ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠲᠤ ︽ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ︾ ᠶᠢ ᠬᠤᠷᠢᠠᠠᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2021/6/16
      ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠠᠴᠢ ᠬᠤᠯᠪᠣᠭᠳᠠᠯ ᠨᠢ ᠶᠠᠭᠤ ᠪᠣᠶ︖       ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠢ ᠳᠤ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠦᠢᠯᠡᠳᠪᠦᠷᠢᠯᠡᠯ ᠬᠡᠷᠡᠭᠴᠡᠭᠡ ᠮᠥᠨ ᠬᠦ ᠪᠠᠴᠢᠮ ᠲᠡᠩᠴᠡᠭᠦᠷᠢ ᠶᠢᠨ ᠪᠠᠶᠢᠳᠠᠯ ᠢᠶᠠᠨ ᠪᠠᠲᠤᠯᠠᠵᠤ᠂ ᠤᠯᠠᠨ ᠤᠯᠤᠰ ᠤᠨ ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠪᠤᠷᠢ ᠦᠭᠡᠢ ᠴᠢᠨᠠᠷ ᠢ ᠬᠤᠷᠴᠠᠳᠬᠠᠪᠠ᠂ ᠲᠥᠪ ᠠᠴᠠ ᠡᠷᠬᠡᠪᠰᠢ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠᠷ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠬᠡᠷᠡᠭᠲᠡᠢ ᠭᠡᠵᠦ ᠳᠤᠷᠠᠳᠪᠠ᠃ ᠡᠭᠦᠨ ᠤ ᠬᠠᠮᠲᠤ᠂ ᠤᠯᠤᠰ ᠤᠨ ᠳᠣᠲᠣᠭᠠᠳᠤ ᠶᠢᠨ ᠬᠡᠰᠡᠭ ᠭᠠᠵᠠᠷ ᠣᠷᠣᠨ ᠳᠤ ᠪᠠᠰᠠ ᠲᠠᠷᠢᠶᠠᠨ ᠭᠠᠵᠠᠷ ᠲᠤ ︽ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ︾ ᠬᠡᠯᠪᠡᠷᠢᠯ ᠭᠠᠷᠴᠠᠶ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠲᠠᠷᠢᠶᠠᠨ ᠭᠠᠵᠠᠷ ᠲᠤ ︿ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ﹀ ᠶᠢ ᠬᠤᠷᠢᠠᠠᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠃       ︽ᠰᠠᠨᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠲᠤ ︿ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ﹀ ᠶᠢ ᠬᠤᠷᠢᠠᠠᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ︾           ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ ︽ᠲᠥᠰᠦᠯ︾ ᠳᠤ᠂ ᠲᠠᠷᠢᠶᠠᠨ ᠭᠠᠵᠠᠷ ᠲᠤ ︽ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ︾ ᠶᠢ ᠬᠤᠷᠢᠠᠠᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠶᠢᠨ ᠴᠢᠬᠤᠯᠠ ᠠᠴᠢ ᠬᠤᠯᠪᠣᠭᠳᠠᠯ ᠢ ᠬᠦᠢᠴᠡᠳ ᠲᠠᠨᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ᠂ ᠲᠠᠯᠠᠪᠠᠶ ᠶᠢ ᠲᠣᠭᠲᠠᠭᠤᠨ ᠪᠠᠶᠢᠯᠭᠠᠬᠤ᠂ ᠤᠨᠠᠯᠲᠠ ᠶᠢ ᠲᠣᠭᠲᠠᠭᠤᠨ ᠪᠠᠶᠢᠯᠭᠠᠬᠤ ᠪᠠᠷ ᠬᠦᠴᠦᠯᠡᠵᠦ᠂ ᠲᠠᠷᠢᠶᠠᠨ ᠭᠠᠵᠠᠷ ᠢ ᠬᠠᠮᠢᠶᠠᠷᠤᠨ ᠡᠵᠡᠮᠳᠡᠬᠦ᠂ ᠪᠥᠲᠥᠭᠡᠨ ᠪᠠᠶᠢᠭᠤᠯᠬᠤ᠂ ᠤᠷᠮᠠᠰᠢᠭᠤᠯᠬᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠲᠤ ︽ᠠᠮᠤ ᠪᠤᠳᠠᠭᠠᠨ ᠤ ᠪᠤᠰᠤ ᠲᠠᠷᠢᠮᠠᠯ ᠳᠠᠷᠢᠬᠤ︾ ᠶᠢ ᠡᠷᠡᠰ ᠬᠤᠷᠢᠠᠠᠯᠠᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠪᠥᠬᠦ ᠣᠷᠣᠨ ᠤ 9300 ᠲᠦᠮᠡᠨ ᠮᠥ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠳᠤ ᠭᠤᠤᠯᠳᠠᠯᠭ᠎ᠠ ᠲᠠᠢ ᠬᠡᠷᠡᠭᠯᠡᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 1 ᠳ᠋ᠦᠩᠰᠢᠭᠤᠷ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠠᠮᠤ ᠪᠤᠳᠠᠭᠠᠨ ᠤ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢ ᠲᠣᠭᠲᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃       ᠬᠤᠶᠠᠷ᠂ ᠲᠠᠷᠢᠶᠠᠨ ᠭᠠᠵᠠᠷ ᠤᠨ ᠡᠬᠢ ᠪᠠᠶᠠᠯᠢᠭ ᠢ ᠬᠡᠷᠬᠢᠨ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠬᠤ ᠪᠣᠶ︖       ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠦᠨᠳᠦᠰᠦ ᠰᠠᠭᠤᠷᠢ ᠮᠥᠨ᠃ ︽ᠲᠥᠰᠦᠯ︾ ᠳᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠲᠤ ᠣᠨᠴᠣᠭᠤᠢ ᠬᠠᠮᠠᠭᠠᠯᠠᠯᠲᠠ ᠪᠠ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠠᠷᠢᠶᠠᠨ ᠭᠠᠵᠠᠷ ᠢ ᠣᠶᠢᠲᠤ ᠭᠠᠵᠠᠷ᠂ ᠴᠡᠴᠡᠷᠯᠢᠭ ᠤᠨ ᠭᠠᠵᠠᠷ ᠵᠡᠷᠭᠡ ᠪᠤᠰᠤᠳ ᠵᠦᠢᠯ ᠳᠤ ᠬᠡᠷᠡᠭᠯᠡᠬᠦ ᠶᠢ ᠴᠢᠩᠭ᠎ᠠ ᠬᠤᠷᠢᠠᠠᠯᠠᠬᠤ ᠬᠡᠷᠡᠭᠲᠡᠶ᠃ ᠡᠭᠦᠨ ᠤ ᠬᠠᠮᠲᠤ ᠲᠠᠷᠢᠶᠠᠨ ᠭᠠᠵᠠᠷ ᠤᠨ ᠠᠰᠢᠭᠯᠠᠯᠲᠠ ᠶᠢᠨ ᠲᠡᠷᠢᠭᠦᠨ ᠲᠠᠰ ᠳᠠᠷᠠᠭᠠᠯᠠᠯ ᠢ ᠲᠣᠳᠣᠷᠬᠠᠶᠢᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠳᠤ ᠭᠤᠤᠯᠳᠠᠯᠭ᠎ᠠ ᠲᠠᠢ ᠬᠡᠷᠡᠭᠯᠡᠵᠦ᠂ ᠢᠯᠠᠩᠭᠤᠶ᠎ᠠ ᠡᠷᠳᠡᠨᠢ ᠰᠢᠰᠢ᠂ ᠪᠣᠭᠤᠳᠠᠶ᠂ ᠲᠤᠲᠤᠷᠭ᠎ᠠ ᠳᠠᠷᠢᠬᠤ ᠲᠠᠯᠠᠪᠠᠶ ᠶᠢ ᠪᠠᠲᠤᠯᠠᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠲᠥᠮᠥᠰᠥ ᠳᠠᠷᠢᠬᠤ ᠲᠠᠯᠠᠪᠠᠶ ᠶᠢ ᠵᠣᠬᠢᠰᠲᠠᠶ ᠲᠦᠪᠰᠢᠨ ᠳᠤ ᠬᠦᠷᠲᠡᠯ᠎ᠡ ᠲᠣᠭᠲᠠᠭᠤᠨ ᠢᠶᠠᠷ ᠰᠡᠷᠭᠦᠭᠡᠵᠦ᠂ ᠭᠤᠤᠯ ᠪᠣᠯᠬᠤ ᠠᠮᠤ ᠪᠤᠳᠠᠭᠠᠨ ᠤ ᠲᠠᠷᠢᠮᠠᠯ ᠤᠨ ᠠᠵᠤ ᠦᠢᠯᠡᠰ ᠤᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ︔ ᠡᠩ ᠤᠨ ᠲᠠᠷᠢᠶᠠᠨ ᠭᠠᠵᠠᠷ ᠢ ᠭᠤᠣᠯᠳᠠᠭᠤ ᠠᠮᠤ ᠪᠤᠳᠠᠭ᠎ᠠ ᠪᠠ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠳᠤ ᠬᠡᠷᠡᠭᠯᠡᠨ᠎ᠡ︔ ᠲᠠᠷᠢᠶᠠᠨ ᠭᠠᠵᠠᠷ ᠢ ᠠᠮᠤ ᠪᠤᠳᠠᠭ᠎ᠠ ᠪᠣᠯᠤᠨ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠡᠩ ᠲᠡᠷᠢᠭᠦᠨ ᠳᠤ ᠬᠠᠩᠭᠠᠭᠰᠠᠨ ᠰᠠᠭᠤᠷᠢᠨ ᠳᠡᠭᠡᠷ᠎ᠡ᠂ ᠢᠳᠡᠭᠡᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠵᠣᠬᠢᠰᠲᠠᠶ ᠬᠡᠷᠡᠭᠯᠡᠵᠦ᠂ ᠵᠠᠬ᠎ᠠ ᠳᠡᠯᠭᠡᠭᠦᠷ ᠤᠨ ᠭᠡᠷᠡᠭᠴᠡᠭᠡ ᠨᠢ ᠢᠯᠡᠷᠬᠡᠶ ᠦᠯᠡᠭᠦᠳᠡᠵᠦ ᠪᠠᠶᠢᠭ᠎ᠠ ᠢᠳᠡᠭᠡᠨ ᠤ ᠪᠤᠰᠤ ᠲᠠᠷᠢᠶᠠᠯᠠᠩ ᠤᠨ ᠪᠦᠲᠦᠭᠡᠭᠳᠡᠬᠦᠨ ᠢ ᠵᠢᠯᠣᠭᠤᠳᠴᠤ ᠪᠠᠶᠢᠭᠠᠳ ᠡᠮᠬᠢ ᠵᠠᠮᠪᠠᠷᠠᠭ᠎ᠠ ᠦᠭᠡᠶ ᠪᠠᠷ ᠬᠥᠭᠵᠢᠭᠦ ᠶᠢ ᠰᠡᠷᠭᠡᠶᠢᠯᠡᠨ᠎ᠠ᠃       ᠭᠤᠷᠪᠠ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠬᠡᠷᠬᠢᠨ ᠴᠢᠩᠭᠠᠳᠬᠠᠬᠤ ᠪᠣᠶ︖       ᠣᠳᠣᠬᠠᠨ ᠳᠤ ᠥᠪᠡᠷᠲᠡᠭᠡᠨ ᠵᠠᠰᠠᠬᠤ ᠣᠷᠣᠨ ᠨᠢᠭᠡᠨᠲᠡ ᠤᠯᠤᠰ ᠤᠨ ᠱᠠᠭᠠᠷᠳᠠᠯᠭ᠎ᠠ ᠶᠣᠰᠣᠭᠠᠷ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠢ ᠵᠢᠷᠤᠵᠤ ᠲᠣᠭᠲᠠᠭᠠᠬᠤ ᠡᠭᠦᠷᠭᠡ ᠶᠢ ᠪᠡᠶᠡᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃       ︽ᠲᠥᠰᠦᠯ︾ ᠳᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠤᠷᠠᠳᠤᠨ ᠭᠠᠷᠭᠠᠪᠠ᠃ ᠨᠢᠭᠡ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠢ ᠵᠢᠷᠤᠵᠤ ᠲᠣᠭᠲᠠᠭᠠᠭᠰᠠᠨ ᠪᠠᠶᠢᠳᠠᠯ ᠢ ︽ᠡᠷᠭᠢᠵᠦ ᠬᠠᠷᠠᠬᠤ︾ ᠠᠵᠢᠯ ᠢ ᠥᠷᠨᠢᠭᠦᠯᠦᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠦ ᠣᠷᠣᠨ ᠢᠶᠠᠷ ᠵᠢᠷᠤᠵᠤ ᠲᠣᠭᠲᠠᠭᠠᠭᠰᠠᠨ ᠭᠠᠵᠠᠷ᠂ ᠬᠠᠷᠠᠯᠲᠠᠲᠤ ᠲᠠᠷᠢᠮᠠᠯ ᠤᠨ ᠲᠠᠯᠠᠪᠠᠶ᠂ ᠠᠮᠤ ᠪᠤᠳᠠᠭᠠᠨ ᠤ ᠤᠨᠠᠯᠲᠠ ᠵᠡᠷᠭᠡ ᠪᠠᠶᠢᠳᠠᠯ ᠢ ᠪᠥᠬᠦ ᠶᠠᠪᠤᠴᠠ ᠪᠠᠷ ᠮᠥᠷᠳᠡᠵᠦ᠂ ᠬᠥᠳᠡᠯᠦᠩᠭᠦᠶ ᠬᠢᠨᠠᠨ ᠬᠡᠮᠵᠢᠵᠦ ᠬᠠᠮᠢᠶᠠᠷᠬᠤ ᠶᠢ ᠴᠢᠩᠳᠠᠯᠠᠨ᠎ᠠ᠃ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠳᠤ ᠳᠤᠷ᠎ᠠ ᠪᠠᠷ ᠲᠣᠬᠢᠷᠠᠭᠤᠯᠤᠯᠲᠠ ᠬᠢᠵᠦ ᠪᠣᠯᠬᠤ ᠦᠭᠡᠶ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠳᠤ ᠲᠣᠭᠲᠠᠭᠠᠯ ᠠᠴᠠ ᠵᠥᠷᠢᠴᠡᠨ ᠲᠠᠷᠢᠮᠠᠯ ᠪᠠ ᠲᠡᠵᠢᠭᠡᠨ ᠦᠷᠡᠵᠢᠭᠦᠯᠬᠦ ᠲᠦᠭᠦᠭᠡᠷᠦᠮᠵᠢ ᠪᠠᠶᠢᠭᠤᠯᠵᠤ ᠪᠣᠯᠬᠤ ᠦᠭᠡᠶ᠂ ᠲᠣᠭᠲᠠᠭᠠᠯ ᠠᠴᠠ ᠵᠥᠷᠢᠴᠡᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠢ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶᠡᠨ ᠳᠤ ᠣᠷᠣᠭᠤᠯᠵᠤ ᠪᠣᠯᠬᠤ ᠦᠭᠡᠶ᠂ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠳᠤ ᠪᠠᠷᠢᠮᠵᠢᠶ᠎ᠠ ᠠᠴᠠ ᠬᠡᠲᠦᠷᠡᠭᠦᠯᠦᠨ ᠲᠠᠷᠢᠶᠠᠨ ᠭᠠᠵᠠᠷ ᠤᠨ ᠣᠶ ᠶᠢᠨ ᠲᠣᠣᠷ ᠪᠠᠶᠢᠭᠤᠯᠵᠤ ᠪᠣᠯᠬᠤ ᠦᠭᠡᠶ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠤᠯᠪᠣᠭᠳᠠᠯ ᠪᠥᠬᠦᠶ ᠲᠠᠷᠢᠶᠠᠯᠠᠩ ᠤᠨ ᠪᠠᠯᠠ ᠮᠥᠩᠭᠦ ᠶᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠳᠠᠰᠢ ᠬᠡᠯᠪᠠᠶᠢᠯᠭᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠤᠷᠢᠳᠠᠪᠠᠷ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠤ ᠳᠣᠲᠣᠷᠠᠬᠢ ᠬᠠᠷᠠᠯᠲᠠᠲᠤ ᠲᠠᠷᠢᠮᠠᠯ ᠳᠠᠷᠢᠬᠤ ᠶᠢ ᠤᠷᠢᠳᠠᠪᠠᠷ ᠳᠡᠮᠵᠢᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠤ ᠬᠠᠷᠠᠯᠲᠠᠳᠤ ᠲᠠᠷᠢᠮᠠᠯ ᠳᠤ ᠴᠢᠭᠯᠡᠭᠦᠯᠦᠨ ᠵᠦᠷᠢᠶᠡᠴᠢᠯᠡᠭᠰᠡᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号