ ᠬᠥᠮᠦᠨ ᠶᠡᠭᠡ ᠬᠤᠷᠠᠯ ᠳᠤ ᠣᠷᠣᠯᠴᠠᠵᠠᠢ᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠬᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号