ᠠᠯᠠᠱᠠ ᠠᠶᠢᠮᠠᠭ ᠤᠨ ᠴᠠᠬᠢᠯᠭᠠᠨ ᠬᠦᠴᠦᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠳᠣᠬᠠᠢ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/6/11
      ︽ᠥᠪᠡᠷᠲᠡᠭᠡᠨ ᠵᠠᠰᠠᠬᠤ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ〔2020〕9 ᠳ᠋ᠣᠭᠡᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠴᠠᠬᠢᠯᠭᠠᠨ ᠬᠦᠴᠦᠨ ᠣᠯᠬᠤ ᠦᠢᠯᠡᠴᠢᠯᠡᠬᠡᠨ ᠤ ᠤ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠡᠨᠧᠷᠭᠢ ᠴᠠᠬᠢᠯᠭᠠᠨ ᠥᠰᠥᠭ 〔2020〕662 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠳᠦᠪᠰᠢᠨ ᠢᠶᠠᠷ ᠪᠠᠷᠢᠮᠵᠢᠶᠠᠯᠠᠨ᠂ ᠴᠠᠬᠢᠯᠭᠠᠨ ᠬᠡᠷᠡᠭᠯᠡᠬᠦ ᠲᠡᠷᠢᠭᠦᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠪᠣᠶ ᠪᠣᠯᠭᠠᠵᠤ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃       ᠨᠢᠭᠡ᠂ ᠬᠡᠷᠡᠭᠯᠡᠭᠳᠡᠬᠦ ᠡᠲᠡᠭᠡᠳ       ᠲᠣᠰ ᠲᠥᠰᠦᠯ ᠨᠢ ᠠᠯᠠᠱᠠ ᠠᠶᠢᠮᠠᠭ ᠤᠨ ᠬᠡᠪᠴᠢᠶᠡᠨ ᠳᠠᠬᠢ 10 ᠺᠢᠯᠣᠸ᠋ᠲ ᠵᠢᠴᠢ ᠲᠡᠭᠦᠨ ᠠᠴᠠ ᠳᠣᠷᠣᠭᠰᠢᠬᠢ ᠬᠡᠷᠡᠭᠯᠡᠭᠴᠢ ᠶᠢᠨ ᠰᠢᠨ᠎ᠡ ᠪᠠᠷ ᠤᠭᠰᠠᠷᠠᠬᠤ᠂ ᠪᠠᠭᠲᠠᠭᠠᠮᠵᠢ ᠶᠢ ᠨᠢ ᠨᠡᠮᠡᠭᠳᠡᠬᠦᠯᠬᠦ ᠴᠠᠬᠢᠯᠭᠠᠨ ᠬᠦᠴᠦᠨ ᠵᠠᠯᠭᠠᠯᠳᠠ ᠶᠢᠨ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠲᠤᠤᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠢᠨᠵᠧᠨᠧᠷᠢᠩ ᠳᠤ ᠬᠡᠷᠡᠭᠯᠡᠭᠳᠡᠨ᠎ᠡ᠃ 20 ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠨᠢ ᠳᠣᠰ ᠳᠦᠰᠦᠯ ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃       ᠬᠤᠶᠠᠷ᠂ ᠠᠵᠢᠯ ᠤᠨ ᠬᠠᠷᠠᠯᠲᠠ       ︽ᠭᠤᠷᠪᠠ ᠶᠢ ᠬᠡᠯᠳᠦᠷᠢᠬᠦᠯᠬᠦ︾ ︽ᠭᠤᠷᠪᠠ ᠶᠢ ᠠᠷᠪᠢᠯᠠᠬᠤ︾ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠤᠤᠷ᠎ᠠ ᠬᠦᠴᠦᠳᠡᠯ ᠢ ᠭᠡᠷᠡᠭᠰᠡᠬᠦ ᠵᠣᠴᠢᠨ ᠡᠷᠦᠬᠡ ᠶᠢᠨ ᠣᠭᠰᠠᠷᠠᠭᠤᠯᠬᠤ ᠪᠠᠷ ᠮᠡᠳᠡᠭᠦᠯᠦᠭᠰᠡᠨ ᠭᠤᠭᠴᠤᠭ᠎ᠠ ᠶᠢ 2 ︵ᠭᠥᠯᠢᠶᠡᠨ ᠠᠪᠴᠤ ᠬᠦᠢᠴᠡᠳᠬᠡᠬᠦ ᠳᠤ ᠭᠡᠷ᠎ᠡ ᠲᠣᠭᠲᠠᠬᠤ᠂ ᠪᠠᠷᠢᠯᠭ᠎ᠠ ᠶᠢᠨ ᠠᠵᠢᠯ ᠬᠢᠬᠦ ᠳᠤ ᠴᠠᠬᠢᠯᠭᠠᠨ ᠬᠦᠷᠭᠡᠬᠦ︶ ᠪᠣᠯᠭᠠᠨ ᠪᠣᠭᠤᠨᠢᠰᠬᠠᠵᠤ᠂ ︽ᠭᠤᠷᠪᠠ ᠶᠢ ᠬᠡᠯᠳᠦᠷᠢᠬᠦᠯᠬᠦ︾ ᠦᠢᠯᠡᠴᠢᠯᠡᠬᠡᠨ ᠤ ᠳᠣᠭᠢᠷᠠᠬᠤ ᠬᠡᠪᠴᠢᠶᠡᠨ ᠳᠤ ᠨᠡᠶᠢᠴᠡᠬᠦ ᠳᠤᠤᠷ᠎ᠠ ᠬᠦᠴᠦᠳᠡᠯ ᠢ ᠬᠡᠷᠡᠭᠰᠡᠬᠦ ᠵᠣᠴᠢᠨ ᠡᠷᠦᠬᠡ ᠶᠢᠨ ᠴᠠᠬᠢᠯᠭᠠᠨ ᠣᠷᠣᠭᠤᠯᠬᠤ ᠳᠤᠮᠳᠠᠴᠢ ᠴᠠᠭ ᠤᠨ ᠬᠢᠵᠠᠭᠠᠷ ᠢ 14 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠥᠬᠡᠶ᠂ ᠡᠭᠦᠨ ᠳᠤ ᠰᠢᠭᠤᠳ ᠬᠡᠮᠵᠢᠭᠦᠷ ᠢ ᠤᠭᠰᠠᠷᠠᠬᠤ ᠨᠥᠬᠦᠴᠡᠯ ︵ᠬᠡᠮᠵᠢᠬᠦᠷ ᠤᠨ ᠬᠠᠶᠢᠷᠴᠠᠭ ᠲᠤ ᠬᠤᠭᠤᠰᠣᠨ ᠵᠠᠢ ᠲᠠᠢ︶ ᠢ ᠪᠦᠷᠢᠯᠳᠦᠭᠦᠯᠵᠦ᠂ ᠴᠠᠬᠢᠯᠭᠠᠨ ᠣᠷᠣᠭᠤᠯᠬᠤ ᠴᠠᠭ ᠤᠨ ᠬᠢᠵᠠᠭᠠᠷ ᠢ 3 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠥᠬᠡᠶ᠃ ᠥᠨᠳᠥᠷ ᠬᠦᠴᠦᠳᠡᠯᠲᠦ ᠴᠠᠬᠢᠯᠭᠠᠨ ᠬᠡᠷᠡᠭᠯᠡᠬᠦ ᠡᠷᠦᠬᠡ ᠶᠢᠨ ᠣᠭᠰᠠᠷᠠᠭᠤᠯᠬᠤ ᠪᠠᠷ ᠮᠡᠳᠡᠭᠦᠯᠬᠦ ᠭᠤᠭᠴᠤᠭ᠎ᠠ ᠶᠢ 4 ︵ᠭᠤᠶᠤᠴᠢᠯᠠᠯ ᠢ ᠭᠥᠯᠢᠶᠡᠨ ᠠᠪᠴᠤ ᠬᠦᠢᠴᠡᠳᠬᠡᠬᠦ᠂ ᠴᠠᠬᠢᠯᠭᠠᠨ ᠬᠠᠩᠭᠠᠬᠤ ᠲᠥᠰᠦᠯ ᠤᠨ ᠬᠠᠷᠢᠭᠤᠯᠲᠠ ᠥᠭᠬᠦ᠂ ᠢᠨᠵᠧᠨᠧᠷᠢᠩ ᠢ ᠬᠡᠷᠡᠭᠵᠢᠭᠦᠯᠬᠦ᠂ ᠬᠡᠮᠵᠢᠭᠦᠷ ᠲᠠᠭᠠᠷᠠᠭᠤᠯᠵᠤ ᠴᠠᠬᠢᠯᠭᠠᠨ ᠵᠠᠯᠭᠠᠬᠤ︶ ᠪᠣᠯᠭᠠᠨ ᠪᠠᠭᠠᠰᠬᠠᠵᠤ᠂ 10 ︵6︶ ᠺᠢᠯᠣᠸᠠᠲ ᠪᠣᠯᠭᠠᠨ ᠥᠷᠭᠡᠳᠬᠡᠬᠦ ᠢᠨᠵᠧᠨᠧᠷᠢᠩ ᠤᠨ ᠡᠯ᠎ᠡ ᠭᠤᠭᠴᠤᠭ᠎ᠠ ᠶᠢᠨ ᠬᠦᠢᠴᠡᠳᠬᠡᠬᠦ ᠴᠠᠭ ᠢ ᠨᠡᠶᠢᠲᠡ 15 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠃ ᠬᠤᠲᠠ ᠶᠢᠨ ᠶᠠᠪᠤᠳᠠᠯ ᠤᠨ ᠵᠠᠮ ᠤᠨ ᠬᠡᠰᠡᠭ ᠤᠨ ᠲᠥᠯᠥᠪᠵᠢᠭᠦᠯᠭᠡ ᠶᠢᠨ ᠳᠣᠲᠣᠷᠠᠬᠢ ᠬᠤᠲᠠ ᠶᠢᠨ ᠶᠠᠪᠤᠳᠠᠯ ᠤᠨ ᠬᠤᠭᠤᠯᠠᠶ ᠱᠤᠭᠤᠮ ᠤᠨ  ᠢᠨᠵᠧᠨᠧᠷᠢᠩ ᠤᠨ ᠴᠠᠬᠢᠯᠭᠠᠨ ᠬᠠᠩᠭᠠᠬᠤ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠵᠤ ᠪᠠᠶᠢᠭᠰᠠᠨ ᠢ ᠳᠠᠩᠰᠠᠯᠠᠬᠤ ᠳᠦᠷᠢᠮ ᠪᠣᠯᠭᠠᠨ ᠦᠭᠡᠷᠡᠴᠢᠯᠡᠨ᠎ᠡ᠃       ᠭᠤᠷᠪᠠ᠂ ᠭᠤᠣᠯ ᠡᠭᠦᠷᠭᠡ       ︵ᠨᠢᠭᠡ︶ ᠴᠠᠬᠢᠯᠭᠠᠨ ᠣᠷᠣᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ       ᠬᠡᠷᠡᠭᠯᠡᠭᠴᠢ ᠰᠢᠨ᠎ᠡ ᠪᠠᠷ ᠣᠭᠰᠠᠷᠠᠬᠤ᠂ ᠪᠠᠭᠲᠠᠭᠠᠮᠵᠢ ᠶᠢ ᠨᠢ ᠨᠡᠮᠡᠭᠳᠡᠬᠦᠯᠬᠦ ᠳᠣᠬᠠᠢ ᠴᠠᠬᠢᠯᠭᠠᠨ ᠬᠡᠷᠡᠭᠯᠡᠬᠦ ᠭᠤᠶᠤᠴᠢᠯᠠᠯ ᠢᠶᠠᠨ ᠲᠤᠰᠢᠶᠠᠭᠰᠠᠨ ᠤ ᠳᠠᠷᠠᠭ᠎ᠠ᠂ ᠴᠠᠬᠢᠯᠭᠠᠨ ᠬᠠᠩᠭᠠᠬᠤ ᠠᠵᠤ ᠠᠬᠤᠶᠢᠯᠠᠯ 0 . 5 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠯ ᠢ ᠭᠥᠯᠢᠶᠡᠨ ᠠᠪᠴᠤ ᠬᠦᠢᠴᠡᠳᠬᠡᠨ᠎ᠡ᠃       1. ᠤᠭᠰᠠᠷᠠᠬᠤ ᠪᠠᠷ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠴᠣᠮᠬᠠᠳᠬᠠᠨ᠎ᠠ᠃ ᠳᠤᠤᠷ᠎ᠠ ᠬᠦᠴᠦᠳᠡᠯ ᠢ ᠬᠡᠷᠡᠭᠰᠡᠬᠦ ᠬᠡᠷᠡᠭᠯᠡᠭᠴᠢ ᠶᠢᠨ ᠭᠤᠶᠤᠴᠢᠯᠠᠬᠤ ᠮᠠᠲ᠋ᠧᠷᠢᠶᠠᠯ ᠢ 2 ᠬᠤᠪᠢ ︵ᠴᠠᠬᠢᠯᠭᠠᠨ ᠬᠡᠷᠡᠭᠯᠡᠬᠦ ᠭᠤᠤᠯ ᠴᠣᠭᠴᠠ ᠶᠢᠨ ᠬᠢᠷᠢ ᠬᠡᠮ ᠤᠨ ᠭᠡᠷᠡᠴᠢ᠂ ᠴᠠᠬᠢᠯᠭᠠᠨ ᠬᠡᠷᠡᠭᠯᠡᠬᠦ ᠬᠠᠶ᠋ᠢᠭ ᠤᠨ ᠠᠳᠠᠯ ᠠᠬᠤᠶ ᠶᠢᠨ ᠡᠷᠬᠡ ᠶᠢᠨ ᠬᠠᠷᠢᠶᠠᠯᠠᠯ ᠤᠨ ᠭᠡᠷᠡᠴᠢ︶  ᠪᠣᠯᠭᠠᠨ ᠴᠣᠮᠬᠠᠳᠬᠠᠵᠤ᠂ ᠥᠨᠳᠥᠷ ᠬᠦᠴᠦᠳᠡᠯ ᠢ ᠬᠡᠷᠡᠭᠰᠡᠬᠦ ᠬᠡᠷᠡᠭᠯᠡᠭᠴᠢ ᠴᠠᠬᠢᠯᠭᠠᠨ ᠬᠡᠷᠡᠭᠯᠡᠬᠦ ᠢᠨᠵᠧᠨᠧᠷᠢᠩ ᠤᠨ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠬᠠᠮᠲᠤ ᠳᠤᠨᠢ ᠬᠠᠩᠭᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ︶       2. ︽ᠨᠢᠭᠡ ᠯᠡ ᠴᠣᠩᠬᠤᠪᠴᠢ ᠪᠠᠷ ᠦᠢᠯᠡᠴᠢᠯᠡᠬᠦ᠂ ᠠᠩᠬᠠᠨ ᠤ ᠠᠰᠠᠭᠤᠯᠳᠠ ᠶᠢ ᠰᠢᠢᠳᠪᠦᠷᠢᠯᠡᠬᠦ ᠬᠠᠷᠢᠭᠤᠴᠠᠯᠭ᠎ᠠ ᠡᠭᠦᠷᠭᠡᠯᠡᠬᠦ᠂ ᠲᠦᠷᠭᠡᠨ ᠳᠣᠰᠬᠠᠯ ᠲᠠᠢ ᠪᠠᠶᠢᠬᠤ᠂ ᠴᠠᠭ ᠬᠢᠵᠠᠭᠠᠷᠯᠠᠨ ᠬᠦᠢᠴᠡᠳᠬᠡᠵᠦ ᠳᠠᠭᠤᠰᠬᠠᠬᠤ︾ ᠵᠠᠷᠴᠢᠮ ᠢ ᠪᠠᠷᠢᠮᠲᠠᠯᠠᠨ᠎ᠠ᠃ ︽ᠨᠢᠭᠡ ᠦᠨᠡᠮᠯᠡᠯ ᠢᠶᠠᠷ ᠭᠥᠯᠢᠶᠡᠨ ᠠᠪᠴᠤ ᠬᠦᠢᠴᠡᠳᠬᠡᠬᠦ︾ ︽ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠬᠡᠬᠦ︾ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠦᠪᠦᠷ ᠮᠣᠩᠭᠤᠯ ᠴᠠᠬᠢᠯᠭᠠᠨ E︾ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠭᠠᠷ ᠤᠲᠠᠰᠤᠨ ᠤ APP᠂ 95598 ᠰᠦᠯᠵᠢᠶ᠎ᠡ ᠵᠡᠷᠭᠡ ᠠᠷᠭ᠎ᠠ ᠵᠠᠮ ᠢᠶᠠᠷ ᠴᠠᠬᠢᠯᠭᠠᠨ ᠬᠡᠷᠡᠭᠯᠡᠬᠦ ᠭᠤᠶᠤᠴᠢᠯᠠᠯ ᠢ ᠰᠦᠯᠵᠢᠶ᠎ᠡ ᠪᠠᠷ ᠬᠦᠢᠴᠡᠳᠬᠡᠬᠦ ᠶᠢ ᠳᠡᠯᠭᠡᠷᠡᠭᠦᠯᠦᠨ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ︶       3. ︽ᠤᠷᠢᠳᠠᠪᠠᠷ ᠵᠠᠯᠭᠠᠨ ᠣᠷᠣᠭᠤᠯᠵᠤ᠂ ᠳᠠᠷᠠᠭ᠎ᠠ ᠨᠢ ᠬᠦᠶᠦᠳᠡᠯ ᠢ ᠬᠤᠪᠢᠶᠠᠷᠢᠯᠠᠵᠦ᠂ ᠳᠠᠬᠢᠨ ᠥᠭᠡᠷᠡᠴᠢᠯᠡᠬᠦ︾ ᠵᠠᠷᠴᠢᠮ ᠢ ᠪᠠᠷᠢᠮᠳᠠᠯᠠᠨ᠎ᠠ᠃ ᠴᠠᠬᠢᠯᠭᠠᠨ ᠬᠠᠩᠭᠠᠬᠤ ᠠᠵᠤ ᠠᠬᠤᠶᠢᠯᠠᠯ ᠨᠢ ᠲᠥᠷᠥᠯ ᠵᠦᠢᠯ ᠤᠨ ᠲᠥᠯᠥᠪᠵᠢᠭᠦᠯᠭᠡ ᠳᠤ ᠤᠷᠢᠳᠴᠢᠯᠠᠨ ᠣᠷᠣᠯᠴᠠᠵᠤ᠂ ᠲᠥᠷᠥᠯ ᠵᠦᠢᠯ ᠤᠨ ᠬᠡᠪᠴᠢᠶ᠎ᠡ ᠪᠠ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠴᠠᠬᠢᠯᠭᠠᠨ ᠲᠤᠤᠷ ᠤᠨ ᠲᠥᠯᠥᠪᠵᠢᠭᠦᠯᠭᠡ ᠶᠢ ᠴᠠᠭ ᠳᠣᠬᠠᠢ  ᠳᠤᠨᠢ ᠲᠣᠬᠢᠷᠠᠭᠤᠯᠤᠨ᠂ ᠴᠠᠬᠢᠯᠭᠠᠨ ᠡᠭᠦᠰᠭᠡᠭᠴᠢ ᠶᠢ ᠪᠠᠶᠢᠷᠢᠯᠠᠭᠤᠯᠣᠭᠰᠠᠨ ᠴᠡᠭ ᠢ ᠵᠡᠷᠭᠡᠪᠡᠷ ᠳᠣᠭᠢᠷᠠᠭᠤᠯᠵᠤ᠂ ᠵᠣᠴᠢᠨ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠳᠠ ᠦᠭᠭᠦᠨ᠎ᠡ᠃             ︵ᠬᠠᠷᠢᠭᠤᠴᠠᠯᠭᠠᠲᠤ ᠨᠢᠭᠡᠴᠡ᠄ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ︶       4. ᠮᠡᠳᠡᠭᠡ ᠵᠠᠩᠭᠢ ᠶᠢᠨ ᠳᠤᠭ᠎ᠠ ᠪᠠᠷᠢᠮᠳᠠ ᠶᠢ ᠬᠠᠮᠲᠤᠪᠠᠷ ᠭᠥᠷᠳᠡᠨ᠎ᠡ᠃ ᠵᠣᠴᠢᠨ ᠡᠷᠦᠬᠡ ᠶᠢᠨ ᠭᠤᠤᠯ ᠴᠣᠭᠴᠠ ᠶᠢᠨ ᠬᠢᠷᠢ ᠬᠡᠮ ᠤᠨ ᠭᠡᠷᠡᠴᠢ᠂ ᠲᠥᠷᠥᠯ ᠵᠦᠢᠯ ᠢ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠂ ᠬᠡᠷ ᠪᠠᠶᠢᠰᠢᠩ ᠭᠠᠵᠠᠷ ᠰᠢᠷᠣᠶ ᠶᠢᠨ ᠭᠡᠷᠡᠴᠢ᠂ ᠪᠥᠲᠥᠭᠡᠨ ᠪᠠᠶᠢᠭᠤᠯᠬᠤ ᠪᠠᠷ ᠳᠦᠯᠦᠪᠵᠢᠬᠦᠯᠦᠭᠰᠡᠨ ᠵᠦᠢᠯ ᠤᠨ ᠵᠥᠪᠰᠢᠶᠡᠷᠡᠯ᠂ ᠣᠷᠴᠢᠨ ᠲᠣᠭᠤᠷᠢᠨ ᠤ ᠬᠠᠮᠠᠭᠠᠯᠠᠯᠳᠠ ᠶᠢ ᠦᠨᠡᠯᠡᠭᠰᠡᠨ ᠴᠣᠬᠤᠯᠠᠪᠤᠷᠢ ᠵᠡᠷᠭᠡ ᠴᠠᠬᠢᠯᠭᠠᠨ ᠣᠷᠣᠭᠤᠯᠬᠤ ᠶᠢ ᠬᠦᠢᠴᠡᠳᠬᠡᠬᠦ ᠳᠤ ᠬᠤᠯᠪᠣᠭᠳᠠᠬᠤ ᠦᠨᠡᠮᠯᠡᠯ ᠪᠠ ᠮᠠᠲ᠋ᠧᠷᠢᠶᠠᠯ ᠢ ᠴᠠᠬᠢᠯᠭᠠᠨ ᠬᠠᠩᠭᠠᠬᠤ ᠠᠵᠤ ᠠᠬᠤᠶᠢᠯᠠᠯ  ᠨᠢ ᠵᠠᠰᠠᠭ  ᠤᠨ ᠶᠠᠪᠤᠳᠠᠯ  ᠤᠨ ᠦᠢᠯᠡᠴᠢᠯᠡᠬᠡᠨ  ᠤ ᠨᠢᠭᠡ ᠴᠣᠠᠠᠴᠠᠵᠢᠭᠤᠯᠥᠠᠠᠰᠠᠨ ᠲᠠᠪᠴᠠᠩ  ᠢᠶᠠᠷ ᠳᠠᠮᠵᠢᠭᠤᠯᠤᠨ ᠬᠠᠮᠲᠤᠪᠠᠷ ᠭᠥᠷᠳᠡᠬᠦ  ᠪᠠ ᠪᠠᠶᠢᠴᠠᠭᠠᠨ ᠰᠢᠯᠭᠠᠬᠤ  ᠶᠢ ᠪᠡᠶᠡᠯᠡᠭᠦᠯᠵᠦ᠂ ᠵᠣᠴᠢᠨ ᠡᠷᠦᠬᠡ ᠳᠠᠬᠢᠨ ᠳᠠᠪᠲᠠᠨ ᠬᠠᠩᠭᠠᠬᠤ ᠴᠢᠬᠤᠯᠠ ᠥᠬᠡᠶ᠃ ︵ᠬᠠᠷᠢᠭᠤᠴᠠᠯᠭᠠᠲᠤ ᠨᠢᠭᠡᠴᠡ᠄ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ︶       ︵ᠬᠤᠶᠠᠷ︶ ᠢᠨᠵᠧᠨᠧᠷᠢᠩ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠲᠦᠷᠭᠡᠳᠬᠡᠨ᠎ᠡ       ᠬᠦᠢᠴᠡᠳᠬᠡᠬᠦ ᠴᠢᠬᠤᠯᠠ ᠮᠠᠲ᠋ᠧᠷᠢᠶᠠᠯ ᠨᠢ ᠪᠦᠷᠢᠨ ᠬᠦᠢᠴᠡᠳ ᠪᠥᠭᠡᠳ ᠱᠠᠭᠠᠷᠳᠠᠯᠭ᠎ᠠ ᠳᠤ ᠨᠡᠶᠢᠴᠡᠭᠰᠡᠨ 10 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠥᠨᠳᠥᠷ᠂ ᠳᠤᠤᠷ᠎ᠠ ᠬᠦᠴᠦᠳᠡᠯᠳᠦ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠭᠠᠳ 5 ᠠᠵᠢᠯᠯᠠᠬᠤ ᠡᠳᠦᠷ  ᠪᠣᠯᠭᠠᠨ᠎ᠠ᠃ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠲᠤᠤᠷ ᠤᠨ ᠢᠨᠵᠧᠨᠧᠷᠢᠩ ᠨᠢ ᠬᠤᠲᠠ ᠶᠢᠨ ᠶᠠᠪᠤᠳᠠᠯ ᠤᠨ ᠵᠠᠮ ᠤᠨ ᠬᠡᠰᠡᠭ ᠤᠨ ᠲᠥᠯᠥᠪᠵᠢᠭᠦᠯᠭᠡ ᠶᠢᠨ ᠳᠣᠲᠣᠷᠠᠬᠢ ᠬᠤᠲᠠ ᠶᠢᠨ ᠶᠠᠪᠤᠳᠠᠯ ᠤᠨ ᠬᠤᠭᠤᠯᠠᠶ ᠱᠤᠭᠤᠮ ᠤᠨ ᠢᠨᠵᠧᠨᠧᠷᠢᠩ ᠤᠨ ᠴᠠᠬᠢᠯᠭᠠᠨ ᠬᠠᠩᠭᠠᠬᠤ ᠵᠢᠷᠤᠭ ᠲᠥᠯᠥᠪᠯᠡᠭᠡ ᠶᠢᠨ ᠲᠥᠰᠦᠯ ᠳᠤ ᠬᠤᠯᠪᠣᠭᠳᠠᠪᠠᠯ ᠬᠢᠨᠠᠨ ᠪᠠᠶᠢᠴᠠᠭᠠᠬᠤ ᠪᠠᠨ ᠳᠠᠩᠰᠠᠯᠠᠭᠤᠯᠬᠤ ᠳᠦᠷᠢᠮ ᠪᠣᠯᠭᠠᠨ ᠥᠭᠡᠷᠡᠴᠢᠯᠡᠨ᠎ᠡ᠃      1. ᠬᠤᠲᠠ ᠶᠢᠨ ᠶᠠᠪᠤᠳᠠᠯ ᠤᠨ ᠵᠠᠮ ᠤᠨ ᠭᠡᠰᠡᠭ ᠤᠨ ᠲᠥᠯᠥᠪᠵᠢᠭᠦᠯᠭᠡ ᠶᠢᠨ ᠬᠡᠪᠴᠢᠶᠡᠨ ᠳᠠᠬᠢ ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠲᠣᠣᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠢᠨᠵᠧᠨᠧᠷᠢᠩ ᠳᠤ ᠬᠤᠯᠪᠣᠭᠳᠠᠪᠠᠯ᠂ ᠨᠡᠭᠡᠭᠡᠨ ᠮᠠᠯᠲᠠᠬᠤ᠂ ᠵᠠᠮ ᠭᠡᠲᠦᠯᠬᠦ ᠵᠡᠷᠭᠡ ᠢᠨᠵᠧᠨᠧᠷᠢᠩ ᠢ ᠬᠢᠨᠠᠨ ᠵᠥᠪᠰᠢᠶᠡᠷᠡᠬᠦ ᠪᠠᠨ ᠪᠦᠷᠢᠳᠬᠡᠨ ᠳᠠᠩᠰᠠᠯᠠᠬᠤ ᠳᠦᠷᠢᠮ ᠪᠣᠯᠭᠠᠨ ᠥᠭᠡᠷᠡᠴᠢᠯᠡᠵᠦ᠂ ᠵᠥᠪᠬᠡᠨ ᠴᠠᠬᠢᠯᠭᠠᠨ ᠬᠠᠩᠭᠠᠬᠤ ᠲᠥᠰᠦᠯ ᠢᠶᠠᠨ ᠨᠠᠷᠢᠯᠢᠬᠵᠢᠭᠤᠯᠵᠤ᠂ ᠵᠠᠮ ᠡᠪᠳᠡᠵᠦ ᠨᠣᠭᠤᠭᠠᠷᠠᠭᠤᠯᠤᠯᠲᠠ ᠶᠢ ᠡᠵᠡᠯᠡᠬᠦ ᠠᠭᠤᠯᠭ᠎ᠠ ᠶᠢ ᠲᠣᠳᠣᠷᠬᠠᠶᠢᠯᠠᠨ᠂ ᠪᠦᠷᠢᠳᠬᠡᠨ ᠳᠠᠩᠰᠠᠯᠠᠬᠤ ᠴᠤᠪᠤᠷᠠᠯ ᠢ ᠭᠦᠢᠴᠡᠳᠬᠡᠭᠰᠡᠨ ᠤ ᠳᠠᠷᠠᠭ᠎ᠠ ᠢᠨᠵᠧᠨᠧᠷᠢᠩ ᠢᠶᠠᠨ ᠡᠬᠢᠯᠡᠬᠦᠯᠵᠦ ᠪᠣᠯᠤᠨ᠎ᠠ᠂ ᠬᠠᠮᠢᠶ᠎ᠠ ᠪᠦᠬᠦᠢ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠰᠦᠢᠳᠬᠡᠯ ᠲᠤᠰᠢᠶᠠᠭᠰᠠᠨ ᠤ ᠳᠠᠷᠠᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠡᠷᠭᠦᠭᠡᠨ᠎ᠡ᠃ ᠢᠨᠵᠧᠨᠧᠷᠢᠩ ᠳᠠᠭᠤᠰᠤᠭᠰᠠᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ᠂ ᠴᠠᠬᠢᠯᠭᠠᠨ ᠬᠠᠩᠭᠠᠬᠤ ᠠᠵᠤ ᠠᠬᠤᠶᠢᠯᠠᠯ ᠬᠤᠭᠤᠯᠠᠶ ᠱᠤᠭᠤᠮ ᠤᠨ ᠲᠤᠭ᠎ᠠ ᠪᠠᠷᠢᠮᠲᠠ ᠶᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ︵ᠬᠠᠷᠢᠭᠤᠴᠠᠬᠤ ᠰᠠᠯᠠᠭ᠎ᠠ ᠮᠥᠴᠢᠷ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ︶      2. ᠪᠤᠰᠤᠳ ᠬᠢᠨᠠᠨ ᠵᠥᠪᠰᠢᠶᠡᠷᠡᠬᠦ ᠴᠢᠬᠤᠯᠠᠲᠠᠶ ᠴᠠᠬᠢᠯᠭᠠᠨ ᠬᠦᠴᠦᠨ ᠤ ᠵᠠᠯᠭᠠᠯᠲᠠ ᠶᠢᠨ ᠢᠨᠵᠧᠨᠧᠷᠢᠩ ᠵᠢᠴᠢ ᠴᠠᠬᠢᠯᠭᠠᠨ ᠲᠦᠭᠡᠭᠡᠬᠦ ᠲᠤᠤᠷ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠬᠦ ᠢᠨᠵᠧᠨᠧᠷᠢᠩ ᠳᠤ᠂ ᠡᠯ᠎ᠡ ᠰᠠᠯᠠᠭ᠎ᠠ ᠮᠥᠴᠢᠷ ᠨᠢ ︽ᠴᠣᠮᠬᠠᠳᠬᠠᠵᠤ ᠳᠡᠶᠢᠯᠬᠦ ᠶᠢ ᠨᠢ ᠴᠣᠮᠬᠠᠳᠬᠠᠵᠦ᠂ ᠨᠡᠶᠢᠯᠡᠭᠦᠯᠵᠦ ᠳᠡᠶᠢᠯᠬᠦ ᠶᠢ ᠨᠢ ᠨᠡᠶᠢᠯᠡᠭᠦᠯᠬᠦ︾ ᠵᠠᠷᠴᠢᠮ ᠶᠣᠰᠣᠭᠠᠷ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠤᠶᠤᠴᠢᠯᠠᠯ ᠤᠨ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ ᠪᠥᠲᠥᠭᠡᠨ ᠪᠠᠶᠢᠭᠤᠯᠬᠤ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠭᠠᠷᠭᠠᠵᠤ ᠥᠭᠭᠦᠨ᠎ᠡ︔ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠡᠭᠦᠷᠭᠡ ᠴᠢᠳᠠᠮᠵᠢ ᠶᠢᠨ ᠬᠤᠪᠢᠶᠠᠷᠢᠯᠠᠯ ᠶᠣᠰᠣᠭᠠᠷ ᠮᠡᠳᠡᠭᠦᠯᠦᠭᠰᠡᠨ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ ᠵᠦᠯᠭᠡ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠳᠣᠬᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠭᠠᠷᠭᠠᠵᠤ ᠥᠭᠭᠦᠨ᠎ᠡ︔ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠲᠣᠪᠴᠢᠶ᠎ᠠ ᠨᠢ ᠵᠠᠮ ᠢ ᠮᠠᠯᠳᠠᠬᠤ᠂ ᠵᠠᠮ ᠲᠠᠢ ᠬᠤᠯᠪᠣᠭᠳᠠᠬᠤ ᠵᠡᠷᠭᠡ ᠬᠤᠲᠠ ᠶᠢᠨ ᠵᠠᠮ ᠢᠶᠠᠷ ᠥᠩᠭᠡᠷᠡᠬᠦ ᠮᠡᠳᠡᠭᠦᠯᠦᠯᠲᠡ ᠶᠢᠨ ᠮᠠᠲ᠋ᠧᠷᠢᠶᠠᠯ ᠢ ᠭᠥᠯᠢᠶᠡᠨ ᠠᠪᠤᠭᠰᠠᠨ ᠤ ᠳᠠᠷᠠᠭ᠎ᠠ ᠮᠡᠷᠭᠡᠵᠢᠯ ᠤᠨ ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠨ᠎ᠠ︔ ᠪᠤᠰᠤᠳ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠦᠷ᠎ᠡ ᠳ᠋ᠦᠩ ᠢᠶᠠᠷ ᠤᠷᠢᠳᠠᠴᠢ ᠨᠥᠬᠦᠴᠡᠯ ᠪᠣᠯᠭᠠᠬᠤ ᠴᠢᠬᠤᠯᠠᠲᠠᠶ ᠭᠡᠵᠦ ᠲᠣᠭᠲᠠᠭᠠᠭᠰᠠᠨ ᠪᠠᠶᠢᠪᠠᠯ᠂ ︽ᠮᠡᠳᠡᠭᠳᠡᠬᠦ ᠠᠮᠠᠯᠠᠯᠲᠠ︾᠂ ︽ᠳᠤᠲᠠᠭᠳᠠᠯ ᠢ ᠨᠢ ᠪᠠᠭᠳᠠᠭᠠᠵᠦ ᠭᠥᠯᠢᠶᠡᠨ ᠠᠪᠴᠤ ᠬᠦᠢᠴᠡᠳᠬᠡᠬᠦ︾ ᠠᠷᠭ᠎ᠠ ᠮᠠᠶ᠋ᠢᠭ ᠢ ᠬᠡᠷᠡᠭᠯᠡᠵᠦ᠂ ᠴᠠᠬᠢᠯᠭᠠᠨ ᠬᠠᠩᠭᠠᠬᠤ ᠠᠵᠤ ᠠᠬᠤᠶᠢᠯᠠᠯ ᠨᠢ ᠮᠡᠳᠡᠭᠳᠡᠬᠦ ᠠᠮᠠᠯᠠᠯᠲᠠ ᠶᠢᠨ ᠪᠢᠴᠢᠭ ᠢᠶᠠᠨ ᠤᠷᠢᠳᠠᠪᠠᠷ ᠲᠤᠰᠢᠶᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠨᠥᠬᠦᠴᠡᠯ᠂ ᠪᠠᠷᠢᠮᠵᠢᠶ᠎ᠠ ᠪᠠ ᠮᠡᠷᠭᠡᠵᠢᠯ ᠵᠡᠷᠭᠡ ᠶᠢ ᠬᠠᠩᠭᠠᠵᠤ ᠳᠡᠶᠢᠯᠬᠦ ᠪᠠᠷ ᠠᠮᠠᠯᠳᠠᠵᠤ᠂ ᠡᠯ᠎ᠡ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠮᠡᠳᠡᠭᠦᠯᠬᠦ ᠮᠠᠲ᠋ᠧᠷᠢᠶᠠᠯ ᠳᠤ ᠤᠷᠢᠳᠠᠪᠠᠷ ᠨᠥᠬᠦᠴᠡᠯ ᠤᠨ ᠬᠢᠨᠠᠨ ᠪᠠᠶᠢᠴᠠᠭᠠᠯᠲᠠ ᠬᠢᠨ᠎ᠡ᠃ ᠳᠡᠭᠡᠷᠡᠬᠢ ᠬᠢᠨᠠᠨ ᠵᠥᠪᠰᠢᠶᠡᠷᠡᠬᠦ  ᠵᠦᠢᠯᠡᠰ ᠲᠤ ᠨᠡᠶᠢᠯᠡᠭᠦᠯᠦᠨ ᠬᠢᠨᠠᠨ ᠵᠥᠪᠰᠢᠶᠡᠷᠡᠬᠦ ᠪᠠ ᠬᠤᠭᠤᠴᠠᠭ᠎ᠠ ᠬᠢᠵᠠᠭᠠᠷᠯᠠᠨ ᠬᠦᠢᠴᠡᠳᠬᠡᠵᠦ ᠳᠠᠭᠤᠰᠬᠠᠬᠤ ᠶᠢ ᠬᠡᠷᠡᠭᠵᠢᠭᠦᠯᠵᠦ᠂ ᠭᠥᠯᠢᠶᠡᠨ ᠠᠪᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠪᠦᠬᠦᠨ ᠢ ᠳᠠᠭᠤᠰᠬᠠᠬᠤ ᠪᠠᠷ ᠳᠣᠳᠣᠷᠬᠠᠶᠢᠯᠠᠨ᠎ᠠ᠃ ᠪᠠᠶᠢᠭᠠᠯᠢ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠬᠤ ᠪᠤᠶᠤ ᠪᠠᠷᠢᠯᠭ᠎ᠠ ᠪᠠᠷᠢᠵᠤ ᠪᠠᠶᠢᠭ᠎ᠠ ᠪᠠᠶᠢᠳᠠᠯ ᠨᠢ ᠪᠤᠳᠤᠯᠢᠶᠠᠨᠲᠠᠶ᠂ ᠣᠳᠣ ᠶᠢᠨ ᠪᠠᠶᠢᠭ᠎ᠠ ᠬᠤᠭᠤᠯᠠᠶ ᠱᠤᠭᠤᠮ ᠪᠤᠶᠤ ᠵᠠᠮ ᠬᠠᠷᠢᠯᠴᠠᠭᠠᠨ ᠤ ᠠᠮᠤᠷ ᠲᠦᠪᠰᠢᠨ ᠳᠤ ᠨᠡᠯᠢᠶᠡᠳ ᠶᠡᠭᠡ ᠨᠥᠯᠥᠭᠡ ᠲᠠᠢ ᠪᠣᠯ ᠤᠤᠯ ᠤᠨ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠲᠦᠷ ᠬᠡᠷᠡᠭᠯᠡᠨ᠎ᠡ᠃ ︵ᠬᠠᠷᠢᠭᠤᠴᠠᠬᠤ ᠰᠠᠯᠠᠭ᠎ᠠ ᠮᠥᠴᠢᠷ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ︶       ︵ᠭᠤᠷᠪᠠ︶ ᠢᠨᠵᠧᠨᠧᠷᠢᠩ ᠤᠨ  ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠶᠢ ᠪᠣᠭᠤᠨᠢᠰᠬᠠᠨ᠎ᠠ       ᠴᠠᠬᠢᠯᠭᠠᠨ ᠬᠠᠩᠭᠠᠬᠤ ᠠᠵᠤ ᠠᠬᠤᠶᠢᠯᠠᠯ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠢ ᠴᠠᠬᠢᠯᠭᠠᠨ ᠬᠠᠩᠭᠠᠬᠤ ᠠᠵᠤ ᠠᠬᠤᠶᠢᠯᠠᠯ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠡᠯ᠎ᠡ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠣᠯᠤᠭᠰᠠᠨ ᠵᠢᠴᠢ ᠵᠣᠴᠢᠨ ᠡᠷᠦᠬᠡ ᠶᠢᠨ ᠰᠢᠷᠣᠶ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠴᠠᠬᠢᠯᠭᠠᠨ ᠵᠠᠯᠭᠠᠬᠤ ᠢᠨᠵᠧᠨᠧᠷᠢᠩ ᠤᠨ ︽ᠬᠤᠣᠰ ᠳᠠᠭᠠᠭᠠᠮᠠᠯ︾ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠬᠦᠢᠴᠡᠳᠬᠡᠬᠦ᠂ ᠪᠡᠯᠡᠳᠬᠡᠯ ᠬᠢᠬᠦ᠂ ᠢᠨᠵᠧᠨᠧᠷᠢᠩ ᠢ ᠬᠡᠷᠡᠭᠵᠢᠭᠦᠯᠬᠦ᠂ ᠳᠦᠯᠦᠪᠯᠡᠨ ᠲᠣᠬᠢᠷᠠᠭᠤᠯᠬᠤ︾ ᠬᠠᠷᠢᠭᠤᠴᠠᠯᠭ᠎ᠠ ᠶᠢ ᠪᠣᠳᠠᠳᠠᠶᠢᠵᠢᠭᠤᠯᠬᠤ ᠬᠡᠷᠡᠭᠲᠡᠶ᠃ ᠴᠠᠬᠢᠯᠭᠠᠨ ᠬᠠᠩᠭᠠᠬᠤ ᠨᠡᠶᠢᠲᠡᠯᠢᠭ ᠲᠥᠰᠦᠯ ᠤᠨ ᠵᠢᠷᠤᠭ ᠲᠥᠯᠥᠪᠯᠡᠭᠡ ᠶᠢ ᠳᠡᠯᠭᠡᠷᠡᠭᠦᠯᠦᠨ ᠬᠡᠷᠡᠭᠯᠡᠵᠦ᠂ ᠢᠨᠵᠧᠨᠧᠷᠢᠩ ᠤᠨ ᠬᠤᠭᠤᠴᠠᠭ᠎ᠠ ᠶᠢ ᠪᠣᠭᠤᠨᠢᠰᠬᠠᠨ᠂ ᠵᠣᠴᠢᠨ ᠡᠷᠦᠬᠡ ᠶᠢᠨ ᠢᠨᠵᠧᠨᠧᠷᠢᠩ ᠤᠨ ᠴᠠᠬᠢᠯᠭᠠᠨ ᠣᠷᠣᠭᠤᠯᠬᠤ ᠬᠤᠷᠳᠤᠴᠠ ᠶᠢ ᠳᠡᠭᠡᠭᠰᠢᠯᠡᠭᠦᠯᠦᠨ᠎ᠡ᠃ ᠴᠠᠬᠢᠯᠭᠠᠨ ᠵᠣᠭᠰᠣᠬᠤ ᠥᠬᠡᠶ ᠪᠠᠷ ᠠᠵᠢᠯᠯᠠᠬᠤ ᠶᠢ ᠶᠡᠬᠡᠪᠡᠷ ᠳᠡᠯᠭᠡᠷᠡᠭᠦᠯᠵᠦ᠂ ᠪᠠᠶᠢᠴᠠᠭᠠᠨ ᠵᠠᠰᠠᠬᠤ ᠲᠥᠯᠥᠪᠯᠡᠭᠡ ᠶᠢ ᠵᠦᠶ ᠵᠣᠬᠢᠰᠲᠠᠶ ᠳᠣᠭᠢᠷᠠᠭᠤᠯᠤᠨ᠂ ᠵᠣᠴᠢᠨ ᠡᠷᠦᠬᠡ ᠳᠤ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠴᠠᠬᠢᠯᠭᠠᠨ ᠣᠷᠣᠭᠤᠯᠬᠤ ᠶᠢ ᠪᠥᠬᠦ ᠬᠦᠴᠦᠨ ᠢᠶᠠᠷ ᠪᠠᠲᠤᠯᠠᠨ᠎ᠠ᠃ ᠡᠳ᠋ ᠪᠣᠳᠠᠰ ᠤᠨ ᠬᠠᠩᠭᠠᠯᠭ᠎ᠠ ᠪᠠᠲᠤᠯᠠᠭ᠎ᠠ ᠶᠢ ᠴᠢᠩᠭᠠᠳᠬᠠᠵᠤ᠂ ᠲᠥᠬᠦᠭᠡᠷᠦᠮᠵᠢ ᠡᠳ᠋ ᠪᠣᠳᠠᠰ ᠢ ᠭᠦᠢᠴᠡᠳ ᠨᠥᠭᠡᠴᠡᠯᠡᠵᠦ᠂ ᠢᠨᠵᠧᠨᠧᠷᠢᠩ ᠤᠨ ᠡᠳ᠋ ᠪᠣᠳᠠᠰ ᠤᠨ ᠬᠡᠷᠡᠭᠴᠡᠭᠡ ᠶᠣᠰᠣᠭᠠᠷ ᠬᠠᠩᠭᠠᠬᠤ ᠶᠢ ᠦᠨᠡᠨᠬᠦ ᠪᠠᠲᠤᠯᠠᠨ᠎ᠠ᠃  ︵ᠬᠠᠷᠢᠭᠤᠴᠠᠯᠭᠠᠲᠤ ᠨᠢᠭᠡᠴᠡ᠄ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ︶       ᠳᠥᠷᠪᠡ᠂ ᠬᠦᠢᠴᠡᠳᠬᠡᠬᠦ ᠴᠤᠪᠤᠷᠠᠯ       ︵ᠨᠢᠭᠡ︶ ᠳᠣᠣᠷ᠎ᠠ ᠬᠦᠴᠦᠳᠡᠯ ᠢ ᠤᠭᠰᠠᠷᠠᠬᠤ ᠪᠠᠷ ᠮᠡᠳᠡᠬᠦᠯᠬᠦ ᠲᠤᠬᠠᠶᠢᠯᠠᠭᠰᠠᠨ ᠠᠵᠢᠯ ᠤᠨ ᠴᠤᠪᠤᠷᠠᠯ    ︵ᠭᠤᠷᠪᠠ ᠶᠢ ᠬᠡᠯᠳᠦᠷᠢᠬᠦᠯᠬᠦ ᠦᠢᠯᠡᠴᠢᠯᠡᠭᠡᠨ ᠤ ᠬᠡᠪᠴᠢᠶᠡᠨ ᠳᠤ ᠲᠣᠬᠢᠷᠠᠬᠤ ᠵᠣᠴᠢᠨ ᠡᠷᠦᠬᠡ︶      1. ᠰᠦᠯᠵᠢᠶᠡᠨ ᠭᠠᠳᠠᠨ᠎ᠠ ᠴᠠᠬᠢᠯᠭᠠᠨ ᠬᠠᠩᠭᠠᠬᠤ ᠠᠵᠤ ᠠᠬᠤᠶᠢᠯᠠᠯ ᠤᠨ ᠡᠯ᠎ᠡ ᠱᠠᠲᠤᠨ ᠤ ᠵᠣᠴᠢᠨ ᠡᠷᠦᠬᠡ ᠶᠢᠨ ᠦᠢᠯᠡᠴᠢᠯᠡᠬᠡᠨ ᠤ ᠲᠥᠪ᠂ ᠠᠶᠢᠮᠠᠭ᠂ ᠬᠤᠰᠢᠭᠤ ︵ᠨᠡᠬᠡᠬᠡᠯᠳᠡ ᠶᠢᠨ ᠣᠷᠣᠨ︶ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠢᠶᠠᠷ ᠳᠡᠮᠵᠢᠨ ᠬᠦᠢᠴᠡᠳᠬᠡᠵᠦ ᠪᠣᠯᠤᠨ᠎ᠠ︔ ᠰᠦᠯᠵᠢᠶᠡᠨ ᠳᠤ ︽ᠦᠪᠦᠷ ᠮᠣᠩᠭᠤᠯ ᠴᠠᠬᠢᠯᠭᠠᠨ E︾ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠭᠠᠷ ᠤᠲᠠᠰᠤᠨ ᠤ APP᠂ 95598 ᠰᠦᠯᠵᠢᠶ᠎ᠡ ᠵᠡᠷᠭᠡ ᠠᠷᠭ᠎ᠠ ᠵᠠᠮ ᠢᠶᠠᠷ ᠴᠠᠬᠢᠯᠭᠠᠨ ᠬᠡᠷᠡᠭᠯᠡᠬᠦ ᠭᠤᠶᠤᠴᠢᠯᠠᠯ ᠢ ᠬᠦᠢᠴᠡᠳᠬᠡᠵᠦ ᠪᠣᠯᠤᠨ᠎ᠠ᠃      2 . ᠤᠭᠰᠠᠷᠠᠬᠤ ᠠᠵᠢᠯᠲᠠᠨ ᠤᠲᠠᠰᠤ ᠪᠠᠷ ᠵᠣᠴᠢᠨ ᠡᠷᠦᠬᠡ ᠶᠢᠨ ᠬᠡᠷ ᠲᠤᠨᠢ ᠬᠦᠷᠴᠦ ᠦᠢᠯᠡᠴᠢᠯᠡᠬᠦ ᠪᠠᠷ ᠪᠣᠯᠵᠣᠪᠠᠯ᠂ ᠲᠤᠬᠠᠶ ᠶᠢᠨ ᠲᠠᠯᠠᠪᠠᠶ ᠶᠢ ᠬᠠᠶᠢᠨ ᠪᠠᠶᠢᠴᠠᠭᠠᠵᠦ ᠴᠠᠬᠢᠯᠭᠠᠨ ᠬᠠᠩᠭᠠᠬᠤ ᠲᠥᠰᠦᠯ ᠢ ᠲᠣᠭᠲᠠᠭᠠᠨ᠎ᠠ᠃      3 . ᠴᠠᠬᠢᠯᠭᠠᠨ ᠬᠠᠩᠭᠠᠬᠤ ᠠᠵᠤ ᠠᠬᠤᠶᠢᠯᠠᠯ ︵ᠵᠣᠴᠢᠨ ᠡᠷᠦᠬᠡ︶ ᠨᠢ ᠳᠤᠤᠷ᠎ᠠ ᠬᠦᠴᠦᠳᠡᠯᠲᠦ ᠴᠠᠬᠢᠯᠭᠠᠨ ᠬᠠᠩᠭᠠᠬᠤ ᠲᠥᠰᠦᠯ ᠵᠢᠴᠢ ᠵᠠᠮ ᠡᠪᠳᠡᠵᠦ ᠨᠣᠭᠤᠭᠠᠷᠠᠭᠤᠯᠤᠭᠰᠠᠨ ᠢ ᠡᠵᠡᠯᠡᠭᠰᠡᠨ ᠠᠭᠤᠯᠭ᠎ᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠨᠢᠭᠡ ᠴᠣᠠᠠᠴᠠᠵᠢᠭᠤᠯᠥᠠᠠᠰᠠᠨ ᠲᠠᠪᠴᠠᠩ ᠤᠨ ᠴᠠᠬᠢᠯᠭᠠᠨ ᠬᠦᠴᠦᠨ ᠤ ᠵᠠᠯᠭᠠᠯᠳᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠡᠰᠡᠭ ᠲᠤ ᠳᠠᠮᠵᠢᠭᠤᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠠᠮᠵᠢᠭᠤᠯᠣᠨ ᠬᠦᠷᠭᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠭᠲᠠᠭᠰᠠᠨ ᠬᠤᠭᠤᠴᠠᠭᠠᠨ ᠳᠤ ᠬᠢᠨᠠᠨ ᠵᠥᠪᠰᠢᠶᠡᠷᠡᠬᠦ ︵ᠬᠢᠨᠠᠨ ᠪᠠᠶᠢᠴᠠᠭᠠᠬᠤ︶ ᠰᠠᠨᠠᠯ ᠢᠶᠠᠨ ᠳᠣᠷᠠᠳᠣᠨ᠎ᠠ᠃ ᠬᠤᠲᠠ ᠶᠢᠨ ᠶᠠᠪᠤᠳᠠᠯ ᠤᠨ ᠵᠠᠮ ᠤᠨ ᠬᠡᠰᠡᠭ ᠤᠨ ᠲᠥᠯᠥᠪᠵᠢᠭᠦᠯᠭᠡ ᠳᠠᠬᠢ ᠬᠤᠲᠠ ᠶᠢᠨ ᠶᠠᠪᠤᠳᠠᠯ ᠤᠨ ᠬᠤᠭᠤᠯᠠᠶ ᠱᠤᠭᠤᠮ ᠤᠨ ᠢᠨᠵᠧᠨᠧᠷᠢᠩ ᠤᠨ ᠴᠠᠬᠢᠯᠭᠠᠨ ᠬᠠᠩᠭᠠᠬᠤ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠵᠤ ᠪᠠᠶᠢᠭᠰᠠᠨ ᠢ ᠪᠦᠷᠢᠳᠬᠡᠨ ᠳᠠᠩᠰᠠᠯᠠᠬᠤ ᠲᠦᠷᠢᠮ ᠪᠣᠯᠭᠠᠨ ᠥᠭᠡᠷᠡᠴᠢᠯᠡᠵᠦ᠂ ᠴᠠᠬᠢᠯᠭᠠᠨ ᠬᠠᠩᠭᠠᠬᠤ ᠠᠵᠤ ᠠᠬᠤᠶᠢᠯᠠᠯ ︵ᠵᠣᠴᠢᠨ ᠡᠷᠦᠬᠡ︶ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠠᠮᠠᠯᠠᠯᠲᠠ ᠪᠠᠨ ᠲᠤᠰᠢᠶᠠᠬᠤ ᠶᠢᠨ ᠬᠠᠮᠲᠤ ᠪᠦᠷᠢᠳᠬᠡᠨ ᠳᠠᠩᠰᠠᠯᠠᠬᠤ ᠴᠤᠪᠤᠷᠠᠯ ᠢ ᠬᠦᠢᠴᠡᠳᠬᠡᠭᠰᠡᠨ ᠤ ᠳᠠᠷᠠᠭ᠎ᠠ ᠢᠨᠵᠧᠨᠧᠷᠢᠩ ᠢᠶᠠᠨ ᠡᠬᠢᠯᠡᠬᠦᠯᠵᠦ᠂ ᠬᠠᠮᠢᠶ᠎ᠠ ᠪᠥᠬᠦᠶ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠰᠦᠢᠳᠬᠡᠯ ᠢᠶᠠᠨ ᠲᠤᠰᠢᠶᠠᠭᠰᠠᠨ ᠤ ᠳᠠᠷᠠᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠡᠷᠭᠦᠭᠡᠨ᠎ᠡ᠃ ᠢᠨᠵᠧᠨᠧᠷᠢᠩ ᠳᠠᠭᠤᠰᠤᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠤᠭᠤᠯᠠᠶ ᠱᠤᠭᠤᠮ ᠤᠨ ᠲᠤᠭ᠎ᠠ ᠪᠠᠷᠢᠮᠲᠠ ᠶᠢ ᠮᠡᠳᠡᠭᠦᠯᠦᠨ ᠳᠠᠩᠰᠠᠯᠠᠭᠤᠯᠣᠨ᠎ᠠ᠃      ︵ᠬᠤᠶᠠᠷ︶ ᠥᠨᠳᠥᠷ ᠬᠦᠴᠦᠳᠡᠯ ᠢ ᠤᠭᠰᠠᠷᠠᠬᠤ ᠪᠠᠷ ᠮᠡᠳᠡᠬᠦᠯᠬᠦ ᠲᠤᠬᠠᠶᠢᠯᠠᠭᠰᠠᠨ ᠠᠵᠢᠯ ᠤᠨ ᠴᠤᠪᠤᠷᠠᠯ      ︵10 ︵6︶ ᠺᠢᠯᠣᠸᠠᠲ ᠤᠨ ᠡᠩ ᠤᠨ ᠴᠠᠬᠢᠯᠭᠠᠨ ᠬᠦᠴᠦᠨ ᠢ ᠭᠡᠷᠡᠭᠰᠡᠬᠦ ᠵᠣᠴᠢᠨ ᠡᠷᠦᠬᠡ︶      1. ᠰᠦᠯᠵᠢᠶᠡᠨ ᠭᠠᠳᠠᠨ᠎ᠠ ᠴᠠᠬᠢᠯᠭᠠᠨ ᠬᠠᠩᠭᠠᠬᠤ ᠠᠵᠤ ᠠᠬᠤᠶᠢᠯᠠᠯ ᠤᠨ ᠡᠯ᠎ᠡ ᠱᠠᠲᠤᠨ ᠤ ᠵᠣᠴᠢᠨ ᠡᠷᠦᠬᠡ ᠶᠢᠨ ᠦᠢᠯᠡᠴᠢᠯᠡᠬᠡᠨ ᠤ ᠲᠥᠪ᠂ ᠠᠶᠢᠮᠠᠭ᠂ ᠬᠤᠰᠢᠭᠤ ︵ ᠨᠡᠭᠡᠭᠡᠯᠳᠡ ᠶᠢᠨ ᠣᠷᠣᠨ︶ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠲᠢᠩᠬᠢᠮ ᠢᠶᠠᠷ ᠳᠡᠮᠵᠢᠨ ᠬᠦᠢᠴᠡᠳᠬᠡᠵᠦ ᠪᠣᠯᠤᠨ᠎ᠠ︔ ᠰᠦᠯᠵᠢᠶᠡᠨ ᠳᠤ ︽ᠦᠪᠦᠷ ᠮᠣᠩᠭᠤᠯ ᠴᠠᠬᠢᠯᠭᠠᠨ E︾ ︽ᠮᠥᠩᠬᠡ ᠰᠤᠪᠠᠭ · ᠭᠠᠷ ᠣᠳᠠᠰᠣ ᠪᠠᠷ ᠬᠦᠢᠴᠡᠳᠬᠡᠬᠦ︾ ᠭᠠᠷ ᠤᠲᠠᠰᠤᠨ ᠤ APP᠂ 95598 ᠰᠦᠯᠵᠢᠶ᠎ᠡ ᠵᠡᠷᠭᠡ ᠠᠷᠭ᠎ᠠ ᠵᠠᠮ ᠢᠶᠠᠷ ᠴᠠᠬᠢᠯᠭᠠᠨ ᠬᠡᠷᠡᠭᠯᠡᠬᠦ ᠭᠤᠶᠤᠴᠢᠯᠠᠯ ᠢ ᠬᠦᠢᠴᠡᠳᠬᠡᠵᠦ ᠪᠣᠯᠤᠨ᠎ᠠ᠃      2. ᠤᠭᠰᠠᠷᠠᠬᠤ ᠠᠵᠢᠯᠲᠠᠨ ᠤᠲᠠᠰᠤ ᠪᠠᠷ ᠵᠣᠴᠢᠨ ᠡᠷᠦᠬᠡ ᠶᠢᠨ ᠬᠡᠷ ᠲᠤᠨᠢ ᠬᠦᠷᠴᠦ ᠦᠢᠯᠡᠴᠢᠯᠡᠬᠦ ᠪᠠᠷ ᠪᠣᠯᠵᠣᠪᠠᠯ᠂ ᠲᠤᠬᠠᠶ ᠶᠢᠨ ᠲᠠᠯᠠᠪᠠᠶ ᠶᠢ ᠬᠠᠶᠢᠨ ᠪᠠᠶᠢᠴᠠᠭᠠᠵᠦ ᠴᠠᠬᠢᠯᠭᠠᠨ ᠬᠠᠩᠭᠠᠬᠤ ᠲᠥᠰᠦᠯ ᠢ ᠲᠣᠭᠲᠠᠭᠠᠨ᠎ᠠ᠃      3. ᠴᠠᠬᠢᠯᠭᠠᠨ ᠬᠠᠩᠭᠠᠬᠤ ᠠᠵᠤ ᠠᠬᠤᠶᠢᠯᠠᠯ ︵ᠵᠣᠴᠢᠨ ᠡᠷᠦᠬᠡ︶ ᠨᠢ ᠬᠢᠨᠠᠨ ᠵᠥᠪᠰᠢᠶᠡᠷᠡᠭᠦᠯᠬᠦ ᠭᠤᠶᠤᠴᠢᠯᠠᠯ ᠪᠠ ᠴᠠᠬᠢᠯᠭᠠᠨ ᠬᠠᠩᠭᠠᠬᠤ ᠵᠢᠷᠤᠭ ᠲᠥᠯᠥᠪᠯᠡᠭᠡ ᠶᠢᠨ ᠲᠥᠰᠦᠯ ᠵᠡᠷᠭᠡ ᠬᠦᠢᠴᠡᠳᠬᠡᠬᠦ ᠴᠢᠬᠤᠯᠠ ᠮᠠᠲ᠋ᠧᠷᠢᠶᠠᠯ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠭᠡ ᠴᠣᠠᠠᠴᠠᠵᠢᠭᠤᠯᠥᠠᠠᠰᠠᠨ ᠲᠠᠪᠴᠠᠩ ᠤᠨ ᠴᠠᠬᠢᠯᠭᠠᠨ ᠬᠦᠴᠦᠨ ᠤ ᠵᠠᠯᠭᠠᠯᠳᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠡᠰᠡᠭ ᠲᠤ ᠳᠠᠮᠵᠢᠭᠤᠯᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠳᠠᠮᠵᠢᠭᠤᠯᠣᠨ ᠬᠦᠷᠭᠡᠨ᠎ᠡ᠃ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠲᠤᠷᠠᠨ ᠲᠤᠬᠠᠶ ᠶᠢᠨ ᠲᠠᠯᠠᠪᠠᠶ ᠳᠤ ᠬᠠᠶᠢᠨ ᠰᠢᠨᠵᠢᠯᠡᠯᠲᠡ ᠬᠢᠬᠦ ᠶᠢᠨ ᠬᠠᠮᠲᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠯᠥᠪᠵᠢᠭᠦᠯᠭᠡ ᠶᠢᠨ ᠵᠥᠪᠰᠢᠶᠡᠷᠡᠯ᠂ ᠮᠡᠷᠭᠡᠵᠢᠯ ᠤᠨ ᠬᠢᠨᠠᠨ ᠬᠠᠷᠭᠤᠭᠤᠯᠤᠭᠰᠠᠨ ᠰᠠᠨᠠᠯ᠂ ᠬᠤᠲᠠ ᠶᠢᠨ ᠵᠠᠮ ᠢ ᠮᠠᠯᠳᠠᠬᠤ ᠪᠠ ᠵᠦᠯᠭᠡ ᠭᠠᠵᠠᠷ ᠢ ᠲᠦᠷ ᠴᠠᠭ ᠡᠵᠡᠯᠡᠨ ᠬᠡᠷᠡᠭᠯᠡᠵᠦ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠮᠲᠤᠷᠠᠨ ᠬᠦᠢᠴᠡᠳᠬᠡᠨ᠎ᠡ᠃      4. ᠬᠠᠮᠢᠶ᠎ᠠ ᠪᠦᠬᠦᠢ ᠰᠦᠢᠳᠬᠡᠯ ᠬᠤᠷᠢᠶᠠᠬᠤ ᠪᠠᠷᠢᠮᠵᠢᠶ᠎ᠠ ᠶᠣᠰᠣᠭᠠᠷ ᠰᠦᠢᠳᠬᠡᠯ ᠲᠤᠰᠢᠶᠠᠭᠰᠠᠨ ᠤ ᠳᠠᠷᠠᠭ᠎ᠠ᠂ ᠵᠣᠴᠢᠨ ᠡᠷᠦᠬᠡ ᠳᠣᠲᠣᠷ᠎ᠠ ᠭᠠᠳᠠᠨᠠᠬᠢ ᠢᠨᠵᠧᠨᠧᠷᠢᠩ ᠢ ᠬᠠᠮᠳᠣ ᠳᠤᠨᠢ ᠪᠦᠲᠦᠭᠡᠨ ᠪᠠᠶᠢᠭᠤᠯᠣᠨ᠎ᠠ᠃      5. ᠴᠠᠬᠢᠯᠭᠠᠨ ᠬᠠᠩᠭᠠᠬᠤ ᠠᠵᠤ ᠠᠬᠤᠶᠢᠯᠠᠯ ᠨᠢ ᠵᠣᠴᠢᠨ ᠡᠷᠦᠬᠡ ᠯᠦᠭᠡ ᠴᠠᠬᠢᠯᠭᠠᠨ ᠬᠠᠩᠭᠠᠬᠤ ᠪᠠ ᠬᠡᠷᠡᠭᠯᠡᠬᠦ ᠭᠡᠷ᠎ᠡ ᠲᠣᠭᠲᠠᠵᠤ᠂ ᠴᠠᠬᠢᠯᠭᠠᠨ ᠬᠡᠮᠵᠢᠬᠦᠷ ᠣᠭᠰᠠᠷᠠᠵᠦ ᠰᠢᠯᠭᠠᠨ ᠠᠪᠴᠤ ᠴᠠᠬᠢᠯᠭᠠᠨ ᠬᠦᠷᠭᠡᠨ᠎ᠡ᠃      ᠲᠠᠪᠤ᠂ ᠦᠢᠯᠡᠴᠢᠯᠡᠬᠡᠨ ᠤ ᠪᠠᠲᠤᠯᠠᠭ᠎ᠠ      ︵ᠨᠢᠭᠡ︶ ᠬᠠᠮᠢᠶ᠎ᠠ ᠪᠥᠬᠦᠶ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ      ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠥᠰᠦᠯ ᠤᠨ ᠶᠡᠷᠦᠩᠬᠡᠶ ᠱᠠᠭᠠᠷᠳᠠᠯᠭ᠎ᠠ ᠪᠠ ᠴᠠᠭ ᠤᠨ ᠲᠣᠬᠢᠷᠠᠭᠤᠯᠤᠯᠲᠠ ᠶᠣᠰᠣᠭᠠᠷ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠢᠨᠠᠨ ᠵᠥᠪᠰᠢᠶᠡᠷᠡᠬᠦ ᠴᠤᠪᠤᠷᠠᠯ ᠪᠠ ᠠᠵᠢᠯ ᠤᠨ ᠭᠤᠭᠴᠤᠭ᠎ᠠ ᠶᠢ ᠰᠢᠯᠢᠳᠡᠭᠵᠢᠭᠦᠯᠬᠦ ᠳᠤ ᠴᠢᠭᠯᠡᠭᠦᠯᠦᠨ᠂ ᠵᠣᠬᠢᠬᠤ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠲᠣᠭᠲᠠᠭᠠᠨ ᠨᠡᠶᠢᠲᠡᠯᠡᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ ᠢᠵᠢ ᠪᠥᠷᠢᠳᠦᠭᠦᠯᠬᠦ ᠢᠨᠵᠧᠨᠧᠷᠢᠩ ᠤᠨ ᠲᠥᠷᠥᠯ ᠵᠦᠢᠯ ᠢ ᠳᠠᠩᠰᠠᠯᠠᠭᠤᠯᠬᠤ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠤᠨ᠂ ᠠᠮᠠᠯᠠᠯᠲᠠ ᠶᠢᠨ ᠬᠡᠯᠪᠡᠷᠢ ᠪᠥᠬᠦᠶ ᠪᠢᠴᠢᠭ ᠬᠠᠷ᠎ᠠ ᠵᠢᠴᠢ ᠬᠢᠨᠠᠨ ᠵᠥᠪᠰᠢᠶᠡᠷᠡᠬᠦ ᠨᠥᠬᠦᠴᠡᠯ᠂ ᠪᠠᠷᠢᠮᠵᠢᠶ᠎ᠠ᠂ ᠴᠢᠬᠤᠯᠠ ᠮᠠᠲ᠋ᠧᠷᠢᠶᠠᠯ ᠢ ᠲᠣᠳᠣᠷᠬᠠᠶ ᠮᠡᠳᠡᠭᠳᠡᠵᠦ᠂ ᠠᠵᠢᠯ ᠶᠠᠪᠤᠳᠠᠯ ᠬᠦᠢᠴᠡᠳᠬᠡᠬᠦ ᠳᠣᠬᠠᠢ ᠵᠢᠯᠣᠭᠤᠳᠣᠮᠵᠢ ᠪᠠᠨ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃      ︵ᠬᠤᠶᠠᠷ︶ ᠮᠡᠳᠡᠭᠡ ᠵᠠᠩᠭᠢ ᠶᠢ ᠬᠠᠮᠲᠤ ᠳᠠᠭᠠᠨ ᠭᠥᠷᠳᠡᠬᠦ ᠶᠢ ᠠᠬᠢᠭᠤᠯᠤᠨ᠎ᠠ      ᠣᠳᠣᠬᠠᠨ ᠤ ᠴᠠᠬᠢᠯᠭᠠᠨ ᠬᠦᠴᠦᠨ ᠤ ᠵᠠᠯᠭᠠᠯᠳᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠴᠠᠬᠢᠯᠭᠠᠨ ᠬᠦᠴᠦᠨ ᠤ ᠵᠠᠯᠭᠠᠯᠳᠠ ᠶᠢᠨ ᠢᠨᠵᠧᠨᠧᠷᠢᠩ ᠢ ᠰᠦᠯᠵᠢᠶ᠎ᠡ ᠪᠠᠷ ᠭᠤᠶᠤᠴᠢᠯᠠᠬᠤ᠂ ᠰᠦᠯᠵᠢᠶᠡᠨ ᠳᠡᠭᠡᠷ᠎ᠡ ᠬᠦᠯᠢᠶᠡᠨ ᠠᠪᠴᠤ ᠬᠦᠢᠴᠡᠳᠬᠡᠬᠦ᠂ ᠰᠦᠯᠵᠢᠶ᠎ᠡ ᠪᠠᠷ ᠳᠠᠮᠵᠢᠭᠤᠯᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ᠂ ᠨᠢᠭᠡᠳᠦᠯᠲᠡᠢ ᠭᠡᠷᠡᠴᠢ ᠭᠠᠷᠭᠠᠵᠤ ᠥᠭᠬᠦ ᠰᠢᠨ᠎ᠡ ᠬᠡᠯᠪᠡᠷᠢ ᠶᠢᠨ ᠬᠢᠨᠠᠨ ᠵᠥᠪᠰᠢᠶᠡᠷᠡᠬᠦ ᠲᠣᠭᠲᠠᠴᠠ ᠶᠢ ᠰᠦᠪᠡᠭᠴᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ᠂ ᠠᠵᠢᠯ ᠶᠠᠪᠤᠳᠠᠯ ᠭᠦᠢᠴᠡᠳᠬᠡᠬᠦ ᠳᠣᠬᠠᠢ ᠵᠢᠯᠣᠭᠤᠳᠣᠮᠵᠢ ᠪᠠ ᠪᠠᠷᠢᠮᠵᠢᠶ᠎ᠠ ᠶᠢ ᠳᠦᠷᠢᠮᠵᠢᠬᠦᠯᠦᠨ ᠲᠥᠪᠯᠡᠷᠡᠭᠦᠯᠦᠨ ᠢᠯᠡ ᠪᠠᠶᠢᠯᠭᠠᠬᠤ᠂ ᠵᠢᠷᠤᠭ ᠪᠠ ᠮᠠᠲ᠋ᠧᠷᠢᠶᠠᠯ ᠤᠨ ᠪᠦᠬᠦ ᠶᠠᠪᠤᠴᠠ ᠶᠢ ᠡᠯᠧᠺᠲᠷᠣᠨᠴᠢᠯᠠᠨ ᠠᠵᠢᠯᠯᠠᠭᠤᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠪᠦᠬᠦ ᠶᠠᠪᠤᠴᠠ ᠶᠢ ᠬᠢᠨᠠᠨ ᠡᠵᠡᠮᠳᠡᠬᠦ ᠪᠠ ᠰᠡᠷᠡᠮᠵᠢᠯᠡᠭᠦᠯᠬᠦ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃      ︵ᠭᠤᠷᠪᠠ︶ ᠢᠲᠡᠭᠡᠮᠵᠢ ᠶᠢᠨ ᠠᠷᠭ᠎ᠠ ᠪᠠᠷᠢᠯ ᠢᠶᠠᠷ ᠲᠤᠯᠭᠠᠭᠤᠷᠢᠯᠠᠬᠤ ᠶᠢ ᠴᠢᠩᠭᠠᠷᠠᠭᠤᠯᠤᠨ᠎ᠠ      ᠤᠷᠢᠳᠴᠢᠯᠠᠭᠤᠯᠤᠨ ᠬᠢᠨᠠᠨ ᠵᠥᠪᠰᠢᠶᠡᠷᠡᠬᠦ ᠶᠢ ᠴᠢᠬᠤᠯᠠᠴᠢᠯᠠᠵᠤ ᠪᠠᠶᠢᠭᠰᠠᠨ ᠠᠴᠠ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠠ ᠬᠠᠮᠢᠶᠠᠷᠤᠯᠲᠠ ᠪᠣᠯᠭᠠᠨ ᠬᠤᠪᠢᠷᠠᠭᠤᠯᠵᠤ᠂ ᠵᠣᠴᠢᠨ ᠡᠷᠦᠬᠡ᠂ ᠠᠰᠢᠭ ᠲᠤᠰᠠ ᠲᠠᠢ ᠨᠢ ᠬᠤᠯᠪᠣᠭᠳᠠᠭᠰᠠᠨ ᠬᠠᠮᠢᠶ᠎ᠠ ᠪᠥᠬᠦᠶ ᠨᠢᠭᠡᠴᠡ᠂ ᠴᠠᠬᠢᠯᠭᠠᠨ ᠬᠠᠩᠭᠠᠬᠤ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠭᠤᠤᠯ ᠴᠣᠭᠴᠠ ᠪᠠ ᠢᠨᠵᠧᠨᠧᠷᠢᠩ ᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠬᠢᠨᠠᠨ ᠵᠥᠪᠰᠢᠶᠡᠷᠡᠬᠦ ᠵᠡᠷᠭᠡ ᠡᠯ᠎ᠡ ᠲᠠᠯ᠎ᠠ ᠶᠢ ᠬᠠᠮᠤᠷᠤᠭᠰᠠᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃ ᠠᠮᠠᠯᠠᠯᠲᠠ ᠪᠠᠨ ᠪᠡᠶᠡᠯᠡᠭᠦᠯᠦᠭᠰᠡᠨ ᠦᠭᠡᠶ ᠪᠤᠶᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠠᠵᠤ ᠠᠬᠤᠶᠢᠯᠠᠯ ᠪᠣᠯᠤᠨ ᠬᠤᠪᠢ ᠬᠥᠮᠦᠨ ᠤ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠶᠢᠨ ᠬᠠᠮᠲᠤ ᠢᠲᠡᠭᠡᠮᠵᠢ ᠶᠢᠨ ᠲᠠᠪᠴᠠᠩ ᠳᠤ ᠣᠷᠣᠭᠤᠯᠬᠤ ᠬᠡᠷᠡᠭᠲᠡᠶ᠃ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠪᠠᠷ ᠳᠠᠮᠵᠢᠭᠤᠯᠤᠨ᠂ ᠲᠣᠭᠲᠠᠭᠠᠯ ᠠᠴᠠ ᠵᠥᠷᠢᠴᠡᠬᠦ ᠪᠠ ᠢᠲᠡᠭᠡᠮᠵᠢ ᠠᠯᠳᠠᠭᠰᠠᠨ ᠦᠷ᠎ᠡ ᠳᠠᠭᠠᠪᠣᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号